ᠦᠪᠦᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠵᠦ ᠦᠢᠯᠡᠳᠪᠦᠷᠢ ᠪᠡ ᠮᠡᠳᠡᠬᠡ ᠵᠠᠩᠬᠢᠴᠢᠯᠠᠯᠳᠠ᠎ᠶᠢᠨ ᠲᠢᠨᠭᠬᠢᠮ ᠡᠴᠡ ᠤᠢᠯᠠᠭᠠᠬᠰᠠᠨ᠎ᠢᠶᠡᠷ᠂ 《ᠠᠷᠪᠡᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠦᠪᠦᠷ ᠮᠤᠡᠭᠭᠤᠯ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠥᠭ᠌ᠵᠢᠯᠲᠡ ᠵᠢ ᠲᠦᠷᠭᠡᠳᠭᠡᠨ ᠳᠡᠭᠡᠭ᠌ᠰᠢᠯᠡᠭᠦᠯᠵᠦ᠍᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠪᠡᠷ ᠦᠪᠦᠷ ᠮᠤᠡᠭᠭᠤᠯ᠎ᠤᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠂ 1000 ᠳ᠋ᠦᠩᠱᠢᠭᠤᠷ ᠲᠦᠭᠦᠷᠢᠭ᠎ᠤᠨ ᠲᠠᠰ᠎ᠤᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ 10 ᠪᠤᠯᠭᠠᠬᠤ ᠪᠠᠷ ᠪᠤᠢ᠃
ᠦᠪᠦᠷ ᠮᠤᠡᠭᠭᠤᠯ 《ᠨᠡᠭᠡᠭᠡᠯᠳᠡ᠎ᠶᠢᠨ ᠣᠷᠣᠨ᠎ᠤ ᠬᠠᠮᠢᠶᠠᠷᠤᠯᠲᠠ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠠᠬᠢᠭᠤᠯᠬᠤ ᠲᠥᠰᠦᠯ》 ᠢ᠋ ᠲᠣᠭ᠍ᠲᠠᠭᠠᠵᠤ᠂ ᠲᠤᠰ ᠲᠦᠰᠦᠯ᠎ᠳᠤ ᠪᠦᠬᠦ᠌ ᠣᠷᠣᠨ᠎ᠤ ᠬᠦᠷᠢᠶᠡᠯᠡᠩ ᠲᠣᠭᠣᠷᠢᠭ᠎ᠤᠨ 《ᠨᠢᠭᠡ ᠬᠦᠷᠢᠶᠡᠯᠡᠩ᠎ᠳᠦ ᠨᠢᠭᠡ ᠠᠷᠭ᠎ᠠ ᠪᠣᠳᠣᠯᠭ᠎ᠠ᠎ᠲᠠᠶ ᠪᠠᠢᠬᠤ》 ᠶ᠋ᠢ ᠵᠢᠯᠣᠭᠣᠳᠤᠨ ᠬᠠᠮᠢᠶᠠᠷᠤᠯᠲᠠ᠎ᠶ᠋ᠢᠨ ᠪᠠᠢᠭᠤᠯᠤᠯ᠎ᠢ ᠱᠢᠯᠤᠭᠤᠳᠭᠠᠵᠤ᠂ ᠨᠢᠭᠡ ᠪᠦᠯᠦᠭ 《ᠬᠠᠮᠢᠶᠠᠷᠤᠯᠲᠠ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ》 ᠢ᠋ ᠪᠤᠢ ᠪᠣᠯᠭᠠᠨ᠎ᠠ᠃ ᠠᠵᠤ ᠠᠬᠤᠶ᠎ᠶ᠋ᠢᠨ ᠬᠠᠮᠢᠶᠠᠷᠤᠯᠲᠠ᠎ᠶ᠋ᠢᠨ ᠡᠷᠬᠡ ᠮᠡᠳᠡᠯ᠎ᠢ ᠵᠢᠯᠣᠭᠣᠳᠭᠤ ᠴᠢᠨᠠᠷᠲᠠᠶ ᠪᠢᠴᠢᠭ ᠮᠠᠲ᠋ᠧᠷᠢᠶᠠᠯ ᠪᠠᠭᠤᠯᠭᠠᠬᠤ᠎ᠶ᠋ᠢ ᠠᠬᠢᠭᠤᠯᠵᠤ᠂ ᠡᠷᠬᠡ ᠬᠠᠷᠢᠭᠤᠴᠠᠯᠭ᠎ᠠ᠎ᠶ᠋ᠢᠨ ᠲᠣᠳᠣᠷᠬᠠᠶ ᠳᠠᠨᠭᠰᠠ ᠪᠣᠯᠤᠨ ᠠᠵᠢᠯ᠎ᠢᠶᠠᠨ ᠬᠤᠪᠢᠳᠠᠨ ᠵᠣᠬᠢᠴᠠᠭᠤᠯᠬᠤ ᠲᠣᠳᠣᠷᠬᠠᠶ ᠲᠣᠭ᠍ᠲᠠᠴᠠ᠎ᠶ᠋ᠢ ᠪᠠᠢᠭᠤᠯᠤᠨ᠎ᠠ᠃ ᠡᠵᠡᠩᠨᠡᠯᠲᠡ᠎ᠶ᠋ᠢᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ 《ᠬᠠᠮᠢᠶᠠᠷᠤᠯᠲᠠ᠎ᠶ᠋ᠢᠨ ᠵᠥᠪᠯᠡᠯ + ᠺᠣᠮᠫᠠᠨᠢ》 ᠶ᠋ᠢᠨ ᠥᠭᠡᠷᠡᠴᠢᠯᠡᠯᠲᠡ᠎ᠶ᠋ᠢᠨ ᠠᠵᠢᠯ᠎ᠢ ᠠᠬᠢᠭᠤᠯᠤᠨ᠎ᠠ᠃ ᠥᠨᠳᠥᠷ ᠬᠢᠷᠢ ᠲᠦᠪᠱᠢᠨ ᠪᠥᠬᠥᠶ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ ᠲᠥᠰᠦᠯ᠎ᠳᠦ ᠵᠠᠰᠠᠪᠤᠷᠢ ᠣᠷᠣᠭᠤᠯᠵᠤ᠂ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠭᠤᠷᠪᠠᠨ ᠵᠢᠯ ᠬᠤᠪᠢᠶᠠᠨ 100 ᠳ᠋ᠦᠩᠱᠢᠭᠤᠷ ᠲᠥᠭᠥᠷᠢᠭ ᠣᠷᠣᠭᠤᠯᠵᠤ᠂ ᠦᠶ᠋ᠯᠡᠳᠬᠦᠨ᠎ᠦ ᠥᠷᠲᠡᠭ᠎ᠢᠶᠡᠷ ᠥᠨᠳᠥᠷ᠂ ᠳᠠᠯᠳᠠ ᠬᠦᠴᠦᠨ᠎ᠢᠶᠡᠷ ᠶᠡᠬᠡ ᠬᠦᠷᠢᠶᠡᠯᠡᠩ ᠲᠣᠭᠣᠷᠢᠭ᠎ᠢᠶᠠᠷ ᠭᠤᠤᠯᠳᠠᠯᠭ᠎ᠠ ᠪᠣᠯᠭᠠᠨ᠂ ᠡᠳ᠋᠎ᠦᠨ ᠬᠦᠴᠦᠨ᠎ᠢᠶᠡᠨ ᠲᠥᠪᠯᠡᠷᠡᠭᠦᠯᠦᠨ ᠬᠦᠷᠢᠶᠡᠯᠡᠩ ᠲᠣᠭᠣᠷᠢᠭ᠎ᠤᠨ ᠳᠠᠭᠠᠭᠠᠴᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠳᠡᠮᠵᠢᠵᠦ᠍᠂ ᠥᠨᠳᠥᠷ ᠬᠢᠷᠢ ᠲᠦᠪᠱᠢᠨ ᠪᠥᠬᠥᠶ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ 20 ᠣᠷᠴᠢᠮ ᠪᠠᠢᠭᠤᠯᠬᠤ᠎ᠶ᠋ᠢ ᠭᠤᠤᠯᠳᠠᠯᠭ᠎ᠠ᠎ᠲᠠᠶ ᠳᠡᠮᠵᠢᠬᠦ᠌᠎ᠪᠡᠷ ᠲᠥᠯᠥᠪᠯᠡᠵᠦ᠍ ᠪᠣᠶ; 100 ᠳ᠋ᠦᠩᠱᠢᠭᠤᠷ ᠲᠥᠭᠥᠷᠢᠭ᠎ᠦᠨ ᠭᠣᠣᠯᠳᠠᠯᠭ᠎ᠠ᠎ᠲᠠᠶ ᠠᠵᠤ ᠦᠢᠯᠡᠰ᠎ᠦᠨ ᠬᠥᠲᠥᠯᠥᠨ ᠵᠢᠯᠣᠭᠣᠳᠭᠤ ᠰᠠᠭᠤᠷᠢ ᠮᠥᠩᠭᠥ᠎ᠶ᠋ᠢ ᠪᠠᠢᠭᠤᠯᠵᠤ᠂ ᠬᠦᠷᠢᠶᠡᠯᠡᠩ ᠲᠣᠭᠣᠷᠢᠭ᠎ᠤᠨ ᠠᠷᠠᠯᠵᠢᠶᠠᠴᠢᠨ ᠤᠷᠢᠬᠤ ᠲᠠᠲᠠᠬᠤ ᠬᠦᠴᠦᠨ᠎ᠢᠶᠡᠨ ᠳᠡᠭᠡᠭ᠌ᠰᠢᠯᠡᠭᠦᠯᠬᠦ᠌᠎ᠶ᠋ᠢ ᠳᠠᠮᠵᠢᠨ᠎ᠠ᠃ 2027 ᠣᠨ᠎ᠤ ᠰᠡᠭᠦᠯᠴᠢ ᠪᠣᠯᠬᠤ᠎ᠳᠤ᠂ 1000 ᠳ᠋ᠦᠩᠱᠢᠭᠤᠷ ᠲᠦᠭᠦᠷᠢᠭ᠎ᠤᠨ ᠲᠠᠰ᠎ᠤᠨ ᠬᠦᠷᠢᠶᠡᠯᠡᠩ ᠲᠣᠭᠣᠷᠢᠭ᠎ᠢ 7 ᠪᠤᠯᠭᠠᠵᠦ᠂ 500 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ 1000 ᠳ᠋ᠦᠩᠱᠢᠭᠤᠷ ᠲᠦᠭᠦᠷᠢᠭ᠎ᠤᠨ ᠲᠠᠰ᠎ᠠᠴᠠ ᠳᠣᠷᠣᠭ᠍ᠰᠢᠬᠢ ᠬᠦᠷᠢᠶᠡᠯᠡᠩ ᠲᠣᠭᠣᠷᠢᠭ᠎ᠢ 8 ᠪᠤᠯᠭᠠᠬᠤ ᠪᠡᠷ ᠴᠢᠷᠮᠠᠢᠨ᠎ᠠ; 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯᠴᠢ ᠪᠣᠯᠬᠤ᠎ᠳᠤ᠂ 1000 ᠳ᠋ᠦᠩᠱᠢᠭᠤᠷ ᠲᠦᠭᠦᠷᠢᠭ᠎ᠤᠨ ᠲᠠᠰ᠎ᠤᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ 10᠂ 500 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ 1000 ᠳ᠋ᠦᠩᠱᠢᠭᠤᠷ ᠲᠦᠭᠦᠷᠢᠭ᠎ᠤᠨ ᠳᠡᠰ᠎ᠠᠴᠠ ᠳᠣᠷᠣᠭ᠍ᠰᠢᠬᠢ ᠬᠦᠷᠢᠶᠡᠯᠡᠩ ᠲᠣᠭᠣᠷᠢᠭ᠎ᠢ 13 ᠪᠤᠯᠭᠠᠬᠤ ᠪᠡᠷ ᠴᠢᠷᠮᠠᠢᠨ᠎ᠠ ᠭᠡᠵᠦ ᠲᠤᠭᠳᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号