3 ᠰᠠᠷ᠎ᠠ ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠡᠴᠡ ᠬᠠᠮᠲᠤᠷᠠᠨ ᠡᠷᠭᠢᠯᠡᠭ᠌ᠰᠡᠨ 2026 ᠣᠨ ᠤ᠋ 《3·15》 ᠤ᠋ ᠲᠡᠯᠡᠭᠡᠢᠵᠢᠨ ᠬᠡᠷᠡᠭ᠌ᠯᠡᠭ᠌ᠴᠢᠳ ᠤ᠋ᠨ ᠡᠷᠬᠡ ᠠᠱᠢᠭ ᠢ᠋ ᠬᠠᠮᠠᠭᠠᠯᠠᠬᠤ ᠡᠳᠦᠷ ᠵᠢᠴᠢ 《ᠦᠪᠦᠷ ᠮᠤᠨᠭᠭᠤᠯᠳᠤ ᠰᠠᠨᠠᠭ᠎ᠠ ᠠᠮᠤᠷ ᠬᠡᠷᠡᠭᠯᠡᠭᠡ ᠬᠢᠬᠦ》 ᠤᠬᠠᠭᠤᠯᠭ᠎ᠠ ᠶ᠋ᠢᠨ ᠠᠵᠢᠯᠯᠠᠭ᠎ᠠ ᠬᠦᠬᠡᠬᠤᠲᠠ ᠳ᠋ᠤ ᠶᠠᠪᠤᠬᠳᠠᠪᠠ᠃ ᠲᠤᠬᠠᠶ ᠶ᠋ᠢᠨ ᠲᠠᠯᠠᠪᠠᠶ ᠳ᠋ᠤ᠂ ᠡᠯ᠎ᠡ ᠠᠵᠢᠯ ᠲᠥᠷᠥᠯ ᠤ᠋ᠨ ᠬᠤᠳᠠᠯᠳᠤᠭᠠᠴᠢᠳ ᠥᠷᠭᠡᠨ ᠣᠯᠠᠨ ᠬᠡᠷᠡᠭ᠌ᠯᠡᠭ᠌ᠴᠢᠳᠤ 《ᠰᠠᠨᠠᠭ᠎ᠠ ᠠᠮᠤᠷ ᠬᠡᠷᠡᠭ᠌ᠯᠡᠭᠡ ᠬᠢᠬᠦ》᠂ 《ᠪᠤᠳᠠᠳᠤ ᠳᠡᠯᠭᠡᠭᠦᠷ ᠡᠴᠡ ᠬᠤᠳᠠᠯᠳᠤᠨ ᠠᠪᠤᠬᠰᠠᠨ ᠪᠠᠷᠠᠭ᠎ᠠ ᠲᠠᠸᠠᠷ ᠢ᠋ ᠨᠦᠬᠦᠴᠡᠯ ᠰᠢᠯᠲᠠᠭᠠᠨ ᠦᠭᠡᠢ ᠪᠡᠷ ᠪᠤᠴᠠᠭᠠᠵᠤ ᠪᠤᠯᠬᠤ》 ᠬᠤᠤᠰ ᠠᠮᠠᠯᠠᠯᠲᠠ ᠬᠢᠪᠠ᠃
2026 ᠣᠨ ᠤ᠋ ᠪᠦᠬᠦ᠌ ᠤᠯᠤᠰ ᠤ᠋ᠨ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠵᠣᠬᠢᠶᠠᠨ ᠪᠠᠢᠭᠤᠯᠤᠯᠲᠠ ᠶ᠋ᠢᠨ ᠬᠡᠷᠡᠭ᠌ᠯᠡᠭᠡᠨ ᠤ᠋ ᠡᠷᠬᠡ ᠠᠱᠢᠭ ᠢ᠋ ᠬᠠᠮᠠᠭᠠᠯᠠᠬᠤ ᠣᠨ ᠤ᠋ ᠭᠣᠣᠯ ᠰᠡᠳᠦᠪ ᠪᠤᠯ 《ᠬᠡᠷᠡᠭ᠌ᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠬᠦ᠌》 ᠪᠣᠯᠤᠨ᠎ᠠ᠃ ᠲᠣᠰ ᠤᠳᠠᠭ᠎ᠠ ᠶ᠋ᠢᠨ ᠠᠵᠢᠯᠯᠠᠭ᠎ᠠ ᠨᠢ ᠬᠥᠬᠡᠬᠣᠲᠠ ᠶ᠋ᠢᠨ ᠹᠠᠩ ᠵᠧᠩ ᠠᠭᠤᠳᠠᠮ ᠲᠠᠯᠠᠪᠠᠶ ᠳ᠋ᠤ 150 ᠱᠢᠯᠢᠳᠡᠭ ᠬᠤᠳᠠᠯᠳᠤᠭᠠᠴᠢᠨ ᠤ᠋ ᠳᠡᠯᠭᠡᠨ ᠪᠤᠷᠤᠯᠠᠭᠤᠯᠭ᠎ᠠ ᠶ᠋ᠢᠨ ᠪᠠᠢᠷᠢ ᠭᠠᠷᠭᠠᠵᠤ᠂ ᠱᠢᠨ᠎ᠡ ᠰᠣᠷᠭᠣᠭ ᠢᠳᠡᠭᠡᠨ᠂ ᠬᠡᠷ ᠤ᠋ᠨ ᠡᠳ᠋ᠯᠡᠯ ᠬᠡᠷᠡᠭ᠌ᠰᠡᠯ᠂ ᠡᠳᠦᠷ ᠲᠤᠲᠤᠮ ᠤ᠋ᠨ ᠬᠡᠷᠡᠭ᠌ᠯᠡᠭᠡᠨ ᠤ᠋ ᠪᠦᠷᠢᠨ ᠪᠠᠷᠠᠭ᠎ᠠ ᠵᠡᠷᠭᠡ 3000 ᠭᠠᠷᠤᠶ ᠲᠥᠷᠥᠯ ᠵᠦᠶ᠋ᠯ ᠢ᠋ ᠬᠠᠮᠤᠷᠴᠠᠶ᠃ ᠠᠵᠢᠯᠯᠠᠭ᠎ᠠ ᠶ᠋ᠢᠨ ᠠᠬᠤᠶ ᠲᠠᠯᠠᠪᠠᠶ ᠳ᠋ᠤ᠂ ᠬᠠᠮᠢᠶ᠎ᠠ ᠪᠥᠬᠥᠶ ᠰᠠᠯᠠᠭ᠎ᠠ ᠮᠥᠴᠢᠷᠤᠨ ᠬᠢᠨ ᠤᠬᠠᠭᠤᠯᠭ᠎ᠠ ᠶ᠋ᠢᠨ ᠲᠤᠰᠭᠠᠶ ᠲᠣᠭᠣᠷᠢᠭ ᠪᠠ 《ᠡᠷᠬᠡ ᠠᠱᠢᠭ ᠢ᠋ᠶ᠋ᠡᠨ ᠬᠠᠮᠠᠭᠠᠯᠠᠬᠤ ᠱᠢᠭᠤᠳ ᠨᠡᠪᠲᠡᠷᠡᠬᠦ᠌ ᠲᠡᠷᠭᠡ》 ᠶ᠋ᠢᠨ ᠦᠶ᠋ᠯᠡᠴᠢᠯᠡᠭᠡᠨ ᠤ᠋ ᠲᠠᠪᠴᠠᠩ ᠭᠠᠷᠭᠠᠵᠤ᠂ ᠲᠤᠰᠭᠠᠶ ᠬᠥᠮᠦᠨ ᠲᠣᠬᠢᠷᠠᠭᠤᠯᠤᠨ ᠲᠤᠬᠠᠶ ᠶ᠋ᠢᠨ ᠲᠠᠯᠠᠪᠤᠷ ᠲᠦ᠍ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ᠂ ᠬᠡᠷᠡᠭ᠌ᠯᠡᠭᠡᠨ ᠤ᠋ ᠵᠠᠭᠤᠷᠠᠯᠳᠤᠭᠠᠨ ᠢ᠋ ᠲᠦᠷᠭᠡᠨ ᠰᠢᠢᠳᠪᠦᠷᠢᠯᠡᠵᠦ᠂ ᠡᠷᠬᠡ ᠠᠱᠢᠭ ᠢ᠋ᠶ᠋ᠡᠨ ᠬᠠᠮᠠᠭᠠᠯᠠᠬᠤ ᠦᠶ᠋ᠯᠡᠴᠢᠯᠡᠭᠡᠨ ᠤ᠋ 《ᠡᠴᠦᠰ ᠤ᠋ᠨ ᠨᠢᠭᠡ ᠺᠢᠯᠣᠮᠧᠲ᠋ᠷ》 ᠢ᠋ ᠦᠨᠡᠨ ᠬᠦ᠌ ᠨᠡᠪᠲᠡᠷᠡᠭᠦᠯᠪᠡ᠃
ᠥᠪᠡᠷᠲᠡᠭᠡᠨ ᠵᠠᠰᠠᠬᠤ ᠣᠷᠣᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠨᠠᠷᠢᠨ ᠪᠢᠴᠢᠭ ᠤ᠋ᠨ ᠳᠠᠷᠤᠭ᠎ᠠ ᠦᠷᠭᠡᠨ ᠤ᠋ ᠲᠠᠨᠢᠯᠴᠠᠭᠤᠯᠤᠭ᠍ᠰᠠᠨ ᠢ᠋ᠶ᠋ᠡᠷ᠂ 《ᠰᠠᠨᠠᠭ᠎ᠠ ᠠᠮᠤᠷ ᠬᠡᠷᠡᠭ᠌ᠯᠡᠭᠡ ᠬᠢᠬᠦ》᠂ 《ᠪᠤᠳᠠᠳᠤ ᠳᠡᠯᠭᠡᠭᠦᠷ ᠡᠴᠡ ᠬᠤᠳᠠᠯᠳᠤᠨ ᠠᠪᠤᠬᠰᠠᠨ ᠪᠠᠷᠠᠭ᠎ᠠ ᠲᠠᠸᠠᠷ ᠢ᠋ ᠨᠦᠬᠦᠴᠡᠯ ᠰᠢᠯᠲᠠᠭᠠᠨ ᠦᠭᠡᠢ ᠪᠡᠷ ᠪᠤᠴᠠᠭᠠᠵᠤ ᠪᠤᠯᠬᠤ》 ᠬᠤᠤᠰ ᠠᠮᠠᠯᠠᠯᠲᠠ ᠵᠢ ᠬᠡᠷᠡᠭ᠌ᠵᠢᠭᠦᠯᠬᠦ᠌ ᠪᠣᠯ ᠬᠡᠷᠡᠭ᠌ᠯᠡᠭ᠌ᠴᠢᠳ ᠤ᠋ᠨ ᠡᠷᠬᠡ ᠠᠱᠢᠭ ᠢ᠋ ᠬᠠᠮᠠᠭᠠᠯᠠᠬᠤ ᠢᠨᠵᠧᠨᠧᠷᠢᠩ ᠤ᠋ᠨ ᠴᠢᠬᠤᠯᠠ ᠡᠭᠦᠷᠭᠡ ᠪᠣᠯᠤᠨ᠎ᠠ᠃ ᠡᠨᠡ ᠵᠢᠯ᠂ ᠮᠠᠨ ᠤ᠋ ᠣᠷᠣᠨ ᠭᠤᠤᠯᠳᠠᠯᠭ᠎ᠠ ᠲᠠᠢ ᠠᠵᠢᠯ ᠲᠥᠷᠥᠯ ᠤ᠋ᠨ ᠠᠮᠠᠯᠠᠯᠲᠠ ᠶ᠋ᠢᠨ ᠠᠵᠢᠯ ᠢ᠋ ᠨᠠᠷᠢᠯᠢᠭ᠍ᠵᠢᠭᠤᠯᠬᠤ ᠪᠡᠷ ᠳᠠᠮᠵᠢᠭᠤᠯᠤᠨ᠂ ᠢᠯᠡ ᠨᠡᠢᠲᠡᠯᠡᠵᠦ᠍ ᠬᠢᠨᠠᠯᠲᠠ ᠲᠠᠯᠪᠢᠬᠤ ᠲᠣᠭ᠍ᠲᠠᠴᠠ ᠵᠢ ᠪᠦᠷᠢᠨᠱᠢᠬᠦᠯᠦᠨᠡ; ᠰᠠᠨᠠᠭ᠎ᠠ ᠠᠮᠤᠷ ᠬᠡᠷᠡᠭ᠌ᠯᠡᠭᠡᠬᠢᠬᠦ ᠲᠥᠪᠯᠡᠷᠡᠭ᠌ᠰᠡᠨ ᠣᠷᠣᠨ ᠢ᠋ ᠪᠠᠢᠭᠤᠯᠵᠤ᠂ ᠬᠥᠲᠥᠯᠥᠨ ᠳᠠᠭᠠᠭᠤᠯᠵᠤ ᠳᠠᠢᠴᠢᠯᠠᠬᠤ ᠦᠶ᠋ᠯᠡᠳᠦᠯ ᠢ᠋ ᠪᠠᠳᠠᠷᠠᠭᠤᠯᠤᠨ᠎ᠠ; ᠵᠥᠪ ᠴᠢᠭ᠌ᠯᠡᠯ ᠢ᠋ᠶ᠋ᠡᠷ ᠤᠷᠮᠠᠱᠢᠭᠤᠯᠬᠤ ᠲᠥᠷᠥ ᠶ᠋ᠢᠨ ᠪᠣᠳᠣᠯᠭ᠎ᠠ ᠵᠢ ᠭᠠᠷᠭᠠᠵᠤ᠂ ᠠᠮᠠᠯᠠᠯᠲᠠ ᠬᠢᠵᠦ ᠠᠮᠠᠯᠠᠯᠲᠠ ᠪᠠᠨ ᠦᠶ᠋ᠯᠡᠳᠦᠯᠭᠡᠵᠢᠭᠦᠯᠬᠦ᠌ ᠵᠢ ᠮᠥᠩᠭᠥᠨ ᠭᠦᠶ᠋ᠯᠭᠡᠭᠡᠨ ᠤ᠋ ᠳᠡᠮᠵᠢᠯᠭᠡᠯᠦᠭᠡ ᠬᠣᠯᠪᠣᠭ᠍ᠳᠠᠭᠤᠯᠬᠤ ᠠᠷᠭ᠎ᠠ ᠬᠡᠮᠵᠢᠶ᠎ᠡ ᠠᠪᠴᠤ᠌᠂ 《ᠬᠤᠤᠰ ᠠᠮᠠᠯᠠᠯᠲᠠ》 ᠬᠢᠭᠰᠡᠨ ᠠᠵᠤ ᠠᠬᠤᠢᠯᠠᠯ ᠤ᠋ᠨ ᠬᠠᠮᠤᠷᠬᠤ ᠬᠡᠪᠴᠢᠶ᠎ᠡ ᠪᠠ ᠨᠥᠯᠥᠭᠡᠯᠡᠬᠦ᠌ ᠬᠦᠴᠦᠨ ᠢ᠋ ᠲᠠᠰᠤᠷᠠᠯᠲᠠ ᠥᠬᠡᠶ ᠥᠷᠭᠡᠳᠭᠡᠨ᠂ ᠨᠡᠢᠭᠡᠮ ᠤ᠋ᠨ ᠣᠢᠯᠠᠭᠠᠬᠤ ᠬᠡᠮᠵᠢᠶ᠎ᠡ ᠪᠠ ᠣᠯᠠᠨ ᠲᠦᠮᠡᠨ ᠤ᠋ ᠮᠡᠳᠡᠷᠡᠮᠵᠢ ᠶ᠋ᠢᠨ ᠬᠡᠮᠵᠢᠶ᠎ᠡ ᠵᠢ ᠳᠡᠭᠡᠭ᠌ᠰᠢᠯᠡᠭᠦᠯᠵᠦ᠍᠂ 《ᠬᠡᠷᠡᠭ᠌ᠯᠡᠭ᠌ᠴᠢᠳ ᠤ᠋ᠨ ᠨᠡᠢᠭᠡᠮᠯᠢᠭ ᠡᠴᠡ ᠬᠥᠲᠥᠯᠥᠨ ᠵᠢᠯᠣᠭᠣᠳᠬᠤ᠂ ᠠᠵᠤ ᠠᠬᠤᠢᠯᠠᠯ ᠰᠠᠢᠨ ᠳᠤᠷ᠎ᠠ ᠡᠴᠡ ᠪᠠᠨ ᠤᠷᠤᠯᠴᠠᠬᠤ᠂ ᠬᠡᠷᠡᠭ᠌ᠯᠡᠭ᠌ᠴᠢᠳ ᠮᠡᠳᠡᠷᠡᠬᠦ᠌᠂ ᠠᠮᠠᠯᠠᠯᠳᠠ ᠬᠢᠪᠡᠯ ᠳᠠᠷᠤᠶ ᠬᠢᠵᠠᠭᠠᠷᠯᠠᠯ ᠬᠦᠷᠲᠡᠬᠦ》 ᠠᠮᠤᠷ ᠲᠦᠪᠱᠢᠨ ᠪᠥᠭᠡᠳ ᠢᠲᠡᠭᠡᠮᠵᠢᠲᠡᠶ ᠬᠡᠷᠡᠭ᠌ᠯᠡᠭᠡ ᠶ᠋ᠢᠨ ᠣᠷᠴᠢᠨ ᠨᠥᠬᠥᠴᠡᠯ ᠢ᠋ ᠬᠦᠴᠦᠯᠡᠨ ᠪᠠᠢᠭᠤᠯᠤᠨ᠎ᠠ᠃