ᠥᠪᠦᠷ ᠮᠤᠩᠭᠤᠯ ᠬᠡᠬᠡᠷ᠎ᠡ ᠵᠢᠨ ᠠᠮᠢᠳᠠᠨ ᠤᠷᠭᠤᠮᠠᠯ᠎ᠢ ᠰᠠᠢᠳᠤᠷ ᠬᠠᠮᠠᠭᠠᠯᠠᠵᠤ ᠪᠤᠢ
2026-03-17 16:43:43
ᠵᠣᠬᠢᠶᠠᠭ᠍ᠴᠢ᠄
​ ᠨᠠᠮᠤᠭ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠬᠴᠢ ᠥᠪᠥᠷ ᠮᠣᠩᠭᠣᠯ᠎ᠤᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠣᠢᠯᠠᠭᠠᠭ᠍ᠰᠠᠨ ᠵᠢᠡᠷ᠂ 2026 ᠣᠨ᠎ᠳᠤ ᠥᠪᠥᠷ ᠮᠣᠩᠭᠣᠯ ᠤ᠋ᠨ ᠬᠠᠪᠤᠷ᠎ᠦᠨ ᠤᠯᠠᠷᠢᠯ ᠤ᠋ᠨ ᠤᠰᠤᠨ ᠤ᠋ ᠱᠢᠪᠠᠭᠤ ᠵᠢᠨ ᠳᠦᠷᠰᠦ ᠵᠢᠨ ᠰᠦᠷᠦᠭ᠎ᠦᠨ ᠲᠣᠭ᠎ᠠ ᠲᠣᠭ᠍ᠲᠠᠭᠤᠨ ᠵᠢᠡᠷ ᠨᠡᠮᠡᠭ᠌ᠳᠡᠵᠦ᠍᠂ 18.5 ᠲᠦᠮᠡ ᠭᠠᠷᠤᠶ ᠪᠣᠯᠵᠣ᠂ ᠳᠡᠭᠡᠷ᠎ᠡ ᠵᠢᠯ᠎ᠦᠨ᠎ᠬᠢ ᠡᠴᠡ 2 ᠲᠦᠮᠡ ᠭᠠᠷᠤᠶ ᠨᠡᠮᠡᠭ᠌ᠳᠡᠵᠡᠶ᠃ ᠡᠭᠦᠨ᠎ᠳᠦ ᠠᠩᠬᠢᠷ᠎ᠤᠨ ᠡᠪᠦᠯᠵᠢᠬᠦ᠌ ᠳᠦᠷᠰᠦ ᠵᠢᠨ ᠰᠦᠷᠦᠭ ᠨᠢ ᠪᠦᠬᠦ᠌ ᠪᠥᠮᠪᠥᠷᠴᠡᠭ᠎ᠦᠨ 50% ᠡᠴᠡ ᠳᠡᠭᠡᠭ᠌ᠰᠢᠬᠢ ᠶ᠋ᠢ ᠡᠵᠡᠯᠡᠪᠡ᠃

ᠥᠪᠥᠷ ᠮᠣᠩᠭᠣᠯ᠎ᠳᠤ ᠣᠲᠣ 613 ᠵᠦᠶ᠋ᠯ᠎ᠦᠨ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ᠂ 2619 ᠵᠦᠶ᠋ᠯ᠎ᠦᠨ ᠬᠡᠭᠡᠷ᠎ᠡ ᠵᠢᠨ ᠴᠤᠷᠭᠤ ᠱᠢᠷᠬᠡᠭ᠌ᠲᠦ ᠪᠠᠭᠴᠠ ᠤᠷᠭᠤᠮᠠᠯ ᠪᠠᠢᠵᠤ᠂ ᠤᠯᠤᠰ ᠤ᠋ᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠵᠠᠩᠭᠢᠯᠠᠭ᠎ᠠ ᠵᠢᠨ ᠣᠷᠣᠨ ᠪᠦᠰᠡ ᠪᠣᠯᠤᠨ᠎ᠠ᠃ ᠣᠢᠷ᠎ᠠ ᠵᠢᠨ ᠵᠢᠯ᠎ᠦᠨ ᠲᠤᠷᠰᠢ᠂ ᠥᠪᠥᠷ ᠮᠣᠩᠭᠣᠯ ᠱᠢᠰᠲ᠋ᠧᠮ᠎ᠲᠡᠶ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠣᠨᠢᠨ ᠳᠡᠭᠡᠷ᠎ᠡ᠎ᠨᠢ ᠬᠦᠴᠦᠯᠡᠵᠦ᠍᠂ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠵᠠᠢ᠃

ᠥᠪᠥᠷ ᠮᠣᠩᠭᠣᠯ ᠲᠤᠬᠠᠶ ᠵᠢᠨ ᠭᠠᠵᠠᠷ᠎ᠲᠤᠨᠢ ᠬᠠᠮᠠᠭᠠᠯᠠᠬᠤ ᠪᠠ ᠨᠡᠭᠦᠯᠭᠡᠬᠦ᠌ ᠶ᠋ᠢ ᠵᠡᠷᠭᠡ᠎ᠪᠡᠷ ᠴᠢᠬᠤᠯᠠᠴᠢᠯᠠᠬᠤ ᠶ᠋ᠢ ᠪᠠᠷᠢᠮᠲᠠᠯᠠᠵᠤ᠂ ᠬᠣᠪᠣᠷ ᠴᠤᠬᠠᠭ ᠮᠥᠬᠥᠬᠦ᠌ ᠱᠢᠬᠠᠭ᠍ᠰᠠᠨ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠮᠠᠭᠠᠯᠠᠬᠤ ᠡᠷᠴᠢᠮ ᠵᠢᠡᠨ ᠦᠷᠭᠦᠯᠵᠢᠯᠡᠨ ᠴᠢᠩᠭᠠᠳᠭᠠᠵᠤ᠂ ᠬᠡᠭᠡᠷ᠎ᠡ ᠵᠢᠨ ᠠᠮᠢᠲᠠᠨ ᠢ᠋ ᠬᠤᠷᠢᠶᠠᠮᠵᠢᠯᠠᠨ ᠠᠪᠤᠷᠬᠠᠸ᠋ ᠱᠢᠰᠲ᠋ᠧᠮ ᠢ᠋ ᠲᠠᠰᠤᠷᠠᠯᠲᠠ ᠥᠬᠡᠶ ᠲᠡᠭᠦᠯᠳᠡᠷᠵᠢᠭᠦᠯᠤᠨ᠂ ᠤᠯᠤᠰ ᠤ᠋ᠨ ᠭᠤᠤᠯᠳᠠᠯᠭ᠎ᠠ᠎ᠲᠠᠶ ᠬᠠᠮᠠᠭᠠᠯᠠᠬᠤ ᠬᠡᠭᠡᠷ᠎ᠡ ᠵᠢᠨ ᠤᠷᠭᠤᠮᠠᠯ ᠢ᠋ ᠴᠢᠩᠭ᠎ᠠ ᠬᠠᠮᠠᠭᠠᠯᠠᠵᠤ᠂ ᠬᠠᠮᠠᠭᠠᠯᠠᠯᠲᠠ ᠬᠠᠮᠢᠶᠠᠷᠤᠯᠲᠠ ᠵᠢᠨ ᠱᠢᠨᠵᠢᠯᠡᠬᠦ᠌ ᠤᠬᠠᠭᠠᠨᠴᠢᠯᠠᠯᠲᠠ᠂ ᠵᠢᠷᠤᠮᠵᠢᠯᠲᠠ ᠵᠢᠨ ᠲᠦᠪᠱᠢᠨ ᠢ᠋ ᠦᠷᠭᠦᠯᠵᠢᠯᠡᠨ ᠳᠡᠭᠡᠭ᠌ᠰᠢᠯᠡᠭᠦᠯᠪᠡ᠃ 2025 ᠣᠨ᠎ᠳᠤ᠂ ᠪᠥᠬᠥ᠌ ᠣᠷᠣᠨ ᠤ᠋ 51 ᠬᠡᠭᠡᠷ᠎ᠡ ᠵᠢᠨ ᠠᠮᠢᠲᠠᠨ ᠢ᠋ ᠠᠪᠤᠷᠠᠨ ᠲᠤᠰᠠᠯᠠᠬᠤ ᠥᠷᠲᠡᠭᠡ ᠲᠣᠭᠣᠳᠠᠭ᠂ ᠠᠯ ᠰᠡᠭᠦᠯ ᠵᠡᠷᠭᠡ 3502 ᠬᠣᠪᠣᠷ ᠴᠤᠬᠠᠭ ᠠᠮᠢᠲᠠᠨ ᠢ᠋ ᠬᠤᠷᠢᠶᠠᠮᠵᠢᠯᠠᠨ ᠠᠪᠤᠷᠠᠪᠠ᠃

ᠥᠪᠥᠷ ᠮᠣᠩᠭᠣᠯ ᠱᠢᠪᠠᠭᠤᠨ ᠤ᠋ ᠲᠥᠷᠥᠯ᠎ᠦᠨ ᠨᠡᠭᠦᠳᠡᠯ᠎ᠦᠨ ᠵᠠᠮ᠂ ᠴᠢᠬᠤᠯᠠ ᠦᠷᠡᠵᠢᠯ᠎ᠦᠨ ᠭᠠᠵᠠᠷ᠂ ᠡᠪᠦᠯᠵᠢᠬᠦ᠌ ᠭᠠᠵᠠᠷ᠂ ᠠᠮᠠᠷᠠᠬᠤ ᠭᠠᠵᠠᠷ ᠵᠢᠴᠢ ᠪᠠᠢᠭᠠᠯᠢ ᠵᠢᠨ ᠬᠠᠮᠠᠭᠠᠯᠠᠯᠲᠠ ᠵᠢᠨ ᠭᠠᠵᠠᠷ ᠵᠡᠷᠭᠡ ᠵᠠᠩᠭᠢᠯᠠᠭ᠎ᠠ ᠵᠢᠨ ᠣᠷᠣᠨ ᠪᠦᠰᠡ᠎ᠳᠦ ᠠᠩᠬᠠᠷᠤᠯ ᠵᠢᠡᠨ ᠲᠥᠪᠯᠡᠷᠡᠭᠦᠯᠵᠦ᠍᠂ ᠪᠠᠢᠩᠭᠤ ᠵᠢᠨ ᠲᠣᠭᠣᠷᠢᠨ ᠬᠠᠮᠠᠭᠠᠯᠠᠬᠤ ᠪᠠ ᠲᠤᠰᠭᠠᠢᠵᠢᠭ᠍ᠰᠠᠨ ᠬᠢᠨᠠᠨ ᠬᠡᠮᠵᠢᠬᠦ᠌ ᠲᠣᠭ᠍ᠲᠠᠴᠠ ᠶ᠋ᠢ ᠪᠠᠢᠭᠤᠯᠤᠨ ᠪᠦᠷᠢᠨᠱᠢᠭᠦᠯᠵᠦ᠍᠂ ᠬᠡᠭᠡᠷ᠎ᠡ ᠵᠢᠨ ᠠᠮᠢᠲᠠᠨ ᠤᠷᠭᠤᠮᠠᠯ ᠤ᠋ᠨ ᠣᠷᠣᠱᠢᠨ ᠠᠮᠢᠳᠤᠷᠠᠬᠤ ᠣᠷᠴᠢᠨ ᠨᠥᠬᠥᠴᠡᠯ ᠢ᠋ ᠦᠷᠭᠦᠯᠵᠢᠯᠡᠨ ᠱᠢᠯᠢᠳᠡᠭ᠌ᠵᠢᠭᠦᠯᠵᠤ᠂ ᠠᠮᠢ ᠠᠬᠤᠶ ᠵᠢᠨ ᠱᠢᠰᠲ᠋ᠧᠮ᠎ᠦᠨ ᠶᠠᠰᠤ ᠴᠢᠨᠠᠷ ᠪᠣᠯᠤᠨ ᠲᠣᠭ᠍ᠲᠠᠪᠤᠷᠢᠲᠤ ᠴᠢᠨᠠᠷ ᠢ᠋ ᠲᠠᠰᠤᠷᠠᠯᠲᠠ ᠥᠬᠡᠶ ᠴᠢᠩᠭᠠᠷᠠᠭᠤᠯᠪᠠ᠃ 2025 ᠣᠨ ᠤ᠋ ᠬᠠᠪᠤᠷ ᠨᠠᠮᠤᠷ ᠤ᠋ᠨ ᠤᠰᠤᠨ ᠤ᠋ ᠱᠢᠪᠠᠭᠤ ᠵᠢᠨ ᠢᠵᠢᠯ ᠠᠯᠬᠤᠮ ᠤ᠋ᠨ ᠬᠢᠨᠠᠨ ᠬᠡᠮᠵᠢᠯᠲᠡ᠎ᠳᠦ ᠨᠡᠢᠲᠡ 89.3 ᠲᠦᠮᠡ ᠭᠠᠷᠤᠶ ᠱᠢᠪᠠᠭᠤᠨ ᠤ᠋ ᠲᠥᠷᠥᠯ ᠢ᠋ ᠲᠡᠮᠳᠡᠭ᠌ᠯᠡᠵᠦ᠍᠂ ᠡᠭᠦᠨ᠎ᠳᠦ ᠭᠤᠤᠯᠳᠠᠯᠭ᠎ᠠ᠎ᠲᠠᠶ ᠬᠠᠮᠠᠭᠠᠯᠠᠬᠤ ᠪᠣᠳᠠᠰ ᠤ᠋ᠨ ᠲᠥᠷᠥᠯ 20.4 ᠲᠦᠮᠡ ᠭᠠᠷᠤᠶ ᠪᠠᠢᠪᠠ᠃ 2026 ᠣᠨ ᠤ᠋ ᠡᠪᠦᠯᠵᠢᠬᠦ᠌ ᠤᠰᠤᠨ ᠤ᠋ ᠱᠢᠪᠠᠭᠤ ᠵᠢᠨ ᠢᠵᠢᠯ ᠠᠯᠬᠤᠮ ᠵᠢᠡᠷ ᠬᠢᠨᠠᠨ ᠬᠡᠮᠵᠢᠭ᠌ᠰᠡᠨ ᠲᠡᠮᠳᠡᠭ᠌ᠯᠡᠯ᠎ᠳᠦ ᠠᠩᠬ᠎ᠠ ᠤᠳᠠᠭ᠎ᠠ ᠠᠯᠠᠭ ᠲᠦᠷᠦᠭᠦᠲᠤ ᠨᠤᠭᠤᠰᠤ ᠵᠢᠨ ᠡᠪᠦᠯᠵᠢᠭ᠌ᠰᠡᠨ ᠢ᠋ ᠲᠡᠮᠳᠡᠭ᠌ᠯᠡᠵᠦ᠍᠂ ᠣᠷᠣᠱᠢᠨ ᠠᠮᠢᠳᠤᠷᠠᠬᠤ ᠭᠠᠵᠠᠷ ᠤ᠋ᠨ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠭᠰᠠᠨ ᠢ᠋ ᠭᠡᠷᠡᠴᠢᠯᠡᠭᠰᠡᠨ ᠪᠠᠢᠨ᠎ᠠ᠃

ᠥᠪᠥᠷ ᠮᠣᠩᠭᠣᠯ ᠬᠡᠭᠡᠷ᠎ᠡ ᠵᠢᠨ ᠠᠮᠢᠲᠠᠨ ᠤᠷᠭᠤᠮᠠᠯ᠎ᠳᠤ ᠴᠣᠬᠢᠯᠲᠠ ᠥᠭ᠌ᠬᠦ ᠬᠠᠤᠯᠢ ᠪᠤᠰᠤ ᠠᠷᠠᠯᠵᠢᠶᠠᠨ ᠤ᠋ ᠲᠢᠩᠬᠢᠮ᠎ᠦᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ ᠤ᠋ᠨ ᠲᠦᠷᠢᠮ᠎ᠳᠦ ᠲᠦᠱᠢᠭ᠌ᠯᠡᠨ᠂ ᠠᠯᠢ ᠣᠯᠠᠨ ᠲᠤᠰᠭᠠᠶ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ ᠶ᠋ᠢ ᠥᠷᠨᠢᠭᠦᠯᠵᠦ᠍᠂ ᠬᠡᠭᠡᠷ᠎ᠡ ᠵᠢᠨ ᠠᠮᠢᠲᠠᠨ ᠤᠷᠭᠤᠮᠠᠯ ᠵᠢᠴᠢ ᠲᠡᠭᠦᠨ᠎ᠦ ᠪᠦᠲᠦᠭᠡᠭ᠌ᠳᠡᠬᠦᠨ ᠢ᠋ ᠳᠤᠷ᠎ᠠ᠎ᠪᠠᠷ ᠠᠩᠨᠠᠬᠤ᠂ ᠮᠠᠯᠲᠠᠬᠤ᠂ ᠬᠠᠤᠯᠢ ᠪᠤᠰᠤ᠎ᠪᠠᠷ ᠠᠷᠠᠯᠵᠢᠶᠠᠯᠠᠬᠤ ᠵᠡᠷᠭᠡ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠠᠮᠢ ᠠᠬᠤᠶ ᠵᠢᠨ ᠠᠮᠤᠷ ᠲᠦᠪᠱᠢᠨ᠎ᠦ ᠬᠣᠷᠢᠭ᠎ᠠ ᠱᠤᠭᠤᠮ ᠢ᠋ ᠪᠠᠲᠤ ᠰᠠᠬᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号