ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ ᠬᠠᠪᠤᠷ ᠤ᠋ᠨ ᠰᠤᠷᠭᠠᠭᠤᠯᠢ ᠡᠬᠢᠯᠡᠬᠦ ᠤᠯᠠᠷᠢᠯ ᠤ᠋ᠨ ᠢᠳᠡᠭᠡᠨ ᠪᠠ ᠬᠡᠷᠡᠭᠯᠡᠭᠡᠨ ᠤ᠋ ᠵᠦᠢᠯᠡᠰ ᠤ᠋ᠨ ᠠᠮᠤᠷ ᠲᠦᠪᠰᠢᠨ ᠢ᠋ ᠪᠠᠲᠤᠯᠠᠬᠤ ᠶ᠋ᠢᠨ ᠲᠦᠯᠦᠭᠡ᠂ ᠤᠢᠷ᠎ᠠ ᠳ᠋ᠤ ᠦᠪᠤᠷ ᠮᠤᠨᠭᠭᠤᠯ ᠤ᠋ᠨ ᠡᠯ᠎ᠡ ᠱᠠᠲᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠦᠴᠢᠷᠤᠨ ᠬᠢᠨ ᠪᠦᠬᠦ ᠤᠷᠤᠨ ᠤ᠋ ᠡᠯ᠎ᠡ ᠰᠤᠷᠭᠠᠭᠤᠯᠢ᠂ ᠴᠡᠴᠡᠷᠯᠢᠭ ᠵᠢᠴᠢ ᠡᠷᠭᠢᠨ ᠲᠤᠭᠤᠷᠢᠨ ᠤ᠋ ᠡᠵᠡᠨᠭᠨᠡᠯᠲᠡ ᠶ᠋ᠢᠨ ᠭᠤᠤᠯ ᠴᠤᠬᠴᠠ ᠳ᠋ᠤ ᠪᠦᠬᠦ ᠲᠠᠯ᠎ᠠ ᠶ᠋ᠢᠨ ᠲᠤᠰᠬᠠᠢ ᠪᠠᠢᠴᠠᠭᠠᠯᠲᠠ ᠦᠷᠨᠢᠭᠦᠯᠪᠡ᠃
ᠬᠦᠬᠡᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠵᠢᠨ ᠬᠢᠨ ᠰᠤᠷᠤᠬᠴᠢᠳ ᠤ᠋ᠨ ᠬᠡᠷᠡᠭᠯᠡᠭᠡᠨ ᠤ᠋ ᠵᠦᠢᠯᠡᠰ᠂ ᠲᠤᠬᠯᠠᠭᠠᠮ ᠤ᠋ᠨ ᠠᠮᠤᠷ ᠲᠦᠪᠰᠢᠨ ᠤ᠋ ᠲᠤᠰᠬᠠᠢ ᠪᠠᠢᠴᠠᠭᠠᠯᠲᠠ ᠦᠷᠨᠢᠭᠦᠯᠪᠡ᠃ ᠪᠤᠭᠤᠳᠤ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠵᠢᠨ ᠬᠢᠨ ᠨᠠᠢᠳᠠᠨ ᠬᠠᠮᠢᠶᠠᠷᠤᠭᠤᠯᠬᠤ ᠪᠠᠢᠭᠤᠯᠤᠮᠵᠢ ᠳ᠋ᠤ ᠰᠤᠷᠭᠠᠭᠤᠯᠢ ᠡᠬᠢᠯᠡᠬᠦ ᠡᠴᠡ ᠡᠮᠦᠨᠡᠬᠢ ᠢᠳᠡᠭᠡᠨ ᠤ᠋ ᠠᠮᠤᠷ ᠲᠦᠪᠰᠢᠨ ᠤ᠋ ᠪᠠᠢᠴᠠᠭᠠᠯᠲᠠ ᠦᠷᠨᠢᠭᠦᠯᠪᠡ᠃ ᠬᠦᠯᠦᠨ ᠪᠤᠢᠷ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠵᠢᠨ ᠬᠢᠨ ᠳᠤᠮᠳᠠᠳᠤ ᠪᠠᠭ᠎ᠠ ᠰᠤᠷᠭᠠᠭᠤᠯᠢ ᠶ᠋ᠢᠨ ᠬᠤᠭᠤᠯᠠᠨ ᠭᠡᠷ ᠲᠦ᠍ ᠢᠳᠡᠭᠡᠨ ᠤ᠋ ᠠᠮᠤᠷ ᠲᠦᠪᠰᠢᠨ ᠤ᠋ ᠲᠦᠷᠭᠡᠨ ᠪᠠᠢᠴᠠᠭᠠᠯᠲᠠ ᠶ᠋ᠢᠨ ᠠᠵᠢᠯ ᠦᠷᠨᠢᠭᠦᠯᠪᠡ᠃ ᠬᠢᠨᠭᠭᠠᠨ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶᠠᠵᠢᠨ ᠬᠢᠨ ᠳᠤᠮᠳᠠᠳᠤ ᠪᠠᠭ᠎ᠠ ᠰᠤᠷᠭᠠᠭᠤᠯᠢ ᠶ᠋ᠢᠨ ᠬᠤᠭᠤᠯᠠᠨ ᠭᠡᠷ ᠲᠦ᠍ ᠭᠦᠨᠵᠡᠭᠡᠢᠷᠡᠨ ᠢᠳᠡᠭᠡᠨ ᠤ᠋ ᠠᠮᠤᠷ ᠲᠦᠪᠰᠢᠨ ᠤ᠋ ᠬᠢᠨᠠᠨ ᠪᠠᠢᠴᠠᠭᠠᠯᠲᠠ ᠦᠷᠨᠢᠭᠦᠯᠪᠡ᠃ ᠲᠦᠨᠭᠯᠢᠶᠤᠤ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶᠠᠵᠢᠨ ᠬᠢᠨ ᠬᠡᠦᠬᠡᠳ ᠤ᠋ᠨ ᠲᠤᠬᠯᠠᠭᠠᠮ ᠪᠤᠯᠤᠨ ᠰᠤᠷᠤᠬᠴᠢᠳ ᠤ᠋ᠨ ᠬᠡᠷᠡᠭᠯᠡᠭᠡᠨ ᠤ᠋ ᠵᠦᠢᠯᠡᠰ ᠤ᠋ᠨ ᠲᠤᠰᠬᠠᠢ ᠬᠢᠨᠠᠨ ᠪᠠᠢᠴᠠᠭᠠᠯᠲᠠ ᠦᠷᠨᠢᠭᠦᠯᠪᠡ᠃ ᠤᠯᠠᠭᠠᠨᠬᠠᠲᠠ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶᠠᠵᠢᠨ ᠬᠢᠨ ᠬᠡᠦᠬᠡᠳ ᠤ᠋ᠨ ᠴᠡᠴᠡᠷᠯᠢᠭ ᠲᠦ᠍ ᠢᠳᠡᠭᠡᠨ ᠤ᠋ ᠠᠮᠤᠷ ᠲᠦᠪᠰᠢᠨ ᠤ᠋ ᠲᠤᠰᠬᠠᠢ ᠪᠠᠢᠴᠠᠭᠠᠯᠲᠠ ᠦᠷᠨᠢᠭᠦᠯᠪᠡ᠃ ᠰᠢᠯᠢ ᠶ᠋ᠢᠨ ᠭᠤᠤᠯ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶᠠᠵᠢᠨ ᠬᠢᠨ ᠰᠤᠷᠭᠠᠭᠤᠯᠢ ᠶ᠋ᠢᠨ ᠬᠦᠷᠢᠶᠡᠨ ᠤ᠋ ᠬᠤᠭᠤᠯᠠᠨ ᠭᠡᠷ ᠤ᠋ᠨ ᠢᠳᠡᠭᠡᠨ ᠤ᠋ ᠡᠵᠡᠨᠭᠨᠡᠯᠲᠡ ᠶ᠋ᠢᠨ ᠵᠦᠪᠰᠢᠶᠡᠷᠡᠯ ᠤ᠋ᠨ ᠦᠨᠡᠮᠯᠡᠯ᠂ ᠠᠵᠢᠯᠯᠠᠬᠰᠠᠳ ᠤ᠋ᠨ ᠡᠷᠡᠭᠦᠯ ᠮᠡᠨᠲᠦ ᠶ᠋ᠢᠨ ᠬᠠᠮᠢᠶᠠᠷᠤᠯᠲᠠ᠂ ᠲᠦᠭᠦᠬᠡᠢ ᠮᠠᠲᠸᠷᠢᠶᠠᠯ ᠢ᠋ ᠬᠤᠳᠠᠯᠳᠤᠨ ᠠᠪᠴᠤ ᠬᠠᠳᠠᠭᠠᠯᠠᠬᠤ ᠵᠡᠷᠭᠡ ᠵᠠᠨᠭᠭᠢᠯᠠᠭᠠ ᠶ᠋ᠢᠨ ᠬᠦᠷᠢᠶᠡᠨ ᠳ᠋ᠤ ᠪᠦᠬᠦ ᠲᠠᠯ᠎ᠠ ᠶ᠋ᠢᠨ ᠪᠠᠢᠴᠠᠭᠠᠯᠲᠠ ᠦᠷᠨᠢᠭᠦᠯᠪᠡ᠃ ᠤᠯᠠᠭᠠᠨᠴᠠᠪ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠵᠢᠨ ᠬᠢᠨ ᠶᠡᠬᠡ ᠳᠡᠭᠡᠳᠦ ᠰᠤᠷᠭᠠᠭᠤᠯᠢ ᠶ᠋ᠢᠨ ᠬᠤᠭᠤᠯᠠᠨ ᠭᠡᠷ ᠤ᠋ᠨ ᠢᠳᠡᠭᠡᠨ ᠤ᠋ ᠠᠮᠤᠷ ᠲᠦᠪᠰᠢᠨ ᠳ᠋ᠤ ᠬᠢᠨᠠᠯᠲᠠ ᠪᠠᠢᠴᠠᠭᠠᠯᠲᠠ ᠦᠷᠨᠢᠭᠦᠯᠪᠡ᠃ ᠤᠷᠳᠤᠰ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶᠠᠵᠢᠨ ᠬᠢᠨ ᠳᠤᠮᠳᠠᠳᠤ ᠪᠠᠭ᠎ᠠ ᠰᠤᠷᠭᠠᠭᠤᠯᠢ ᠶ᠋ᠢᠨ ᠬᠤᠭᠤᠯᠠᠨ ᠭᠡᠷ ᠲᠦ᠍ ᠬᠠᠪᠤᠷ ᠤ᠋ᠨ ᠤᠯᠠᠷᠢᠯ ᠤ᠋ᠨ ᠰᠤᠷᠭᠠᠭᠤᠯᠢ ᠶ᠋ᠢᠨ ᠬᠦᠷᠢᠶᠡᠨ ᠤ᠋ ᠲᠤᠰᠬᠠᠢ ᠪᠠᠢᠴᠠᠭᠠᠯᠲᠠ ᠦᠷᠨᠢᠭᠦᠯᠪᠡ᠃ ᠪᠠᠶᠠᠨᠨᠠᠭᠤᠷ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠶ᠋ᠢᠨ ᠬᠠᠤᠯᠢ ᠬᠡᠷᠡᠭᠵᠢᠭᠦᠯᠬᠦ ᠠᠵᠢᠯᠲᠠᠳ ᠰᠤᠷᠭᠠᠭᠤᠯᠢ ᠶ᠋ᠢᠨ ᠬᠤᠭᠤᠯᠠᠨ ᠭᠡᠷ ᠤ᠋ᠨ ᠢᠳᠡᠭᠡᠨ ᠤ᠋ ᠠᠮᠤᠷ ᠲᠦᠪᠰᠢᠨ ᠳ᠋ᠤ ᠲᠤᠰᠬᠠᠢ ᠪᠠᠢᠴᠠᠭᠠᠯᠲᠠ ᠦᠷᠨᠢᠭᠦᠯᠪᠡ᠃ ᠦᠬᠠᠢ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶᠠᠵᠢᠨ ᠬᠢᠨ ᠰᠤᠷᠭᠠᠭᠤᠯᠢ ᠶ᠋ᠢᠨ ᠡᠷᠭᠢᠨ ᠲᠤᠭᠤᠷᠢᠨ᠂ ᠬᠤᠳᠠᠯᠳᠤᠭᠠᠨ ᠤ᠋ ᠲᠤᠭᠤᠷᠢᠭ᠂ ᠰᠠᠭᠤᠭᠠᠯᠢ ᠠᠷᠠᠳ ᠤ᠋ᠨ ᠲᠦᠪᠯᠡᠷᠡᠨ ᠰᠠᠭᠤᠬᠰᠠᠨ ᠲᠤᠭᠤᠷᠢᠭ ᠲᠡᠬᠢ ᠨᠢᠳᠦᠨ ᠰᠢᠯ ᠡᠵᠡᠨᠭᠨᠡᠬᠦ ᠡᠭᠦᠳᠡᠨ ᠳᠡᠯᠭᠡᠭᠦᠷ ᠲᠦ᠍ ᠰᠤᠷᠭᠠᠭᠤᠯᠢ ᠡᠬᠢᠯᠡᠬᠦ ᠡᠴᠡ ᠡᠮᠦᠨᠡᠬᠢ ᠬᠡᠮᠵᠢᠯᠲᠡ ᠶ᠋ᠢᠨ ᠪᠠᠭᠠᠵᠢ ᠬᠡᠷᠡᠭᠰᠡᠯ ᠤ᠋ᠨ ᠲᠤᠰᠬᠠᠢ ᠬᠢᠨᠠᠨ ᠪᠠᠢᠴᠠᠭᠠᠯᠲᠠ ᠦᠷᠨᠢᠭᠦᠯᠪᠡ᠃ ᠠᠯᠠᠱᠠ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠵᠢᠨ ᠬᠢᠨ ᠰᠤᠷᠭᠠᠭᠤᠯᠢ ᠶ᠋ᠢᠨ ᠡᠷᠭᠢᠨ ᠲᠤᠭᠤᠷᠢᠨ ᠤ᠋ ᠪᠢᠴᠢᠭ ᠤ᠋ᠨ ᠬᠡᠷᠡᠭᠰᠡᠯ ᠤ᠋ᠨ ᠳᠡᠯᠭᠡᠭᠦᠷ ᠲᠦ᠍ ᠲᠤᠰᠬᠠᠢ ᠪᠠᠢᠴᠠᠭᠠᠯᠲᠠ ᠦᠷᠨᠢᠭᠦᠯᠪᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号