ᠤᠯᠠᠨ ᠭᠠᠵᠠᠷ᠎ᠤᠨ ᠬᠢᠨ ᠳᠠᠷᠤᠢᠠᠬᠨ ᠬᠦᠳᠡᠯᠦᠯᠴᠡᠵᠦ ᠪᠠᠢᠴᠠᠭᠠᠭᠰᠠᠨ ᠪᠠᠢᠳᠠᠯ ᠵᠢᠡᠨ ᠨᠡᠢᠲᠡᠯᠡᠪᠡ
2026-03-17 10:58:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 15᠎ᠤ ᠣᠷᠣᠢ᠂ 《3·15》 ᠦᠳᠡᠰᠢᠯᠡᠭᠡ᠎ᠳᠦ ᠢᠯᠡᠴᠢᠯᠡᠭᠰᠡᠨ 《ᠴᠠᠢᠷᠠᠭᠤᠯᠤᠭᠰᠠᠨ ᠲᠠᠬᠢᠶᠠᠨ ᠰᠠᠪᠠᠷ》᠂ 《ᠲᠡᠭᠦᠰ ᠴᠢᠳᠠᠪᠤᠷᠢᠲᠤ ᠬᠤᠪᠢᠯᠭᠠᠨ ᠡᠮ》᠂ 《ᠪᠡᠶ᠎ᠡ ᠦᠰᠭᠡᠭᠦ ᠪᠣᠷᠤᠯᠠᠭᠤᠯᠭ᠎ᠠ》 ᠵᠡᠷᠭᠡ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠢᠭᠯᠡᠭᠦᠯᠦᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠲᠣᠭᠲᠠᠴᠠ᠎ᠶᠢ ᠦᠳᠲᠡᠷ ᠲᠦᠷᠭᠡᠨ ᠡᠬᠢᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠢᠷᠢᠯᠠᠭᠤᠯᠤᠨ ᠥᠷᠨᠢᠭᠦᠯᠵᠡᠢ᠂ ᠪᠠᠢᠴᠠᠭᠠᠨ ᠰᠢᠢᠳᠪᠦᠷᠢᠯᠡᠭᠰᠡᠨ ᠪᠠᠢᠳᠠᠯ᠎ᠢᠶᠠᠨ ᠴᠠᠭ ᠲᠤᠬᠠᠢ ᠳ᠋ᠤᠨᠢ ᠨᠡᠢᠭᠡᠮ᠎ᠳᠦ ᠨᠡᠢᠲᠡᠯᠡᠬᠦ ᠪᠣᠯᠣᠨ᠎ᠠ᠃

ᠲᠢᠶᠠᠨᠵᠢᠨ᠂ ᠮᠦᠭᠳᠡᠨ᠂ ᠴᠦᠩᠴᠢᠩ᠂ ᠴᠧᠩᠳᠦ᠋᠂ ᠸᠧᠨᠵᠧᠸ᠋᠂ ᠬᠠᠩᠵᠧᠦ᠂ ᠱᠠᠩᠬᠠᠢ ᠵᠡᠷᠭᠡ ᠭᠠᠵᠠᠷ ᠴᠤ᠌ ᠰᠥᠨᠢ᠎ᠪᠡᠷ ᠪᠠᠢᠳᠠᠯ᠎ᠢ ᠮᠡᠳᠡᠭᠳᠡᠬᠦ ᠮᠡᠳᠡᠭᠡᠯᠡᠯ ᠨᠡᠢᠲᠡᠯᠡᠵᠦ᠂ ᠬᠣᠯᠪᠣᠭᠳᠠᠯ ᠪᠦᠬᠦᠢ ᠠᠵᠤ ᠠᠬᠤᠢᠯᠠᠯ᠎ᠢ ᠪᠠᠢᠴᠠᠭᠠᠨ ᠰᠢᠢᠳᠪᠦᠷᠢᠯᠡᠪᠡ᠃

ᠲᠢᠶᠠᠨᠵᠢᠨ᠄《ᠲᠡᠭᠦᠰ ᠴᠢᠳᠠᠪᠤᠷᠢᠲᠤ ᠬᠤᠪᠢᠯᠭᠠᠨ ᠡᠮ》᠎ᠦᠨ ᠬᠡᠷᠡᠭ᠎ᠲᠦ ᠬᠣᠯᠪᠣᠭᠳᠠᠭᠰᠠᠨ ᠠᠵᠤ ᠠᠬᠤᠢᠯᠠᠯ᠎ᠢ ᠪᠠᠢᠴᠠᠭᠠᠨ ᠰᠢᠢᠳᠪᠦᠷᠢᠯᠡᠵᠦ ᠪᠠᠢᠨ᠎ᠠ

ᠲᠢᠶᠠᠨᠵᠢᠨ ᠬᠣᠲᠠ᠎ᠶᠢᠨ ᠡᠮ᠎ᠦᠨ ᠵᠦᠢᠯ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠲᠢᠶᠠᠨᠵᠢᠨ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠲᠢᠶᠠᠨᠵᠢᠨ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠲᠢᠶᠠᠨᠵᠢᠨ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ ᠵᠡᠷᠭᠡ ᠰᠠᠯᠠᠭ᠎ᠠ ᠮᠥᠴᠢᠷ ᠬᠠᠮᠲᠤᠷᠠᠭᠰᠠᠨ ᠪᠠᠢᠴᠠᠭᠠᠬᠤ ᠳᠤᠭᠤᠢᠯᠠᠩ ᠪᠠᠢᠭᠤᠯᠵᠤ᠂ ᠪᠠᠢᠴᠠᠭᠠᠨ ᠰᠢᠢᠳᠪᠦᠷᠢᠯᠡᠬᠦ ᠠᠵᠢᠯ ᠥᠷᠨᠢᠭᠦᠯᠦᠨ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠵᠤ ᠪᠠᠢᠨ᠎ᠠ᠃

ᠮᠦᠭᠳᠡᠨ᠄ 《ᠬᠤᠪᠢ᠎ᠶᠢᠨ ᠬᠡᠪᠴᠢᠶᠡᠨ᠎ᠦ ᠡᠵᠡᠩᠨᠡᠨ ᠪᠣᠷᠣᠯᠠᠭᠤᠯᠤᠯᠲᠠ᠎ᠵᠢᠨ ᠤᠨᠠᠭᠤᠯᠢ ᠪᠡᠷ ᠨᠠᠰᠤᠲᠠᠳ᠎ᠢ ᠮᠡᠬᠡᠯᠡᠭᠰᠡᠨ》 ᠣᠯᠠᠨ ᠺᠣᠮᠫᠠᠨᠢ᠎ᠳᠤ ᠪᠠᠢᠴᠠᠭᠠᠯᠲᠠ ᠬᠢᠪᠡ

ᠮᠦᠭᠳᠡᠨ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠢᠴᠠᠭᠠᠬᠤ ᠳᠤᠭᠤᠢᠯᠠᠩ ᠪᠠᠢᠭᠤᠯᠵᠤ᠂ ᠲᠤᠬᠠᠢ᠎ᠶᠢᠨ ᠲᠠᠯᠠᠪᠠᠶ᠎ᠶᠢᠨ ᠪᠠᠢᠴᠠᠭᠠᠯᠲᠠ ᠥᠷᠨᠢᠭᠦᠯᠪᠡ᠃ ᠲᠠᠷᠠᠭᠠᠴᠢ᠎ᠶᠢᠨ ᠠᠯᠬᠤᠮ᠎ᠳᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠢᠴᠠᠭᠠᠨ ᠰᠢᠢᠳᠪᠦᠷᠢᠯᠡᠵᠦ᠂ ᠬᠣᠯᠪᠣᠭᠳᠠᠯ ᠪᠦᠬᠦᠢ ᠪᠠᠢᠳᠠᠯ᠎ᠢ ᠴᠠᠭ ᠲᠤᠬᠠᠢ ᠳ᠋ᠤᠨᠢ ᠨᠡᠢᠭᠡᠮ᠎ᠳᠦ ᠨᠡᠢᠲᠡᠯᠡᠨ᠎ᠡ᠃

ᠴᠦᠩᠴᠢᠩ᠄ 《ᠴᠠᠢᠷᠠᠭᠤᠯᠤᠭᠰᠠᠨ ᠲᠠᠬᠢᠶᠠᠨ ᠰᠠᠪᠠᠷ》᠎ᠤᠨ ᠠᠵᠤ ᠠᠬᠤᠢᠯᠠᠯ᠎ᠢ ᠬᠡᠷᠡᠭ ᠪᠣᠯᠭᠠᠨ ᠳᠡᠩᠰᠡᠯᠡᠵᠦ ᠪᠠᠢᠴᠠᠭᠠᠪᠠ

ᠴᠦᠩᠴᠢᠩ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠠᠯᠪᠠᠨ ᠵᠠᠷᠯᠠᠯ ᠨᠡᠢᠲᠡᠯᠡᠵᠦ᠂ ᠴᠦᠩᠴᠢᠩ ᠬᠣᠲᠠ ᠪᠣᠯᠣᠨ ᠾᠸᠴᠤᠸᠠᠨ ᠲᠣᠭᠣᠷᠢᠭ᠋᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠠᠵᠤ ᠠᠬᠤᠢᠯᠠᠯ᠎ᠳᠤ ᠣᠷᠣᠵᠤ ᠰᠠᠭᠤᠨ ᠭᠦᠨ ᠮᠠᠯᠲᠠᠵᠤ ᠲᠤᠢᠯᠪᠤᠷᠢᠲᠠᠢ ᠪᠠᠢᠴᠠᠭᠠᠬᠤ ᠠᠵᠢᠯ ᠥᠷᠨᠢᠭᠦᠯᠪᠡ᠃ ᠣᠳᠣᠬᠠᠨ᠎ᠳᠤ᠂ ᠲᠣᠰ ᠠᠵᠤ ᠠᠬᠤᠢᠯᠠᠯ᠎ᠤᠨ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠡᠷᠡᠭ ᠪᠣᠯᠭᠠᠨ ᠳᠡᠩᠰᠡᠯᠡᠨ ᠪᠠᠢᠴᠠᠭᠠᠵᠤ᠂ ᠬᠡᠷᠡᠭ᠎ᠲᠦ ᠬᠣᠯᠪᠣᠭᠳᠠᠭᠰᠠᠨ ᠦᠢᠯᠡᠳᠬᠦᠨ᠎ᠢ ᠦᠯᠡᠳᠡᠭᠡᠨ ᠠᠪᠴᠤ᠂ ᠠᠵᠤ ᠠᠬᠤᠢᠯᠠᠯ᠎ᠤᠨ ᠬᠡᠷᠡᠭ᠎ᠲᠦ ᠬᠣᠯᠪᠣᠭᠳᠠᠭᠰᠠᠨ ᠦᠢᠯᠡᠳᠬᠦᠨ᠎ᠢ ᠰᠠᠨᠠᠭᠠᠴᠢᠯᠠᠭ᠎ᠠ᠎ᠠᠴᠠ᠎ᠪᠠᠨ ᠡᠭᠡᠭᠦᠯᠦᠨ ᠠᠪᠬᠤ᠎ᠶᠢ ᠰᠢᠪᠠᠳᠠᠭᠤᠯᠪᠠ ᠭᠡᠵᠡᠢ᠃


QQ截图20260312093543.png


ᠴᠧᠩᠳᠦ᠋᠄ ᠧᠺᠰᠤᠰᠤᠮ (exosome)᠎ᠳᠤ ᠬᠣᠯᠪᠣᠭᠳᠠᠭᠰᠠᠨ ᠠᠰᠠᠭᠤᠳᠠᠯ ᠲᠠᠢ 3 ᠠᠵᠤ ᠠᠬᠤᠢᠯᠠᠯ᠎ᠢ ᠵᠠᠷᠯᠢᠭ᠍ᠳᠠᠵᠤ ᠦᠢᠯᠡᠳᠪᠦᠷᠢᠯᠡᠯ ᠡᠵᠡᠩᠨᠡᠯᠲᠡ᠎ᠶᠢ ᠨᠢ ᠵᠣᠭᠰᠣᠭᠠᠪᠠ

ᠴᠧᠩᠳᠦ᠋ ᠬᠣᠲᠠ ᠬᠠᠮᠲᠤᠷᠠᠭᠰᠠᠨ ᠪᠠᠢᠴᠠᠭᠠᠬᠤ ᠳᠤᠭᠤᠢᠯᠠᠩ ᠪᠠᠢᠭᠤᠯᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠦᠨ᠂ ᠬᠡᠷᠡᠭ᠎ᠲᠦ ᠬᠣᠯᠪᠣᠭᠳᠠᠭᠰᠠᠨ ᠠᠵᠤ ᠠᠬᠤᠢᠯᠠᠯ᠎ᠢ ᠪᠥᠬᠥ ᠲᠠᠯ᠎ᠠ᠎ᠪᠠᠷ ᠬᠠᠷᠭᠤᠭᠤᠯᠤᠨ ᠪᠠᠢᠴᠠᠭᠠᠵᠤ᠂ ᠨᠢᠭᠡᠨᠲᠡ ᠦᠢᠯᠡᠳᠪᠦᠷᠢᠯᠡᠯ ᠡᠵᠡᠩᠨᠡᠯᠲᠡ᠎ᠶᠢ ᠨᠢ ᠵᠣᠭᠰᠤᠭᠠᠬᠤ᠎ᠪᠠᠷ ᠵᠠᠷᠯᠢᠭ᠍ᠳᠠᠭᠰᠠᠨ ᠪᠥᠭᠡᠳ ᠬᠡᠷᠡᠭ᠎ᠲᠦ ᠬᠣᠯᠪᠣᠭᠳᠠᠭᠰᠠᠨ ᠦᠢᠯᠡᠳᠬᠦᠨ ᠵᠢᠴᠢ ᠲᠦᠭᠦᠬᠡᠢ ᠮᠠᠲᠧᠷᠢᠶᠠᠯ᠎ᠢ ᠨᠢ ᠪᠦᠬᠦᠨ᠎ᠢ ᠪᠠᠢᠴᠠᠭᠠᠨ ᠪᠢᠲᠡᠭᠦᠮᠵᠢᠯᠡᠵᠦ᠂ ᠬᠣᠯᠪᠣᠭᠳᠠᠯ ᠪᠦᠬᠦᠢ ᠪᠠᠢᠳᠠᠯ᠎ᠢ ᠶᠠᠭ ᠪᠠᠢᠴᠠᠭᠠᠵᠤ ᠪᠣᠶ᠃

ᠸᠸᠨᠵᠸᠦ᠂ ᠬᠠᠩᠵᠧᠦ᠄ 《ᠪᠡᠶ᠎ᠡ ᠦᠰᠭᠡᠭᠦ》 ᠳ᠋ᠥ ᠬᠣᠯᠪᠣᠭᠳᠠᠭᠰᠠᠨ ᠮᠡᠬᠡᠯᠡᠯ᠎ᠦᠨ ᠠᠵᠤ ᠠᠬᠤᠢᠯᠠᠯ᠎ᠢ ᠬᠡᠷᠡᠭ ᠪᠣᠯᠭᠠᠨ ᠳᠡᠩᠰᠡᠯᠡᠨ ᠪᠠᠢᠴᠠᠭᠠᠪᠠ

ᠸᠸᠨᠵᠸᠦ᠎ᠶᠢᠨ ᠬᠢᠨ ᠬᠡᠷᠡᠭ᠎ᠲᠦ ᠬᠣᠯᠪᠣᠭᠳᠠᠭᠰᠠᠨ ᠣᠯᠠᠨ ᠠᠵᠤ ᠠᠬᠤᠢᠯᠠᠯ᠎ᠳᠤ ᠪᠠᠢᠴᠠᠭᠠᠯᠲᠠ᠎ᠶᠢᠨ ᠵᠠᠷᠯᠠᠯ ᠨᠡᠢᠲᠡᠯᠡᠪᠡ᠃ ᠸᠧᠨᠵᠸᠤ ᠵᠢᠨ 《ᠳ᠋ᠧ ᠵᠢᠢ ᠷᠦᠢ》 ᠵᠡᠷᠭᠡ ᠠᠵᠤ ᠠᠬᠤᠢᠯᠠᠯ 《ᠵᠠᠯᠠᠭᠤᠴᠤᠳ ᠪᠠᠭᠠᠴᠤᠳ᠎ᠢᠭᠠᠳᠠᠭᠠᠳᠤ ᠬᠦᠴᠦᠨ᠎ᠤ ᠡᠯᠧᠮᠧᠨ᠋ᠲ ᠵᠢᠡᠷ ᠪᠡᠶ᠎ᠡ ᠦᠰᠭᠡᠭᠦ》 ᠬᠤᠳᠠᠯ ᠬᠠᠭᠤᠷᠮᠠᠭ ᠤᠬᠠᠭᠤᠯᠭ᠎ᠠ᠎ᠶᠢᠨ ᠠᠰᠠᠭᠤᠳᠠᠯ᠎ᠳᠤ ᠬᠣᠯᠪᠣᠭᠳᠠᠵᠤ᠂ ᠸᠧᠨᠵᠸᠤ ᠬᠤᠳᠠ᠎ᠶᠢᠨ ᠯᠦᠴᠧᠩ ᠲᠣᠭᠣᠷᠢᠭ᠋᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠬᠠᠢ᠎ᠶᠢᠨ ᠲᠠᠯᠠᠪᠠᠢ᠎ᠳᠤ ᠬᠦᠷᠴᠦ ᠬᠠᠤᠯᠢ ᠬᠡᠷᠡᠭᠵᠢᠭᠦᠯᠦᠯᠲᠡ᠎ᠶᠢᠨ ᠪᠠᠢᠴᠠᠭᠠᠯᠲᠠ ᠥᠷᠨᠢᠭᠦᠯᠪᠡ᠃ ᠳᠠᠷᠠᠭ᠎ᠠ᠎ᠪᠠᠷ᠂ ᠪᠠᠢᠴᠠᠭᠠᠯᠲᠠ ᠬᠢᠵᠦ ᠭᠡᠷᠡᠴᠢ ᠠᠪᠤᠭᠰᠠᠨ ᠪᠠᠢᠳᠠᠯ᠎ᠢ ᠦᠨᠳᠦᠰᠦᠯᠡᠨ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠡᠭᠦᠨ᠎ᠦ ᠬᠠᠮᠲᠤ᠂ ᠢᠯᠡᠴᠢᠯᠡᠭᠰᠡᠨ ᠠᠰᠠᠭᠤᠳᠠᠯ᠎ᠳᠤ ᠴᠢᠭᠯᠡᠭᠦᠯᠦᠨ ᠠᠵᠢᠯ ᠲᠥᠷᠥᠯ᠎ᠦᠨ ᠲᠤᠰᠬᠠᠢ ᠵᠠᠰᠠᠯᠲᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠬᠡᠷᠡᠭᠯᠡᠭᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠦᠨᠡᠨᠬᠦ ᠬᠠᠮᠠᠭᠠᠯᠠᠨ᠎ᠠ᠃

ᠬᠠᠩᠵᠧᠦ᠎ᠵᠢᠨ ᠬᠢᠨ ᠮᠡᠬᠡᠯᠡᠯ᠎ᠦᠨ ᠠᠵᠤ ᠠᠬᠤᠢᠯᠠᠯ᠎ᠢ ᠬᠡᠷᠡᠭ ᠪᠣᠯᠭᠠᠨ ᠳᠡᠩᠰᠡᠯᠡᠵᠦ ᠪᠠᠢᠴᠠᠭᠠᠪᠠ᠃ ᠬᠠᠩᠵᠧᠦ᠎ᠶᠢᠨ ᠠᠨ ᠯᠢ ᠱᠧᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠬᠢᠵᠠᠭᠠᠷᠲᠤ ᠺᠣᠮᠫᠠᠨᠢ 《ᠪᠡᠶ᠎ᠡ ᠦᠰᠭᠡᠭᠦ》 ᠮᠡᠬᠡᠯᠡᠯ ᠬᠢᠭᠰᠡᠨ᠎ᠢᠶᠡᠷ ᠰᠡᠵᠢᠭᠯᠡᠭᠳᠡᠵᠦ᠂ ᠣᠲᠣ᠌ ᠲᠣᠰ ᠠᠵᠤ ᠠᠬᠤᠢᠯᠠᠯ᠎ᠢ ᠬᠡᠷᠡᠭ ᠪᠣᠯᠭᠠᠨ ᠳᠡᠩᠰᠡᠯᠡᠨ ᠪᠠᠢᠴᠠᠭᠠᠵᠤ᠂ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢ ᠠᠪᠴᠤ ᠭᠡᠷᠡᠴᠢ᠎ᠶᠢ ᠪᠠᠲᠤᠯᠠᠵᠠᠢ᠃ ᠵᠠᠯᠭᠠᠭᠠᠳ᠂ ᠪᠠᠢᠴᠠᠭᠠᠭᠰᠠᠨ ᠪᠠᠢᠳᠠᠯ᠎ᠢ ᠦᠨᠳᠦᠰᠦᠯᠡᠨ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃

ᠱᠠᠩᠬᠠᠢ᠄ ᠬᠠ ᠯᠥᠸᠧ ᠵᠡᠷᠭᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠦᠷᠢᠶᠡᠰᠦᠯᠡᠭᠦᠯᠬᠦ ᠬᠠᠤᠯᠢ᠎ᠠᠴᠠ ᠵᠥᠷᠢᠴᠡᠭᠰᠡᠨ ᠠᠵᠤ ᠠᠬᠤᠢᠯᠠᠯ᠎ᠢ ᠲᠤᠬᠠᠢ᠎ᠶᠢᠨ ᠭᠠᠵᠠᠷ ᠲᠤᠨᠢ ᠬᠠᠷᠭᠤᠭᠤᠯᠤᠨ ᠪᠠᠢᠴᠠᠭᠠᠵᠤ ᠪᠠᠢᠨ᠎ᠠ

ᠱᠠᠩᠬᠠᠢ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠠᠷᠯᠠᠯ ᠨᠡᠢᠲᠡᠯᠡᠵᠦ᠂ ᠱᠠᠩᠬᠠᠢ ᠬᠣᠲᠠ᠂ ᠬᠤᠲᠠ ᠲᠣᠭᠣᠷᠢᠭ᠋ ᠬᠣᠶᠠᠷ ᠱᠠᠲᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠲᠣᠭᠲᠠᠴᠠ᠎ᠶᠢ ᠳᠠᠷᠤᠢ ᠲᠦᠷᠭᠡᠨ ᠡᠬᠢᠯᠡᠭᠦᠯᠵᠦ᠂ ᠳᠣᠲᠣᠭᠠᠳᠤ᠎ᠶᠢ ᠬᠠᠮᠠᠭᠠᠯᠠᠬᠤ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠡᠷᠡᠭ᠎ᠲᠦ ᠬᠣᠯᠪᠣᠭᠳᠠᠭᠰᠠᠨ ᠠᠵᠤ ᠠᠬᠤᠢᠯᠠᠯ᠎ᠢ ᠰᠥᠨᠢ᠎ᠪᠡᠷ ᠲᠤᠬᠠᠢ᠎ᠶᠢᠨ ᠭᠠᠵᠠᠷ ᠲᠤᠨᠢ ᠬᠠᠷᠭᠤᠭᠤᠯᠤᠨ ᠪᠠᠢᠴᠠᠭᠠᠪᠠ ᠭᠡᠵᠡᠢ᠃ ᠵᠠᠯᠭᠠᠭᠠᠳ ᠪᠠᠢᠴᠠᠭᠠᠨ ᠰᠢᠢᠳᠪᠦᠷᠢᠯᠡᠭᠰᠡᠨ ᠪᠠᠢᠳᠠᠯ᠎ᠢ ᠴᠠᠭ ᠲᠤᠬᠠᠢ ᠳ᠋ᠤᠨᠢ ᠨᠡᠢᠭᠡᠮ ᠨᠡᠶ᠋ᠢᠲᠡ᠎ᠳᠦ ᠨᠡᠢᠲᠡᠯᠡᠨ᠎ᠠ᠃ ᠲᠠᠷᠠᠭᠠᠴᠢ᠎ᠶᠢᠨ ᠠᠯᠬᠤᠮ᠎ᠳᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠦᠷᠢᠶᠡᠰᠦᠯᠡᠭᠦᠯᠬᠦ ᠬᠦᠷᠢᠶᠡᠨ᠎ᠳᠡᠬᠢ ᠬᠠᠤᠯᠢ᠎ᠠᠴᠠ ᠵᠥᠷᠢᠴᠡᠭᠰᠡᠨ ᠡᠮᠬᠢ ᠵᠠᠮᠪᠠᠷᠠᠭ᠎ᠠ ᠦᠭᠡᠢ ᠪᠠᠢᠳᠠᠯ᠎ᠢ ᠪᠥᠬᠥ ᠲᠠᠯ᠎ᠠ᠎ᠪᠠᠷ ᠴᠡᠭᠴᠡᠯᠡᠨ ᠵᠠᠰᠠᠵᠤ᠂ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠨ᠎ᠠ᠃

ᠽᠦᠨ ᠢ᠄ 《ᠰᠲ᠋ᠤᠺ ᠲᠠᠨᠢᠯᠴᠠᠭᠤᠯᠵᠤ ᠠᠰᠢᠭ ᠬᠤᠪᠢᠶᠠᠬᠤ》 ᠮᠡᠬᠡᠯᠡᠯ᠎ᠦᠨ ᠬᠡᠷᠡᠭ᠎ᠲᠦ ᠬᠣᠯᠪᠣᠭᠳᠠᠭᠰᠠᠨ ᠺᠣᠮᠫᠠᠨᠢ᠎ᠶᠢ ᠪᠠᠢᠴᠠᠭᠠᠨ ᠪᠢᠲᠡᠭᠦᠮᠵᠢᠯᠡᠪᠠ

《3·15》 ᠦᠳᠡᠰᠢᠯᠡᠭᠡ  ᠨᠢ ᠽᠦᠨ ᠢ ᠬᠣᠲᠠ᠎ᠶᠢᠨ ᠰᠢᠨ ᠺᠧ ᠮᠡᠳᠡᠭᠡ ᠵᠠᠩᠭᠢ᠎ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ 《ᠰᠲ᠋ᠤᠺ ᠲᠠᠨᠢᠯᠴᠠᠭᠤᠯᠬᠤ᠂ ᠠᠰᠢᠭ᠋ ᠣᠯᠵᠠᠪᠤᠷᠢ ᠬᠤᠪᠢᠶᠠᠬᠤ》 ᠨᠡᠷ᠎ᠡ᠎ᠪᠡᠷ ᠰᠲ᠋ᠣᠺ᠎ᠤᠨ ᠪᠡᠯᠡ ᠣᠷᠣᠭᠤᠯᠤᠯᠲᠠ᠎ᠶᠢᠨ ᠵᠥᠪᠯᠡᠯᠭᠡ ᠥᠭᠬᠦ ᠲᠤᠬᠠᠢᠯᠠᠭᠰᠠᠨ ᠠᠵᠢᠯ ᠥᠷᠨᠢᠭᠦᠯᠵᠦ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠰᠡᠵᠢᠭᠯᠡᠯ ᠲᠡᠢ ᠬᠡᠵᠤ ᠢᠯᠡᠴᠢᠯᠡᠪᠡ᠃

ᠽᠦᠨ ᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠪᠠᠢᠳᠠᠯ᠎ᠤᠨ ᠲᠤᠬᠠᠢ ᠮᠡᠳᠡᠭᠳᠡᠯ᠎ᠨᠡᠢᠳᠡᠯᠡᠭᠦ ᠳ᠋ᠡᠭᠡᠨ᠂ ᠣᠳᠣᠬᠠᠨ᠎ᠳᠤ᠂ ᠲᠣᠰ ᠺᠣᠮᠫᠠᠨᠢ᠎ᠶᠢ ᠨᠢᠭᠡᠨᠲᠡ ᠪᠠᠢᠴᠠᠭᠠᠨ ᠪᠢᠲᠡᠭᠦᠮᠵᠢᠯᠡᠭᠰᠡᠨ ᠪᠥᠭᠡᠳ ᠺᠣᠮᠫᠠᠨᠢ᠎ᠶᠢᠨ ᠬᠠᠷᠢᠭᠤᠴᠠᠯᠭᠠᠲᠠᠨ ᠵᠢᠴᠢ ᠬᠣᠯᠪᠣᠭᠳᠠᠯ ᠪᠦᠬᠦᠢ ᠬᠥᠮᠥᠰ᠎ᠢ ᠡᠷᠬᠡᠰᠢᠶᠡᠵᠦ᠂ ᠬᠣᠯᠪᠣᠭᠳᠠᠯ ᠪᠦᠬᠦᠢ ᠭᠡᠷᠡᠴᠢ ᠮᠠᠲᠧᠷᠢᠶᠠᠯ᠎ᠢ ᠵᠡᠷᠭᠡ ᠳ᠋ᠦ᠍ᠨᠢ ᠲᠣᠭᠲᠠᠪᠤᠷᠢᠵᠢᠭᠤᠯᠵᠤ᠂ ᠬᠣᠯᠪᠣᠭᠳᠠᠯ ᠪᠦᠬᠦᠢ ᠪᠠᠢᠳᠠᠯ᠎ᠢ ᠶᠠᠭ ᠭᠦᠨᠵᠡᠭᠡᠢ ᠪᠠᠢᠴᠠᠭᠠᠵᠤ ᠪᠠᠢᠨ᠎ᠠ᠂ ᠳᠠᠷᠠᠭ᠎ᠠ᠎ᠪᠠᠷ ᠪᠠᠢᠴᠠᠭᠠᠯᠲᠠ᠎ᠶᠢᠨ ᠦᠷ᠎ᠡ ᠳ᠋ᠦᠩ᠎ᠢ ᠦᠨᠳᠦᠰᠦᠯᠡᠨ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ ᠬᠡᠵᠡᠢ᠃

ᠢᠷᠡᠯᠲᠡ᠄ ᠲᠦᠪ ᠲᠧᠯᠸᠢᠰ᠎ᠤᠨ ᠰᠤᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号