《2026 ᠣᠨ᠎ᠤ
ᠪᠥᠬᠥ ᠤᠯᠤᠰ᠎ᠤᠨ 〈5·1〉᠎ᠤ ᠬᠥᠳᠡᠯᠮᠦᠷᠢ᠎ᠶᠢᠨ
ᠱᠠᠩᠨᠠᠯ᠎ᠢ ᠲᠠᠨᠢᠯᠴᠠᠭᠤᠯᠤᠨ ᠰᠢᠯᠭᠠᠷᠠᠭᠤᠯᠬᠤ ᠠᠵᠢᠯ᠎ᠢ ᠰᠠᠢᠲᠤᠷ ᠬᠢᠬᠦ ᠲᠤᠬᠠᠢ ᠳᠤᠮᠳᠠᠳᠤ᠎ᠶᠢᠨ ᠪᠥᠬᠥ
ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠠᠯᠪᠠᠨ ᠲᠢᠩᠬᠢᠮ᠎ᠦᠨ ᠮᠡᠳᠡᠭᠳᠡᠯ》᠎ᠤᠨ ᠱᠠᠭᠠᠷᠳᠠᠯᠭ᠎ᠠ᠎ᠶᠢ ᠦᠨᠳᠦᠰᠦᠯᠡᠨ᠂
ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠦᠨ ᠳᠣᠣᠷ᠎ᠠ᠎ᠠᠴᠠ ᠳᠡᠭᠡᠭᠰᠢ᠎ᠪᠡᠨ ᠱᠠᠲᠤ
ᠳᠠᠷᠠᠭᠠᠯᠠᠨ ᠲᠠᠨᠢᠯᠴᠠᠭᠤᠯᠬᠤ᠎ᠪᠠᠷ ᠳᠡᠮᠵᠢᠨ᠂ ᠠᠵᠢᠯᠲᠠᠨ ᠠᠵᠢᠯᠴᠢᠨ᠎ᠤ (ᠲᠥᠯᠥᠭᠡᠯᠡᠭᠴᠢᠳ᠎ᠦᠨ) ᠶᠡᠬᠡ ᠬᠤᠷᠠᠯ (ᠪᠤᠶᠤ ᠰᠠᠭᠤᠭᠠᠯᠢ
ᠠᠷᠠᠳ᠎ᠤᠨ ᠲᠥᠯᠥᠭᠡᠯᠡᠭᠴᠢᠳ᠎ᠦᠨ ᠬᠤᠷᠠᠯ)᠎ᠤᠨ ᠬᠢᠨᠠᠨ ᠵᠥᠪᠯᠡᠬᠦ᠂ ᠢᠯᠡ ᠨᠡᠢᠲᠡᠯᠡᠬᠦ ᠵᠡᠷᠭᠡ ᠠᠷᠠᠳᠴᠢᠯᠠᠯ᠎ᠤᠨ
ᠲᠠᠰ ᠳᠠᠷᠠᠭᠠᠯᠠᠯ᠎ᠢ ᠭᠦᠢᠴᠡᠳᠬᠡᠵᠦ᠂ ᠴᠢᠩᠭ᠎ᠠ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ
ᠪᠦᠬᠦᠢ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠲᠠᠯ᠎ᠠ᠎ᠶᠢᠨ ᠬᠢᠨ᠎ᠦ ᠰᠠᠨᠠᠯ᠎ᠢ ᠬᠤᠷᠢᠶᠠᠬᠤ᠎ᠪᠠᠷ ᠳᠡᠮᠵᠢᠨ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠤᠯᠤᠰ᠎ᠤᠨ 《5·1》᠎ᠤ ᠬᠥᠳᠡᠯᠮᠦᠷᠢ᠎ᠶᠢᠨ ᠱᠠᠩᠨᠠᠯ᠎ᠤᠨ
ᠨᠡᠶ᠋ᠢᠲᠡ 65 ᠡᠲᠡᠭᠡᠳ᠎ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠭᠠᠪᠢᠶ᠎ᠠ ᠵᠢᠳᠬᠦᠯ ᠢᠷᠠᠭᠤ
ᠠᠯᠳᠠᠷ᠎ᠢ ᠬᠥᠬᠢᠭᠦᠯᠦᠨ ᠰᠠᠢᠰᠢᠶᠠᠬᠤ ᠠᠵᠢᠯ᠎ᠤᠨ ᠵᠦᠪᠯᠡᠯ᠎ᠢᠶᠠᠷ ᠵᠥᠪᠰᠢᠶᠡᠷᠡᠭᠦᠯᠬᠦ᠎ᠶᠢᠨ ᠬᠠᠮᠲᠤ
ᠳᠤᠮᠳᠠᠳᠤ᠎ᠶᠢᠨ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠳᠦ ᠮᠡᠳᠡᠭᠦᠯᠵᠦ ᠠᠩᠬ᠎ᠠ ᠠᠯᠬᠤᠮ ᠬᠢᠨᠠᠨ
ᠬᠠᠷᠭᠤᠭᠤᠯᠵᠤ ᠪᠠᠲᠤᠯᠠᠭᠠᠳ᠂ ᠡᠳᠦᠭᠡ ᠨᠡᠢᠭᠡᠮ ᠨᠡᠶ᠋ᠢᠲᠡ᠎ᠳᠦ ᠵᠠᠷᠯᠠᠨ᠎ᠠ᠃ ᠢᠯᠡ ᠨᠡᠢᠲᠡᠯᠡᠬᠦ ᠬᠤᠭᠤᠴᠠᠭᠠᠨ᠎ᠳᠤ
ᠨᠢᠭᠡᠴᠢ ᠪᠠ ᠬᠤᠪᠢ ᠬᠥᠮᠥᠨ ᠨᠡᠷᠡᠰ᠎ᠦᠨ ᠲᠤᠬᠠᠢ ᠣᠨᠳᠣᠣ ᠰᠠᠨᠠᠯ᠎ᠲᠠᠢ ᠪᠠᠢᠪᠠᠯ᠂ ᠵᠠᠬᠢᠳᠠᠯ᠂ ᠤᠲᠠᠰᠤ᠂
ᠰᠣᠷᠪᠤᠯᠵᠢᠯᠠᠭ᠎ᠠ ᠪᠤᠶᠤ ᠰᠦᠯᠵᠢᠶ᠎ᠡ ᠵᠡᠷᠭᠡ ᠬᠡᠯᠪᠡᠷᠢ᠎ᠪᠡᠷ ᠳᠠᠮᠵᠢᠭᠤᠯᠤᠨ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠳᠦ ᠲᠤᠰᠬᠠᠵᠤ ᠪᠣᠯᠣᠨ᠎ᠠ (ᠵᠠᠬᠢᠳᠠᠯ
ᠨᠢ ᠬᠦᠷᠦᠭᠰᠡᠨ ᠡᠳᠦᠷ᠎ᠦᠨ ᠰᠢᠤᠳᠠᠨ᠎ᠤ ᠲᠠᠮᠠᠭ᠎ᠠ᠎ᠪᠠᠷ ᠪᠠᠷᠢᠮᠵᠢᠶ᠎ᠠ ᠪᠣᠯᠭᠠᠨ᠎ᠠ)᠃ ᠪᠠᠢᠳᠠᠯ᠎ᠢ
ᠲᠤᠰᠬᠠᠬᠤ᠎ᠳᠤ ᠡᠷᠬᠡᠪᠰᠢ ᠦᠨᠡᠨ᠎ᠡᠴᠡ ᠵᠥᠪ᠎ᠢ ᠡᠷᠢᠵᠦ᠂ ᠪᠤᠰᠤᠳᠴᠢ ᠪᠥᠭᠡᠳ ᠲᠥᠪ ᠭᠣᠣᠯᠴᠢ ᠪᠠᠢᠵᠤ᠂
ᠪᠣᠳᠠᠲᠠᠢ ᠰᠦᠪᠡᠭᠴᠢ ᠪᠤᠶᠤ ᠪᠣᠳᠠᠲᠤ ᠬᠡᠷᠡᠭ᠎ᠦᠨ ᠦᠨᠳᠦᠰᠦ ᠪᠠᠷᠢᠮᠲᠠ ᠬᠠᠩᠭᠠᠵᠤ᠂ ᠦᠨᠡᠨ ᠨᠡᠷ᠎ᠡ᠎ᠪᠡᠷ
ᠠᠰᠠᠭᠤᠳᠠᠯ᠎ᠢ ᠲᠤᠰᠬᠠᠬᠤ᠎ᠶᠢ ᠰᠠᠨᠠᠭᠠᠴᠢᠯᠠᠨ᠎ᠠ᠃
ᠢᠯᠡ ᠨᠡᠢᠲᠡᠯᠡᠬᠦ ᠴᠠᠭ᠄ 2026 ᠣᠨ᠎ᠤ 3 ᠰᠠᠷ᠎ᠠ᠎ᠶᠢᠨ
17᠎ᠤ ᠡᠳᠦᠷ (ᠭᠠᠷᠠᠭ᠎ᠤᠨ ᠬᠣᠶᠠᠷ) ᠡᠴᠠ 23᠎ᠤ ᠡᠳᠦᠷ (ᠭᠠᠷᠠᠭ᠎ᠤᠨ ᠨᠢᠭᠡᠨ) ᠪᠣᠯᠲᠠᠯ᠎ᠠ᠂ ᠨᠡᠶ᠋ᠢᠲᠡ
5 ᠠᠵᠢᠯᠯᠠᠬᠤ ᠡᠳᠦᠷ᠃
ᠬᠠᠶᠢᠭ᠋᠄ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ
ᠠᠵᠠ᠎ᠲᠠᠢ ᠵᠠᠮ᠎ᠤᠨ 18 ᠳ᠋ᠤᠭᠠᠷ ᠨᠤᠮᠸᠷᠲᠤ
ᠰᠢᠤᠳᠠᠨ ᠳ᠋ᠤᠭᠠᠷ᠄ 010090
ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0471 — 5109220 ( ᠹᠠᠺᠰ ᠬᠠᠪᠰᠤᠷᠭᠠᠨ᠎ᠠ );
0471 - 5109221
ᠢᠮᠧᠯ᠄ nmglaomo@163.com
ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ 9᠄ 00 — 17᠄ 00



ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ
2026 ᠣᠨ᠎ᠤ 3 ᠰᠠᠷ᠎ᠠ᠎ᠶᠢᠨ 17᠎ᠤ ᠡᠳᠦᠷ
ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ