ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ
16᠎ᠤ ᠡᠳᠦᠷ ᠵᠠᠷᠯᠠᠯ ᠨᠡᠢᠲᠡᠯᠡᠵᠦ᠂ ᠥᠷᠭᠡᠨ ᠣᠯᠠᠨ ᠪᠠᠭ᠍ᠰᠢ᠂
ᠭᠡᠷ᠎ᠦᠨ ᠠᠬᠠᠮᠠᠳ ᠵᠢᠴᠢ ᠨᠡᠢᠭᠡᠮ᠎ᠦᠨ ᠡᠯ᠎ᠡ ᠡᠲᠡᠭᠡᠳ᠎ᠦᠨ ᠬᠢᠨ ᠲᠤᠤᠷᠠᠬᠢ ᠠᠰᠠᠭᠤᠳᠠᠯ᠎ᠤᠨ ᠲᠤᠬᠠᠢ
ᠰᠦᠪᠡᠭᠴᠢ ᠬᠠᠨᠭᠭᠠᠨ ᠢᠯᠡᠴᠢᠯᠡᠨ ᠮᠡᠳᠡᠭᠦᠯᠵᠤ ᠬᠢᠨᠠᠯᠲᠠ ᠲᠠᠯᠪᠢᠬᠤ᠎ᠳᠤ ᠣᠷᠣᠯᠴᠠᠬᠤ᠎ᠶᠢ ᠬᠦᠰᠡᠵᠦ ᠪᠠᠢᠨ᠎ᠠ
ᠭᠡᠵᠡᠢ᠃
ᠨᠢᠭᠡ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ
(ᠨᠢᠭᠡ) ᠰᠤᠷᠭᠠᠭᠤᠯᠢ᠎ᠶᠢᠨ ᠬᠦᠷᠢᠶᠡᠨ᠎ᠦ ᠢᠳᠡᠭᠡᠨ᠎ᠦ
ᠠᠮᠤᠷ ᠲᠦᠪᠰᠢᠨ ᠪᠠ ᠬᠣᠭᠣᠯᠠᠨ ᠵᠠᠷᠤᠳᠠᠯ᠎ᠤᠨ ᠬᠠᠮᠢᠶᠠᠷᠤᠯᠲᠠ᠎ᠶᠢᠨ ᠬᠠᠮᠢᠶ᠎ᠠ ᠪᠦᠬᠦᠢ ᠠᠰᠠᠭᠤᠳᠠᠯ;
(ᠬᠣᠶᠠᠷ) ᠵᠢᠭᠠᠨ ᠰᠤᠷᠭᠠᠯᠲᠠ ᠵᠢᠨ ᠵᠢᠯᠤᠭᠤᠳᠬᠤ
ᠮᠠᠲᠸᠷᠢᠶᠠᠯ ᠵᠠᠬᠢᠶᠠᠯᠠᠬᠤ ᠬᠠᠮᠢᠶ᠎ᠠ ᠪᠦᠬᠦᠢ ᠠᠰᠠᠭᠤᠳᠠᠯ;
(ᠭᠤᠷᠪᠠ) ᠰᠤᠷᠭᠠᠭᠤᠯᠢ᠎ᠶᠢᠨ ᠬᠤᠪᠴᠠᠰᠤ ᠬᠤᠳᠠᠯᠳᠤᠨ ᠠᠪᠬᠤ
ᠬᠠᠮᠢᠶ᠎ᠠ ᠪᠦᠬᠦᠢ ᠠᠰᠠᠭᠤᠳᠠᠯ᠃
ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ
(ᠨᠢᠭᠡ) ᠲᠤᠰᠬᠠᠭᠰᠠᠨ ᠵᠦᠢᠯ᠎ᠢ ᠪᠦᠲᠦᠮᠵᠢᠲᠡᠶ ᠬᠢᠨᠠᠨ
ᠬᠠᠷᠭᠤᠭᠤᠯᠬᠤ ᠪᠠ ᠰᠢᠢᠳᠪᠦᠷᠢᠯᠡᠬᠦ᠎ᠶᠢ ᠦᠨᠡᠨᠬᠦ ᠪᠠᠲᠤᠯᠠᠬᠤ᠎ᠶᠢᠨ ᠲᠤᠰᠠᠳᠠ᠂ ᠠᠯᠢ ᠴᠢᠳᠠᠬᠤ᠎ᠪᠠᠷ ᠦᠨᠡᠨ ᠣᠪᠣᠭ
ᠨᠡᠷ᠎ᠡ᠂ ᠬᠠᠷᠢᠯᠴᠠᠬᠤ ᠠᠷᠭ᠎ᠠ ᠮᠠᠶᠢᠭ᠋ ᠪᠠ ᠨᠠᠷᠢᠨ ᠲᠣᠳᠣᠷᠬᠠᠢ ᠰᠦᠪᠡᠭᠴᠢ᠎ᠶᠢᠨ ᠮᠡᠳᠡᠭᠡ ᠵᠠᠩᠭᠢ ᠬᠠᠩᠭᠠᠵᠤ᠂
ᠲᠤᠰᠬᠠᠭᠳᠠᠭᠰᠠᠨ ᠡᠲᠡᠭᠡᠳ᠂ ᠬᠡᠷᠡᠭ ᠭᠠᠷᠤᠭᠰᠠᠨ ᠴᠠᠭ᠂ ᠪᠣᠳᠠᠲᠠᠢ ᠠᠰᠠᠭᠤᠳᠠᠯ᠎ᠤᠨ ᠳᠦᠷᠰᠦᠯᠡᠯ᠂ ᠬᠠᠮᠢᠶ᠎ᠠ ᠪᠦᠬᠦᠢ
ᠭᠡᠷᠡᠴᠢ ᠪᠠᠷᠢᠮᠲᠠ᠎ᠶᠢᠨ ᠮᠠᠲᠧᠷᠢᠶᠠᠯ ᠵᠡᠷᠭᠡ᠎ᠶᠢ ᠬᠠᠨᠭᠭᠠᠵᠦ᠂ ᠣᠨᠣᠪᠴᠢᠲᠠᠶ ᠬᠢᠨᠠᠨ ᠪᠠᠢᠴᠠᠭᠠᠬᠤ᠎ᠳᠤ ᠳᠥᠭᠥᠮ
ᠪᠣᠯᠭᠠᠬᠤ ᠬᠡᠷᠡᠭᠲᠡᠢ᠃
(ᠬᠣᠶᠠᠷ) ᠢᠯᠡᠴᠢᠯᠡᠨ ᠮᠡᠳᠡᠭᠦᠯᠦᠭᠴᠢ ᠨᠢ ᠰᠦᠪᠡᠭᠴᠢ
ᠬᠠᠨᠭᠭᠠᠬᠤ᠎ᠳᠠᠭᠠᠨ ᠪᠣᠳᠠᠲᠤ ᠶᠠᠪᠤᠳᠠᠯ᠎ᠢ ᠬᠤᠳᠠᠯ᠎ᠢᠶᠠᠷ ᠵᠣᠬᠢᠶᠠᠬᠤ ᠪᠠ ᠥᠰᠬᠡᠨ ᠳᠥᠰᠬᠡᠨ᠎ᠲᠠᠢ ᠶᠠᠷᠢᠵᠤ ᠪᠣᠯᠬᠤ
ᠦᠭᠡᠢ᠂ ᠵᠣᠷᠢᠭᠤᠳᠠ ᠪᠣᠳᠠᠲᠤ ᠶᠠᠪᠤᠳᠠᠯ᠎ᠢ ᠦᠭᠡᠷᠡᠳᠦᠭᠦᠯᠬᠦ ᠪᠠ ᠪᠤᠰᠤᠳ ᠬᠥᠮᠥᠨ᠎ᠢ ᠭᠦᠳᠬᠡᠨ ᠭᠦᠵᠢᠷᠯᠡᠵᠦ ᠪᠣᠯᠬᠤ
ᠦᠭᠡᠢ᠃ ᠬᠤᠳᠠᠯ᠎ᠢᠶᠠᠷ ᠮᠡᠳᠡᠭᠦᠯᠦᠭᠰᠡᠨ ᠪᠤᠶᠤ ᠢᠯᠡᠴᠢᠯᠡᠨ ᠮᠡᠳᠡᠭᠦᠯᠬᠦ᠎ᠶᠢ ᠠᠰᠢᠭ᠍ᠯᠠᠨ ᠪᠤᠰᠤᠳ᠎ᠢ ᠭᠦᠳᠬᠡᠨ
ᠭᠦᠵᠢᠷᠯᠡᠭᠰᠡᠨ ᠪᠠᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
(ᠭᠤᠷᠪᠠ) ᠪᠢᠳᠡ ᠢᠯᠡᠴᠢᠯᠡᠨ ᠮᠡᠳᠡᠭᠦᠯᠦᠭᠴᠢ᠎ᠶᠢᠨ ᠬᠤᠪᠢ
ᠬᠥᠮᠥᠨ᠎ᠦ ᠮᠡᠳᠡᠭᠡ ᠵᠠᠩᠭᠢ ᠪᠠ ᠬᠤᠪᠢ᠎ᠶᠢᠨ ᠨᠢᠭᠤᠴᠠ᠎ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ
ᠮᠡᠳᠡᠭᠡ ᠵᠠᠩᠭᠢ᠎ᠶᠢ ᠵᠠᠳᠠᠷᠠᠭᠤᠯᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠨ᠎ᠠ᠃ ᠪᠠᠢᠴᠠᠭᠠᠨ ᠲᠣᠳᠣᠯᠠᠭᠰᠠᠨ
ᠢᠯᠡᠴᠢᠯᠡᠨ ᠮᠡᠳᠡᠭᠦᠯᠵᠦ ᠵᠠᠭᠠᠯᠳᠤᠭᠰᠠᠨ ᠠᠰᠠᠭᠤᠳᠠᠯ᠎ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠨᠡᠢᠭᠡᠮ᠎ᠦᠨ
ᠬᠢᠨᠠᠯᠲᠠ᠎ᠶᠢ ᠬᠦᠯᠢᠶᠡᠨ᠎ᠡ᠃
ᠭᠤᠷᠪᠠ᠂ ᠢᠯᠡᠴᠢᠯᠡᠨ ᠮᠡᠳᠡᠭᠦᠯᠬᠦ ᠠᠷᠭ᠎ᠠ
ᠢᠯᠡᠴᠢᠯᠡᠨ ᠮᠡᠳᠡᠭᠦᠯᠬᠦ ᠤᠳᠠᠰᠦ ᠪᠠ ᠢᠮᠸᠯ᠎ᠤᠨ
ᠬᠠᠶᠢᠭ᠎ᠢ ᠲᠤᠤᠷᠠᠬᠢ ᠵᠢᠷᠤᠭ ᠡᠴᠡ ᠦᠵᠡᠭᠡᠷᠡᠢ᠃

ᠢᠷᠡᠯᠲᠡ᠄ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ