ᠬᠤᠪᠢ ᠬᠥᠮᠥᠨ᠎ᠦ ᠵᠢᠭᠡᠯᠡᠯᠭᠡ᠎ᠲᠠᠢ ᠬᠣᠯᠪᠣᠭᠳᠠᠬᠤ ᠰᠢᠨ᠎ᠡ ᠲᠣᠭᠲᠠᠭᠠᠯ ᠨᠡᠢᠲᠡᠯᠡᠪᠡ
2026-03-17 15:53:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠦᠮᠦᠰ ᠵᠢᠭᠡᠯᠡᠯᠭᠡ᠎ᠶᠢᠨ ᠭᠡᠷ᠎ᠡ᠎ᠳᠦ ᠭᠠᠷ᠎ᠤᠨ ᠦᠰᠦᠭ ᠵᠢᠷᠤᠬᠤ ᠦᠶ᠎ᠡ᠎ᠳᠤ ᠵᠥᠪᠬᠡᠨ 6%᠎ᠶᠢᠨ ᠵᠢᠯ᠎ᠦᠨ ᠬᠦᠦ ᠮᠥᠩᠭᠥ᠎ᠶᠢᠨ ᠨᠣᠷᠮ᠎ᠠ ᠵᠢ ᠯᠡ ᠣᠯᠵᠤ ᠦᠵᠡᠳᠡᠭ᠂ ᠦᠨᠡᠨ᠎ᠳᠡᠭᠡᠨ ᠡᠭᠦᠨ ᠡᠴᠡ ᠭᠠᠳᠠᠨ᠎ᠠ ᠪᠠᠰᠠ ᠳᠠᠭᠠᠭᠠᠯᠲᠠ᠎ᠶᠢᠨ ᠰᠦᠢᠳᠬᠡᠯ᠂ ᠦᠢᠯᠡᠴᠢᠯᠡᠭᠡᠨ᠎ᠦ ᠰᠦᠢᠳᠬᠡᠯ᠂ ᠠᠰᠠᠭᠤᠨ ᠯᠠᠪᠯᠠᠬᠤ ᠰᠦᠢᠳᠬᠡᠯ ᠵᠡᠷᠭᠡ ᠪᠠᠢᠳᠠᠭ ᠁

ᠡᠲᠡᠭᠡᠷ ᠵᠢᠷᠤᠮᠵᠢᠭᠤᠨ ᠪᠤᠰᠤ ᠦᠵᠡᠭᠳᠡᠯ᠎ᠳᠦ ᠴᠢᠭᠯᠡᠭᠦᠯᠦᠨ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ 15᠎ᠤ ᠡᠳᠦᠷ ᠰᠢᠨ᠎ᠡ ᠲᠣᠭᠲᠠᠭᠠᠯ ᠨᠡᠢᠲᠡᠯᠡᠵᠦ᠂ ᠬᠤᠪᠢ ᠬᠥᠮᠥᠨ᠎ᠦ ᠪᠣᠶ ᠪᠦᠬᠦᠢ ᠵᠢᠭᠡᠯᠡᠯᠭᠡ᠎ᠳᠦ ᠡᠷᠬᠡᠪᠰᠢ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ᠎ᠶᠢᠨ ᠥᠪᠡᠷ᠎ᠦᠨ ᠥᠷᠲᠡᠭ᠎ᠢ ᠲᠣᠳᠣᠷᠬᠠᠢ ᠢᠯᠡᠳᠬᠡᠵᠦ᠂ ᠮᠥᠩᠭᠥᠨ ᠭᠦᠢᠯᠭᠡᠭᠡᠨ᠎ᠦ ᠬᠡᠷᠡᠭᠯᠡᠭᠡ᠎ᠶᠢ ᠲᠣᠳᠣᠷᠬᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃

ᠶᠠᠭᠤ᠎ᠶᠢ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ ᠵᠢᠨ ᠥᠪᠡᠷ᠎ᠦᠨ ᠥᠷᠲᠡᠭ ᠭᠡᠬᠦ ᠪᠤᠢ?

ᠲᠤᠬᠠᠢᠯᠠᠪᠠᠯ ᠵᠢᠭᠡᠯᠡᠯᠭᠡ᠎ᠲᠠᠢ ᠬᠣᠯᠪᠣᠭᠳᠠᠬᠤ ᠠᠯᠢᠪᠠ ᠬᠦᠦ ᠮᠥᠩᠭᠥ ᠵᠢᠴᠢ ᠡᠯ᠎ᠡ ᠵᠦᠢᠯ᠎ᠦᠨ ᠵᠠᠷᠤᠳᠠᠯ᠎ᠤᠨ ᠨᠡᠢᠯᠡᠪᠦᠷᠢ ᠮᠦᠨ᠂ ᠵᠣᠭᠣᠰ ᠵᠢᠭᠡᠯᠡᠭᠴᠢ᠎ᠶᠢᠨ ᠭᠡᠷ᠎ᠡ᠎ᠪᠡᠨ ᠬᠡᠪ᠎ᠦᠨ ᠶᠣᠰᠣᠭᠠᠷ ᠭᠦᠢᠴᠡᠳᠬᠡᠭᠰᠡᠨ ᠪᠠᠢᠳᠠᠯ ᠳᠣᠣᠷᠠᠬᠢ ᠲᠥᠯᠥᠬᠦ ᠴᠢᠬᠤᠯᠠᠲᠠᠢ ᠵᠢᠭᠡᠯᠡᠯᠭᠡ᠎ᠶᠢᠨ ᠬᠦᠦ ᠮᠥᠩᠭᠥ᠂ ᠬᠤᠭᠤᠴᠠᠭ᠎ᠠ ᠬᠤᠪᠢᠶᠠᠭᠰᠠᠨ ᠵᠠᠷᠤᠳᠠᠯ᠂ ᠢᠲᠡᠭᠡᠮᠵᠢ᠎ᠶᠢ ᠨᠡᠮᠡᠭᠳᠡᠭᠦᠯᠬᠦ ᠦᠢᠯᠡᠴᠢᠯᠡᠭᠡᠨ᠎ᠦ ᠵᠠᠷᠤᠳᠠᠯ ᠵᠡᠷᠭᠡ ᠪᠡᠯᠡ ᠲᠣᠬᠢᠷᠠᠭᠤᠯᠭ᠎ᠠ᠎ᠶᠢᠨ ᠥᠪᠡᠷ᠎ᠦᠨ ᠦᠷᠳᠡᠭ ᠵᠢᠴᠢ ᠭᠡᠷ᠎ᠡ᠎ᠡᠴᠡ ᠵᠥᠷᠢᠴᠡᠭᠰᠡᠨ ᠪᠠᠢᠳᠠᠯ ᠳᠣᠣᠷᠠᠬᠢ ᠲᠥᠯᠥᠬᠦ ᠴᠢᠬᠤᠯᠠᠲᠠᠢ ᠬᠤᠭᠤᠴᠠᠭ᠎ᠠ ᠬᠡᠲᠦᠷᠡᠭᠰᠡᠨ ᠲᠣᠷᠭᠠᠭᠤᠯᠢ᠎ᠶᠢᠨ ᠬᠦᠦ ᠮᠥᠩᠭᠥ ᠵᠡᠷᠭᠡ ᠪᠤᠢ ᠪᠦᠬᠦᠢ ᠥᠪᠡᠷ᠎ᠦᠨ ᠦᠷᠳᠡᠭ᠎ᠢ ᠪᠠᠭᠲᠠᠭᠠᠵᠦ᠂ ᠵᠠᠷᠢᠮ ᠪᠠᠢᠳᠠᠯ ᠲᠤᠤᠷ᠎ᠠ ᠪᠤᠰᠤᠳ ᠵᠠᠷᠤᠳᠠᠯ᠎ᠢ ᠪᠠᠰᠠ ᠪᠠᠭᠲᠠᠭᠠᠨ᠎ᠠ᠃

ᠨᠠᠢᠳᠠᠪᠤᠷᠢᠵᠢᠭᠤᠯᠬᠤ᠎ᠶᠢ ᠬᠡᠷᠬᠢᠨ ᠪᠠᠲᠤᠯᠠᠬᠤ ᠪᠤᠢ?

ᠲᠤᠬᠠᠢ᠎ᠶᠢᠨ ᠲᠠᠯᠠᠪᠠᠶ᠎ᠳᠤ ᠭᠦᠢᠴᠡᠳᠬᠡᠬᠦ᠎ᠳᠦ᠂ ᠵᠢᠭᠡᠯᠡᠯᠭᠡ᠎ᠶᠢᠨ ᠭᠡᠷ᠎ᠡ᠎ᠳᠦ ᠭᠠᠷ᠎ᠤᠨ ᠦᠰᠦᠭ ᠵᠢᠷᠤᠬᠤ ᠪᠤᠶᠤ ᠬᠤᠭᠤᠴᠠᠭ᠎ᠠ ᠬᠤᠪᠢᠶᠠᠬᠤ᠎ᠶᠢ ᠭᠦᠢᠴᠡᠳᠬᠡᠬᠦ᠎ᠡᠴᠡ ᠡᠮᠦᠨ᠎ᠡ᠂ ᠵᠣᠭᠣᠰ ᠵᠢᠭᠡᠯᠡᠭᠴᠢ ᠨᠢ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ᠎ᠶᠢᠨ ᠥᠪᠡᠷ᠎ᠦᠨ ᠥᠷᠲᠡᠭ᠎ᠦᠨ ᠲᠣᠳᠣᠷᠬᠠᠢ ᠬᠦᠰᠦᠨᠦᠭᠲᠦ ᠳᠡᠭᠡᠷ᠎ᠡ ᠭᠠᠷ᠎ᠤᠨ ᠦᠰᠦᠭ ᠵᠢᠷᠤᠵᠤ ᠨᠤᠲᠠᠯᠠᠨ᠎ᠠ᠃

ᠰᠦᠯᠵᠢᠶᠡᠨ ᠳᠡᠭᠡᠷ᠎ᠡ ᠭᠦᠢᠴᠡᠳᠬᠡᠬᠦ᠎ᠳᠦ᠂ ᠦᠵᠡᠭᠦᠯᠬᠦ ᠴᠣᠩᠬᠤᠪᠴᠢ᠎ᠶᠢᠨ ᠠᠷᠭ᠎ᠠ ᠮᠠᠶᠢᠭ᠋᠎ᠢᠶᠠᠷ ᠳᠠᠮᠵᠢᠭᠤᠯᠤᠨ ᠵᠣᠭᠣᠰ ᠵᠢᠭᠡᠯᠡᠭᠴᠢ᠎ᠳᠦ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ᠎ᠶᠢᠨ ᠥᠪᠡᠷ᠎ᠦᠨ ᠥᠷᠲᠡᠭ᠎ᠦᠨ ᠲᠣᠳᠣᠷᠬᠠᠢ ᠬᠦᠰᠦᠨᠦᠭᠲᠦ᠎ᠶᠢ ᠳᠡᠯᠭᠡᠨ ᠦᠵᠡᠭᠦᠯᠵᠦ᠂ ᠠᠯᠪᠠᠳᠠᠯᠭ᠎ᠠ᠎ᠪᠠᠷ ᠤᠩᠰᠢᠬᠤ ᠴᠠᠭ ᠲᠣᠬᠢᠷᠠᠭᠤᠯᠵᠤ᠂ ᠵᠣᠭᠣᠰ ᠵᠢᠭᠡᠯᠡᠭᠴᠢ᠎ᠡᠴᠡ ᠵᠢᠭᠡᠯᠡᠯᠭᠡ᠎ᠶᠢᠨ ᠭᠡᠷ᠎ᠡ ᠳᠡᠭᠡᠷ᠎ᠡ ᠭᠠᠷ᠎ᠤᠨ ᠥᠰᠥᠭ ᠵᠢᠷᠤᠬᠤ ᠪᠤᠶᠤ ᠬᠤᠭᠤᠴᠠᠭ᠎ᠠ ᠬᠤᠪᠢᠶᠠᠬᠤ᠎ᠶᠢ ᠭᠦᠢᠴᠡᠳᠬᠡᠬᠦ᠎ᠡᠴᠡ ᠡᠮᠦᠨ᠎ᠡ ᠨᠤᠲᠠᠯᠠᠨ᠎ᠠ᠃

ᠰᠦᠯᠵᠢᠶᠡᠨ ᠳᠡᠭᠡᠷᠡᠬᠢ ᠬᠡᠷᠡᠭᠯᠡᠭᠡ ᠬᠢᠵᠦ ᠬᠤᠭᠤᠴᠠᠭ᠎ᠠ ᠬᠤᠪᠢᠶᠠᠨ ᠵᠣᠭᠣᠰ ᠲᠥᠯᠥᠬᠦ ᠲᠤᠬᠠᠢᠯᠠᠭᠰᠠᠨ ᠠᠵᠢᠯ᠎ᠢ ᠭᠦᠢᠴᠡᠳᠬᠡᠬᠦ᠎ᠦᠶᠡᠰ᠂ ᠬᠡᠷᠡᠭᠯᠡᠭᠡ᠎ᠶᠢᠨ ᠲᠣᠭᠠᠴᠠᠭ᠎ᠠ ᠬᠢᠬᠦ ᠬᠠᠭᠤᠳᠠᠰᠤᠨ ᠳᠡᠭᠡᠷ᠎ᠡ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ ᠵᠢᠨ ᠥᠪᠡᠷ᠎ᠦᠨ ᠥᠷᠲᠡᠭ᠎ᠦᠨ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠲᠣᠳᠣ᠌ ᠠᠷᠭ᠎ᠠ ᠬᠡᠯᠪᠡᠷᠢ᠎ᠪᠡᠷ ᠲᠣᠳᠣᠷᠬᠠᠢ ᠦᠵᠡᠭᠦᠯᠦᠨ᠎ᠡ᠃

ᠰᠢᠨ᠎ᠡ ᠲᠣᠭᠲᠠᠭᠠᠯ ᠨᠢ ᠵᠢᠭᠡᠯᠡᠯᠭᠡ᠎ᠶᠢᠨ ᠪᠠᠢᠭᠤᠯᠤᠮᠵᠢ᠎ᠶᠢ ᠨᠡᠢᠳᠡᠮ ᠬᠠᠮᠤᠷᠴᠤ᠂ ᠬᠡᠷᠡᠭᠯᠡᠭᠡᠨ᠎ᠦ ᠪᠠᠩᠬᠢ᠂ ᠬᠡᠷᠡᠭᠯᠡᠭᠡᠨ᠎ᠦ ᠮᠥᠩᠭᠥᠨ ᠭᠦᠢᠯᠭᠡᠭᠡᠨ᠎ᠦ ᠺᠣᠮᠫᠠᠨᠢ᠂ ᠮᠠᠰᠢᠨ ᠲᠡᠷᠭᠡᠨ᠎ᠦ ᠮᠥᠩᠭᠥᠨ ᠭᠦᠢᠯᠭᠡᠭᠡᠨ᠎ᠦ ᠺᠣᠮᠫᠠᠨᠢ᠂ ᠢᠲᠡᠭᠡᠮᠵᠢ᠎ᠶᠢᠨ ᠺᠣᠮᠫᠠᠨᠢ᠂ ᠪᠠᠭ᠎ᠠ ᠲᠣᠭᠠᠨ᠎ᠤ ᠵᠢᠭᠡᠯᠡᠯᠭᠡ᠎ᠶᠢᠨ ᠺᠣᠮᠫᠠᠨᠢ ᠵᠡᠷᠭᠡ ᠡᠯ᠎ᠡ ᠲᠥᠷᠥᠯ᠎ᠦᠨ ᠵᠢᠭᠡᠯᠡᠯᠭᠡ ᠲᠠᠯᠪᠢᠬᠤ ᠪᠠᠢᠭᠤᠯᠤᠮᠵᠢ᠎ᠳᠦ ᠬᠡᠷᠡᠭᠯᠡᠬᠦ᠎ᠳᠦ ᠲᠤᠬᠢᠷᠠᠨ᠎ᠠ᠃ ᠪᠠᠢᠭᠤᠯᠤᠮᠵᠢ ᠎ᠶᠢᠨ ᠲᠣᠬᠢᠷᠠᠭᠤᠯᠤᠯᠲᠠ ᠬᠢᠬᠦ᠎ᠳᠦ ᠴᠠᠭ ᠬᠡᠷᠡᠭᠰᠡᠬᠦ᠎ᠶᠢ ᠪᠣᠳᠣᠯᠬᠢᠯᠠᠨ᠂ ᠰᠢᠨ᠎ᠡ ᠲᠣᠭᠲᠠᠭᠠᠯ᠎ᠢ ᠡᠨᠡ ᠵᠢᠯ᠎ᠦᠨ 8 ᠰᠠᠷ᠎ᠠ᠎ᠶᠢᠨ 1᠎ᠦ ᠡᠳᠦᠷ᠎ᠡᠴᠡ ᠡᠬᠢᠯᠡᠨ ᠬᠡᠷᠡᠭᠵᠢᠭᠦᠯᠬᠦ ᠪᠣᠯᠣᠨ᠎ᠠ᠃

ᠢᠷᠡᠯᠲᠡ ᠄ ᠲᠦᠪ ᠲᠸᠯᠸᠢᠰ᠎ᠤᠨ ᠰᠤᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号