ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠄ 2026 ᠣᠨ᠎ᠤ ᠥᠪᠥᠷ ᠮᠣᠩᠭᠣᠯ᠎ᠤᠨ
ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠦᠨ
ᠲᠠᠰ ᠳᠡᠪᠰᠢᠭᠦᠯᠵᠦ᠂ ᠨᠥᠬᠥᠪᠦᠷᠢ ᠥᠭᠬᠦ ᠬᠡᠪᠴᠢᠶ᠎ᠡ᠂ ᠭᠤᠶᠤᠴᠢᠯᠠᠨ ᠠᠪᠬᠤ ᠲᠣᠭᠲᠠᠴᠠ᠂ ᠦᠢᠯᠡᠴᠢᠯᠡᠭᠡᠨ᠎ᠦ ᠬᠦᠴᠦᠨ
ᠴᠢᠳᠠᠪᠤᠷᠢ ᠵᠡᠷᠭᠡ ᠲᠠᠯ᠎ᠠ᠎ᠪᠠᠷ ᠰᠢᠪᠲᠤᠯᠤᠯᠲᠠ ᠭᠠᠷᠭᠠᠵᠤ᠂ ᠱᠠᠩᠨᠠᠯᠲᠤ ᠪᠠᠷᠢᠮᠲᠠ᠎ᠶᠢᠨ ᠲᠤᠷᠰᠢᠯᠲᠠ ᠵᠢᠨ ᠬᠣᠲᠠ᠎ᠶᠢᠨ
ᠲᠥᠷᠥ᠎ᠶᠢᠨ ᠪᠣᠳᠣᠯᠭ᠎ᠠ᠎ᠶᠢ ᠵᠡᠷᠭᠡ ᠳ᠋ᠦ᠍ᠨᠢ ᠬᠡᠷᠡᠭᠵᠢᠭᠦᠯᠵᠦ᠂ ᠬᠡᠷᠡᠭᠯᠡᠭᠡᠨ᠎ᠦ ᠳᠠᠯᠳᠠ ᠬᠦᠴᠦᠨ᠎ᠢ ᠦᠷᠭᠦᠯᠵᠢᠯᠡᠨ
ᠪᠠᠳᠠᠷᠠᠭᠤᠯᠵᠤ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠪᠡ᠃
2026
ᠣᠨ᠎ᠠᠴᠠ ᠨᠠᠭᠠᠰᠢ᠂ ᠥᠪᠥᠷ ᠮᠣᠩᠭᠣᠯ ᠨᠡᠶ᠋ᠢᠲᠡ 70.8 ᠲᠦᠮᠡᠨ ᠢᠵᠢ ᠵᠢ ᠬᠠᠭᠤᠴᠢᠨ᠎ᠢᠶᠠᠷ ᠰᠢᠨ᠎ᠡ᠎ᠪᠡᠷ ᠰᠣᠯᠢᠵᠤ᠂
ᠬᠡᠷᠡᠭᠯᠡᠭᠡ᠎ᠶᠢ 67.4 ᠳ᠋ᠦᠩᠰᠢᠭᠤᠷ ᠲᠥᠭᠥᠷᠢᠭ ᠳᠠᠶ᠋ᠢᠴᠢᠯᠠᠪᠠ᠃ ᠡᠨᠡ ᠵᠢᠯ᠎ᠦᠨ ᠲᠥᠷᠥ᠎ᠶᠢᠨ ᠪᠣᠳᠣᠯᠭ᠎ᠠ ᠨᠢ
ᠤᠯᠤᠰ᠎ᠤᠨ ᠣᠷᠳᠣ᠌ ᠬᠤᠭᠤᠴᠠᠭᠠᠨ᠎ᠤ ᠤᠯᠤᠰ᠎ᠤᠨ ᠣᠨᠴᠠᠭᠠᠶ ᠵᠢᠭᠡᠯᠡᠯᠭᠡ᠎ᠶᠢᠨ ᠪᠡᠯᠡ ᠮᠥᠩᠭᠥ᠎ᠳᠦ ᠲᠦᠰᠢᠭᠯᠡᠨ᠂
ᠬᠡᠷᠡᠭᠯᠡᠭᠡ᠎ᠶᠢᠨ ᠨᠡᠮᠡᠭᠳᠡᠯ᠎ᠢ ᠭᠣᠣᠯᠳᠠᠯᠭ᠎ᠠ᠎ᠲᠠᠢ ᠥᠷᠭᠡᠳᠬᠡᠵᠦ᠂ ᠰᠠᠭᠤᠭᠠᠯᠢ ᠠᠷᠠᠳ᠎ᠤᠨ ᠰᠢᠨᠡᠴᠢᠯᠡᠬᠦ ᠥᠪᠡᠷ᠎ᠦᠨ
ᠥᠷᠲᠡᠭ᠎ᠢ ᠪᠠᠭᠤᠷᠠᠭᠤᠯᠤᠨ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ ᠪᠡᠨ ᠬᠤᠪᠢᠷᠠᠭᠤᠯᠬᠤ᠎ᠶᠢ
ᠠᠬᠢᠭᠤᠯᠤᠨ᠎ᠠ᠃
ᠮᠠᠰᠢᠨ ᠲᠡᠷᠭᠡᠨ᠎ᠦ ᠬᠦᠷᠢᠶᠠᠨ
ᠳ᠋ᠡᠬᠢ ᠨᠥᠬᠥᠪᠦᠷᠢ᠎ᠶᠢᠨ ᠬᠡᠪᠴᠢᠶ᠎ᠡ᠎ᠶᠢ ᠥᠷᠭᠡᠳᠬᠡᠵᠦ᠂ ᠬᠠᠭᠤᠴᠢᠨ ᠮᠠᠰᠢᠨ ᠲᠡᠷᠭᠡᠨ᠎ᠦ ᠵᠢᠯ ᠬᠤᠭᠤᠴᠠᠭ᠎ᠠ᠎ᠶᠢ
ᠠᠭᠤᠵᠢᠭᠤ ᠲᠠᠯᠪᠢᠵᠤ᠂ ᠴᠢᠶᠢᠦ ᠲᠣᠰᠣᠨ᠎ᠤ ᠰᠠᠭᠤᠳᠠᠯ᠎ᠤᠨ ᠮᠠᠰᠢᠨ ᠲᠡᠷᠭᠡ᠎ᠶᠢ ᠳᠠᠩᠰᠠᠯᠠᠭᠤᠯᠤᠨ ᠲᠡᠮᠳᠡᠭᠯᠡᠬᠦ
ᠴᠠᠭ ᠬᠤᠭᠤᠴᠠᠭ᠎ᠠ᠎ᠶᠢ 2013 ᠣᠨ᠎ᠤ 6 ᠰᠠᠷ᠎ᠠ᠎ᠶᠢᠨ 30᠎ᠤ ᠡᠳᠦᠷ᠎ᠡᠴᠡ ᠡᠮᠦᠨ᠎ᠡ᠂ ᠴᠠᠢᠶᠢᠦ ᠲᠣᠰᠣ᠌ ᠵᠢᠴᠢ ᠪᠤᠰᠤᠳ
ᠲᠦᠯᠡᠰᠢ᠎ᠶᠢᠨ ᠰᠠᠭᠤᠳᠠᠯ᠎ᠤᠨ ᠮᠠᠰᠢᠨ ᠲᠡᠷᠭᠡ᠎ᠶᠢ 2015 ᠣᠨ᠎ᠤ 6 ᠰᠠᠷ᠎ᠠ᠎ᠶᠢᠨ 30᠎ᠤ ᠡᠳᠦᠷ᠎ᠡᠴᠡ ᠡᠮᠦᠨ᠎ᠡ᠂
ᠰᠢᠨ᠎ᠡ ᠡᠨᠧᠷᠭᠢ᠎ᠶᠢᠨ ᠰᠠᠭᠤᠳᠠᠯ᠎ᠤᠨ ᠮᠠᠰᠢᠨ ᠲᠡᠷᠭᠡ᠎ᠶᠢ 2019 ᠣᠨ᠎ᠤ 12 ᠰᠠᠷ᠎ᠠ᠎ᠶᠢᠨ 31᠎ᠦ ᠡᠳᠦᠷ᠎ᠡᠴᠡ
ᠡᠮᠦᠨ᠎ᠡ ᠪᠤᠯᠭᠠᠪᠠ; 《ᠤᠷᠢᠳ ᠵᠢᠠᠷ
ᠲᠡᠮᠳᠡᠭᠲᠦ ᠠᠪᠴᠤ᠂ ᠳᠠᠷᠠᠭ᠎ᠠ ᠨᠢ ᠨᠥᠬᠥᠪᠦᠷᠢ ᠥᠭᠬᠦ》 ᠲᠣᠭᠲᠠᠴᠠ᠎ᠶᠢ
ᠬᠡᠷᠡᠭᠵᠢᠭᠦᠯᠵᠦ᠂ ᠶᠦᠨ ᠱᠠᠨ ᠹᠦ APP ᠪᠡᠷ ᠳᠠᠮᠵᠢᠭᠤᠯᠤᠨ ᠲᠣᠭᠲᠠᠮᠠᠯ ᠬᠤᠭᠤᠴᠠᠭ᠎ᠠ ᠲᠠᠢ᠎ᠪᠠᠷ ᠨᠥᠬᠥᠪᠦᠷᠢ ᠥᠭᠬᠦ ᠬᠢᠷᠢ
ᠬᠡᠮ᠎ᠦᠨ ᠲᠡᠮᠳᠡᠭᠲᠦ᠎ᠶᠢ ᠣᠯᠭᠣᠪᠠ; ᠲᠠᠪᠴᠠᠩ ᠣᠯᠠᠨ ᠰᠠᠯᠠᠭ᠎ᠠ
ᠮᠥᠴᠢᠷ᠎ᠦᠨ ᠲᠣᠭ᠎ᠠ ᠪᠠᠷᠢᠮᠲᠠ᠎ᠶᠢ ᠬᠣᠯᠪᠣᠨ ᠨᠠᠪᠲᠠᠷᠡᠭᠦᠯᠵᠦ᠂ ᠨᠠᠩ ᠣᠨᠣᠪᠴᠢᠲᠠᠶ ᠪᠥᠭᠡᠳ ᠥᠨᠳᠥᠷ
ᠪᠦᠲᠦᠮᠵᠢᠲᠡᠶ ᠬᠢᠨᠠᠨ ᠬᠠᠷᠭᠤᠭᠤᠯᠪᠠ᠃
ᠭᠡᠷ᠎ᠦᠨ ᠴᠠᠬᠢᠯᠭᠠᠨ
ᠬᠡᠷᠡᠭᠰᠡᠯ᠂ ᠲᠣᠭᠠᠴᠢᠯᠠᠭᠰᠠᠨ ᠦᠢᠯᠡᠳᠬᠦᠨ ᠪᠠ ᠣᠶᠤᠨᠲᠤ ᠦᠢᠯᠡᠳᠬᠦᠨ᠎ᠦ ᠬᠦᠷᠢᠶᠡᠨ᠎ᠳᠦ ᠣᠶᠤᠨᠲᠤ ᠨᠢᠳᠦᠨ
ᠰᠢᠯ᠎ᠦᠨ ᠨᠥᠬᠥᠪᠦᠷᠢ ᠥᠭᠬᠦ ᠲᠥᠷᠥᠯ ᠵᠦᠢᠯ᠎ᠢ ᠰᠢᠨ᠎ᠡ᠎ᠪᠡᠷ ᠨᠡᠮᠡᠭᠳᠡᠭᠦᠯᠪᠡ᠃ ᠬᠠᠶᠠᠭᠳᠠᠮᠠᠯ ᠬᠠᠭᠤᠴᠢᠨ
ᠭᠡᠷ᠎ᠦᠨ ᠴᠠᠬᠢᠯᠭᠠᠨ ᠬᠡᠷᠡᠭᠰᠡᠯ᠎ᠢ ᠡᠭᠡᠭᠦᠯᠦᠨ ᠬᠤᠷᠢᠶᠠᠬᠤ᠎ᠶᠢ ᠰᠢᠯᠢᠳᠡᠭᠵᠢᠭᠦᠯᠵᠦ᠂ ᠲᠥᠷᠥ᠎ᠶᠢᠨ
ᠪᠣᠳᠣᠯᠭ᠎ᠠ᠎ᠳᠤ ᠣᠷᠣᠯᠴᠠᠭᠰᠠᠨ ᠭᠣᠣᠯ ᠴᠣᠭᠴᠠ᠎ᠨᠤᠭᠤᠳ ᠡᠷᠬᠡᠪᠰᠢ ᠬᠠᠶᠠᠭᠳᠠᠮᠠᠯ ᠬᠠᠭᠤᠴᠢᠨ ᠭᠡᠷ᠎ᠦᠨ
ᠴᠠᠬᠢᠯᠭᠠᠨ ᠬᠡᠷᠡᠭᠰᠡᠯ᠎ᠢ ᠡᠭᠡᠭᠦᠯᠦᠨ ᠬᠤᠷᠢᠶᠠᠬᠤ ᠴᠢᠳᠠᠪᠤᠷᠢ᠎ᠶᠢ ᠪᠦᠷᠢᠳᠦᠭᠦᠯᠵᠦ᠂ ᠰᠢᠨ᠎ᠡ ᠪᠠ ᠬᠠᠭᠤᠴᠢᠨ᠎ᠢ
ᠬᠣᠷᠢᠶᠠᠨ ᠠᠪᠬᠤ ᠨᠢᠭᠡ ᠥᠷᠲᠡᠭᠡᠴᠢᠯᠡᠭᠰᠡᠨ ᠮᠠᠶᠢᠭ᠋᠎ᠤᠨ ᠦᠢᠯᠡᠴᠢᠯᠡᠭᠡ ᠬᠠᠩᠭᠠᠬᠤ᠎ᠶᠢ ᠱᠠᠭᠠᠷᠳᠠᠪᠠ᠃
ᠨᠥᠬᠥᠪᠦᠷᠢ ᠭᠤᠶᠤᠴᠢᠯᠠᠨ
ᠠᠪᠬᠤ ᠶᠠᠪᠤᠴᠠ ᠨᠢ ᠳᠥᠭᠥᠮ ᠳᠥᠲᠡ ᠪᠠᠢᠵᠤ᠂ ᠬᠡᠷᠡᠭᠯᠡᠭᠴᠢᠳ ᠶᠦᠨ ᠱᠠᠨ ᠹᠦ APP ᠵᠢᠨ 《ᠬᠠᠭᠤᠴᠢᠨ᠎ᠢᠶᠠᠷ
ᠰᠢᠨ᠎ᠡ᠎ᠶᠢ ᠰᠣᠯᠢᠬᠤ》 ᠳᠠᠷᠤᠪᠴᠢ ᠪᠡᠷ ᠤᠷᠤᠵᠤ ᠬᠢᠷᠢ ᠬᠡᠮ᠎ᠦᠨ
ᠲᠡᠮᠳᠡᠭᠲᠦ᠎ᠪᠡᠨ ᠠᠪᠴᠤ᠂ ᠮᠠᠰᠢᠨ ᠲᠡᠷᠭᠡᠨ᠎ᠤ ᠬᠢᠨ ᠰᠠᠷ᠎ᠠ ᠪᠦᠷᠢ᠎ᠶᠢᠨ 15᠎ᠤ ᠡᠳᠦᠷ ᠲᠣᠰ ᠰᠠᠷ᠎ᠠ᠎ᠶᠢᠨ ᠲᠡᠮᠳᠡᠭᠲᠦ᠎ᠪᠡᠨ
ᠲᠠᠷᠬᠠᠭᠠᠵᠤ᠂ ᠭᠡᠷ᠎ᠦᠨ ᠴᠠᠬᠢᠯᠭᠠᠨ ᠬᠡᠷᠡᠭᠰᠡᠯ᠂ ᠲᠣᠭᠠᠴᠢᠯᠠᠭᠰᠠᠨ ᠦᠢᠯᠡᠳᠬᠦᠨ ᠪᠠ ᠣᠶᠤᠨᠲᠤ ᠦᠢᠯᠡᠳᠬᠦᠨ᠎ᠤ
ᠬᠢ ᠡᠳᠦᠷ ᠪᠦᠷᠢ ᠵᠢᠨ 8᠄ 30 — 22᠄ 00᠎ᠤᠨ ᠬᠤᠭᠤᠷᠤᠨᠳᠤ ᠠᠪᠴᠤ᠂ ᠲᠣᠰ ᠡᠳᠦᠷ᠎ᠲᠡᠬᠡᠨ ᠬᠦᠴᠦᠨ᠎ᠲᠠᠢ᠃ ᠠᠪᠤᠭᠰᠠᠨ᠎ᠤ
ᠳᠠᠷᠠᠭ᠎ᠠ ᠲᠣᠭᠲᠠᠭᠰᠠᠨ ᠬᠤᠭᠤᠴᠠᠭᠠᠨ ᠳᠣᠲᠣᠷ᠎ᠠ ᠮᠠᠰᠢᠨ ᠲᠡᠷᠭᠡ ᠬᠤᠳᠠᠯᠳᠤᠨ ᠠᠪᠴᠤ᠂ ᠰᠢᠨ᠎ᠡ᠎ᠶᠢ ᠬᠤᠳᠠᠯᠳᠤᠨ
ᠠᠪᠤᠬᠰᠠᠨ᠎ᠤ ᠳᠠᠷᠤᠢᠬᠠᠨ ᠳᠠᠷᠤᠢ ᠨᠥᠬᠥᠪᠦᠷᠢ ᠠᠪᠬᠤ᠎ᠪᠠᠷ ᠭᠤᠶᠤᠴᠢᠯᠠᠵᠤ ᠪᠣᠯᠣᠨ᠎ᠠ᠃
ᠡᠭᠦᠨ᠎ᠡᠴᠡ ᠭᠠᠳᠠᠨ᠎ᠠ᠂ ᠬᠥᠬᠡᠬᠣᠲᠠ ᠪᠥᠬᠥ
ᠤᠯᠤᠰ᠎ᠤᠨ ᠱᠠᠩᠨᠠᠯᠲᠤ ᠪᠠᠷᠢᠮᠲᠠ᠎ᠶᠢᠨ ᠲᠤᠷᠰᠢᠯᠲᠠ ᠵᠢᠨ ᠬᠣᠲᠠ ᠪᠣᠯᠤᠭᠰᠠᠨ᠎ᠤ ᠬᠤᠪᠢ᠎ᠳᠤ᠂ 2 ᠰᠠᠷ᠎ᠠ᠎ᠶᠢᠨ 12᠎ᠤᠨ ᠡᠳᠦᠷ᠎ᠡᠴᠡ
7 ᠰᠠᠷ᠎ᠠ᠎ᠶᠢᠨ 31᠎ᠦ ᠡᠳᠦᠷ ᠪᠣᠯᠲᠠᠯ᠎ᠠ 《ᠪᠠᠷᠢᠮᠲᠠ ᠬᠠᠩᠭᠠᠭᠰᠠᠳ᠎ᠲᠤ ᠶᠡᠬᠡ ᠱᠠᠩᠨᠠᠯ
ᠣᠯᠭᠣᠬᠤ》 ᠠᠵᠢᠯᠯᠠᠭ᠎ᠠ ᠥᠷᠨᠢᠭᠦᠯᠵᠦ᠂ ᠬᠤᠪᠢ ᠬᠥᠮᠥᠨ 100 ᠲᠥᠭᠥᠷᠢᠭ᠎ᠡᠴᠡ ᠳᠡᠭᠡᠭᠰᠢᠬᠢ
ᠬᠡᠷᠡᠭᠯᠡᠭᠡ ᠬᠢᠭᠰᠡᠨ ᠪᠤᠯ ᠳᠠᠷᠤᠢ ᠪᠠᠷᠢᠮᠲᠠ ᠭᠠᠷᠭᠠᠭᠠᠳ
ᠣᠷᠣᠯᠴᠠᠵᠤ ᠪᠣᠯᠣᠨ᠎ᠠ᠃ 3 ᠰᠠᠷ᠎ᠠ᠎ᠶᠢᠨ 12᠎ᠤᠨ ᠡᠳᠦᠷ ᠪᠣᠯᠲᠠᠯ᠎ᠠ᠂ 1.4 ᠲᠦᠮᠡᠨ ᠬᠤᠳᠠᠯᠳᠤᠭᠠᠴᠢᠨ ᠡᠷᠦᠬᠡ
ᠣᠷᠣᠯᠴᠠᠵᠤ᠂ ᠣᠷᠣᠯᠴᠠᠭᠰᠠᠨ ᠬᠥᠮᠥᠨ᠎ᠦ ᠲᠣᠭ᠎ᠠ 30 ᠲᠦᠮᠡᠨ ᠬᠥᠮᠥᠨ ᠤᠳᠠᠭ᠎ᠠ᠎ᠳᠤ ᠬᠦᠷᠴᠦ᠂ 4000 ᠲᠦᠮᠡᠨ ᠲᠥᠭᠥᠷᠢᠭ᠎ᠦᠨ
ᠨᠥᠬᠥᠪᠦᠷᠢ ᠮᠥᠩᠭᠥ᠎ᠶᠢ ᠬᠡᠷᠡᠭᠯᠡᠵᠦ᠂ 4 ᠳ᠋ᠦᠩᠰᠢᠭᠤᠷ ᠲᠥᠭᠥᠷᠢᠭ ᠭᠠᠷᠤᠢ ᠵᠢᠨ ᠬᠡᠷᠡᠭᠯᠡᠭᠡ᠎ᠶᠢ ᠰᠢᠭᠤᠳ ᠳᠠᠢᠴᠢᠯᠠᠵᠤ᠂
1.7 ᠳ᠋ᠦᠩᠰᠢᠭᠤᠷ ᠲᠥᠭᠥᠷᠢᠭ ᠭᠠᠷᠤᠢ ᠵᠢᠨ ᠬᠣᠶᠠᠳᠤᠭᠠᠷ ᠤᠳᠠᠭ᠎ᠠ᠎ᠶᠢᠨ ᠬᠡᠷᠡᠭᠯᠡᠭᠡ᠎ᠶᠢ ᠳᠠᠢᠴᠢᠯᠠᠪᠠ᠃