ᠥᠪᠥᠷ ᠮᠣᠩᠭᠣᠯ 2026 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠲᠸ᠋ ᠵᠤᠷᠢᠭᠤᠯᠤᠭᠰᠠᠨ ᠬᠠᠪᠤᠷ᠎ᠤᠨ ᠤᠯᠠᠷᠢᠯ᠎ᠤᠨ ᠠᠵᠢᠯᠲᠠᠨ ᠤᠷᠢᠵᠤ ᠡᠯᠰᠡᠬᠦ ᠴᠤᠭᠯᠠᠭᠠᠨ ᠡᠷᠭᠢᠯᠡᠪᠡ
2026-03-18 10:08:22
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 15᠎ᠤ᠋ ᠡᠳᠦᠷ᠂ ᠥᠪᠥᠷ ᠮᠣᠩᠭᠣᠯ᠎ᠤᠨ 2026 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠸ᠋ ᠵᠤᠷᠢᠭᠤᠯᠤᠭᠰᠠᠨ ᠬᠠᠪᠤᠷ᠎ᠤᠨ ᠤᠯᠠᠷᠢᠯ᠎ᠤᠨ ᠲᠣᠮᠣ᠌ ᠬᠡᠯᠪᠡᠷᠢ᠎ᠶᠢᠨ ᠠᠵᠢᠯᠲᠠᠨ ᠤᠷᠢᠵᠤ ᠡᠯᠰᠡᠬᠦ ᠴᠤᠭᠯᠠᠭᠠᠨ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃ ᠤᠷᠢᠵᠤ ᠡᠯᠰᠡᠬᠦ ᠴᠤᠭᠯᠠᠭᠠᠨ ᠢ᠋ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠳᠠᠭᠠᠭᠠᠴᠢᠯᠠᠨ ᠡᠷᠭᠢᠯᠡᠵᠡᠢ᠃

ᠲᠣᠰ ᠤᠳᠠᠭᠠᠨ᠎ᠤ ᠠᠵᠢᠯᠲᠠᠨ ᠤᠷᠢᠵᠤ ᠡᠯᠰᠡᠬᠦ ᠴᠤᠭᠯᠠᠭᠠᠨ ᠨᠢ ᠲᠤᠬᠠᠢ᠎ᠶᠢᠨ ᠲᠠᠯᠠᠪᠤᠷ᠎ᠲᠤ᠌ ᠵᠣᠯᠭᠠᠭᠤᠯᠬᠤ᠎ᠪᠠᠷ ᠭᠣᠣᠯ ᠪᠣᠯᠭᠠᠵᠤ᠂ ᠵᠡᠷᠬᠡ ᠳ᠋ᠤᠨᠢ ᠥᠪᠥᠷ ᠮᠣᠩᠭᠣᠯ᠎ᠤᠨ ᠣᠶᠤᠲᠠᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠠᠪᠴᠠᠩ᠎ᠳᠤ ᠲᠦᠰᠢᠭᠯᠡᠨ ᠰᠦᠯᠵᠢᠶᠡᠨ ᠳᠡᠭᠡᠷᠡᠬᠢ ᠲᠠᠪᠴᠠᠩ᠎ᠤᠨ ᠳᠡᠮᠵᠢᠯᠭᠡ ᠬᠠᠩᠭᠠᠵᠤ᠂ 《ᠠᠬᠤᠢ ᠳᠠᠯᠠᠪᠠᠢ ᠳ᠋ᠤ ᠰᠢᠭᠤᠳ ᠤᠷᠢᠬᠤ + ᠰᠦᠯᠵᠢᠶᠡᠨ ᠳᠡᠭᠡᠷ᠎ᠡ ᠬᠦᠴᠦᠨ ᠣᠯᠭᠣᠬᠤ》 ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠵᠠᠭᠪᠤᠷ᠎ᠢ ᠪᠣᠶ ᠪᠣᠯᠭᠠᠪᠠ᠃ ᠠᠵᠢᠯᠲᠠᠨ ᠤᠷᠢᠵᠤ ᠡᠯᠰᠡᠬᠦ ᠴᠤᠭᠯᠠᠭᠠᠨ᠎ᠳᠤ ᠳᠤᠮᠳᠠᠳᠤ ᠤᠯᠤᠰ᠎ᠤᠨ ᠠᠮᠤ ᠪᠤᠳᠠᠭᠠᠨ᠎ᠤ ᠪᠦᠯᠦᠭᠯᠡᠯ᠂ ᠢᠯᠢ ᠪᠦᠯᠦᠭᠯᠡᠯ ᠵᠡᠷᠬᠡ ᠤᠷᠤᠨ᠎ᠤ ᠳᠤᠳᠤᠨ᠎ᠠ ᠭᠠᠳᠠᠨᠠᠬᠢ 126 ᠰᠢᠯᠢᠳᠡᠭ ᠠᠵᠤ ᠠᠬᠤᠢᠯᠠᠯ ᠴᠤᠭᠯᠠᠷᠠᠵᠤ᠂ 3000 ᠭᠠᠷᠤᠢ ᠠᠵᠢᠯ᠎ᠤᠨ ᠪᠠᠢᠷᠢ ᠬᠠᠩᠭᠠᠵᠤ᠂ ᠢᠳᠡᠭᠡᠨ ᠤᠮᠳᠠᠭᠠᠨ᠂ ᠲᠠᠷᠢᠶᠠᠯᠠᠩ ᠮᠠᠯ ᠠᠵᠤ ᠠᠬᠤᠢ ᠲᠡᠵᠢᠭᠡᠨ ᠦᠷᠡᠵᠢᠭᠦᠯᠬᠦ᠂ ᠠᠮᠢᠳᠤ ᠪᠣᠳᠠᠰ᠎ᠤᠨ ᠡᠮ ᠡᠮᠨᠡᠯᠭᠡ᠂ ᠰᠢᠨ᠎ᠡ ᠡᠨᠧᠷᠭᠢ᠂ ᠮᠥᠩᠭᠥᠨ ᠭᠦᠢᠯᠭᠡᠭᠡ ᠳᠠᠭᠠᠳᠬᠠᠯ᠂ ᠪᠠᠷᠢᠯᠭ᠎ᠠ᠎ᠶᠢᠨ ᠢᠨᠵᠧᠨᠧᠷᠢᠩ᠂ ᠰᠤᠷᠭᠠᠨ ᠬᠥᠮᠦᠵᠢᠯ᠎ᠦᠨ ᠵᠥᠪᠯᠡᠯᠭᠡ ᠵᠡᠷᠭᠡ ᠣᠯᠠᠨ ᠠᠵᠢᠯ ᠲᠥᠷᠥᠯ᠎ᠦᠨ ᠬᠦᠷᠢᠶ᠎ᠡ ᠴᠠᠷᠠᠭ᠎ᠠ᠎ᠶᠢ ᠬᠠᠮᠤᠷᠪᠠ᠃ ᠠᠵᠢᠯᠯᠠᠭ᠎ᠠ᠎ᠶᠢᠨ ᠲᠤᠬᠠᠢ᠎ᠶᠢᠨ ᠲᠠᠯᠠᠪᠤᠷ᠎ᠲᠤ ᠪᠠᠰᠠ ᠠᠵᠢᠯ ᠣᠯᠭᠣᠵᠤ ᠦᠢᠯᠡᠰ ᠪᠤᠰᠬᠠᠬᠤ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠂ ᠲᠤᠰᠬᠠᠢ ᠮᠡᠷᠭᠡᠵᠢᠯ᠎ᠦᠨ ᠠᠵᠢᠯ ᠣᠯᠭᠣᠯᠲᠠ᠎ᠶᠢᠨ ᠵᠢᠯᠣᠭᠣᠳᠤᠯᠭ᠎ᠠ᠂ ᠲᠣᠪᠴᠢ ᠨᠠᠮᠲᠠᠷ᠎ᠤᠨ ᠵᠢᠯᠤᠭᠤᠳᠤᠯᠭ᠎ᠠ ᠵᠡᠷᠭᠡ ᠢᠵᠢ ᠪᠦᠷᠢᠳᠦᠭᠰᠡᠨ ᠦᠢᠯᠡᠴᠢᠯᠡᠭᠡ᠎ᠶᠢ ᠵᠡᠷᠭᠡ᠎ᠪᠡᠷ ᠥᠷᠨᠢᠭᠦᠯᠵᠦ᠂ ᠲᠡᠭᠦᠰᠬᠦ ᠰᠤᠷᠤᠭ᠍ᠴᠢᠳ᠎ᠲᠤ ᠠᠵᠢᠯ᠎ᠤᠨ ᠪᠠᠢᠷᠢ᠎ᠶᠢ ᠵᠣᠯᠭᠠᠭᠤᠯᠬᠤ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ᠎ᠡᠴᠡ ᠠᠵᠢᠯ ᠮᠡᠷᠭᠡᠵᠢᠯ᠎ᠦᠨ ᠲᠥᠯᠦᠪᠵᠢᠭᠦᠯᠭᠡ ᠬᠦᠷᠲᠡᠯᠡᠬᠢ ᠨᠢᠭᠡ ᠦᠷᠳᠡᠬᠡᠴᠢᠯᠡᠭᠰᠡᠨ ᠮᠠᠶᠢᠭ᠋᠎ᠤᠨ ᠠᠵᠢᠯ ᠣᠯᠭᠣᠯᠲᠠ᠎ᠶᠢᠨ ᠬᠠᠪᠰᠤᠷᠤᠯᠭ᠎ᠠ ᠬᠠᠩᠭᠠᠪᠠ᠃

ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠲᠠᠷᠢᠶᠠᠯᠠᠩ᠎ᠤᠨ ᠮᠠᠰᠢᠨᠴᠢᠯᠠᠯᠲᠠ ᠵᠢᠴᠢ ᠠᠦ᠋ᠲ᠋ᠣᠴᠢᠯᠠᠯᠲᠠ᠎ᠶᠢᠨ ᠲᠤᠰᠬᠠᠢ ᠮᠡᠷᠭᠡᠵᠢᠯ᠎ᠦᠨ ᠳᠥᠷᠪᠡᠳᠦᠭᠡᠷ ᠣᠨ᠎ᠤ ᠰᠣᠷᠣᠭ᠍ᠴᠢ ᠮᠧᠩ ᠳᠧ ᠵᠣᠣ ᠥᠪᠡᠷ᠎ᠦᠨ ᠲᠣᠭᠣᠭᠰᠠᠨ ᠠᠵᠤ ᠠᠬᠤᠢᠯᠠᠯ᠎ᠪᠤᠯᠬᠤ ᠳᠤᠮᠳᠠᠳᠤ ᠤᠯᠤᠰ᠎ᠤᠨ ᠠᠮᠤ ᠪᠤᠳᠠᠭ᠎ᠠ ᠮᠢᠬᠠᠨ ᠢᠳᠡᠭᠡᠨ (ᠪᠡᠭᠡᠵᠢᠩ) ᠤ᠋ ᠬᠢᠵᠠᠭᠠᠷᠲᠤ ᠺᠣᠮᠫᠠᠨᠢ᠎ᠳᠤ ᠲᠣᠪᠴᠢ ᠨᠠᠮᠲᠠᠷ᠎ᠢᠶᠠᠨ ᠦᠭᠬᠦᠯ᠎ᠡ᠃ 《ᠪᠢ ᠡᠨᠡ ᠠᠵᠤ ᠠᠬᠤᠢᠯᠠᠯ᠎ᠢ ᠭᠤᠤᠯᠳᠠᠯᠭ᠎ᠠ ᠳᠠᠢ ᠤᠢᠯᠠᠭᠠᠭᠰᠠᠨ᠂ ᠬᠡᠪᠴᠢᠶ᠎ᠡ᠎ᠪᠡᠷ ᠶᠡᠬᠡ᠂ ᠬᠦᠷᠳᠡᠮᠵᠢ ᠤᠯᠭᠤᠮᠵᠢ ᠪᠡᠷ ᠰᠠᠢᠨ᠂ ᠰᠦᠯᠵᠢᠶᠡᠨ ᠳᠡᠭᠡᠷ᠎ᠡ ᠲᠣᠪᠴᠢ ᠨᠠᠮᠲᠠᠷ᠎ᠢᠶᠠᠨ ᠳᠡᠪᠰᠢᠬᠦᠯᠵᠦ ᠦᠩᠬᠡᠷᠡᠵᠡᠢ》 ᠬᠡᠵᠦ ᠳᠡᠷᠡ ᠶᠠᠷᠢᠨ᠎ᠠ᠃ ᠪᠦᠷᠢᠳᠬᠡᠯ ᠵᠢᠡᠷ᠂ ᠠᠵᠢᠯᠲᠠᠨ ᠤᠷᠢᠵᠤ ᠡᠯᠰᠡᠬᠦ ᠴᠤᠭᠯᠠᠭᠠᠨ᠎ᠳᠤ ᠣᠷᠣᠯᠴᠠᠭᠰᠠᠨ ᠰᠤᠷᠤᠭ᠍ᠴᠢᠳ᠎ᠤᠨ ᠲᠣᠭ᠎ᠠ 4300 ᠭᠠᠷᠤᠢ ᠪᠠᠢᠵᠤ᠂ ᠰᠦᠯᠵᠢᠶᠡᠨ ᠳᠡᠭᠡᠷ᠎ᠡ ᠠᠩᠬᠠᠷᠤᠯ ᠲᠠᠯᠪᠢᠭᠰᠠᠳ 2 ᠲᠦᠮᠡ ᠰᠢᠬᠠᠮ ᠬᠥᠮᠥᠨ ᠤᠳᠠᠭ᠎ᠠ᠎ᠳᠤ ᠬᠦᠷᠴᠡᠢ᠃ ᠳᠤᠰ ᠡᠳᠦᠷ ᠪᠠᠰᠠ 20 ᠭᠠᠷᠤᠢ ᠠᠵᠤ ᠠᠬᠤᠢᠯᠠᠯ ᠨᠢᠭᠤᠷᠲᠠᠨ ᠰᠢᠯᠭᠠᠬᠤ ᠰᠢᠯᠭᠠᠯᠳᠠ ᠲᠣᠬᠢᠷᠠᠭᠤᠯᠵᠠᠢ᠃

ᠤᠢᠯᠠᠭᠠᠭᠰᠠᠨ ᠵᠢᠡᠷ᠂ 3 ᠰᠠᠷ᠎ᠠ᠎ᠶᠢᠨ ᠳᠤᠮᠳᠠᠴᠢ᠎ᠰᠡᠬᠦᠯᠴᠢ ᠪᠡᠷ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ ᠵᠡᠷᠭᠡ ᠲᠠᠢ ᠬᠠᠮᠲᠤᠷᠠᠨ ᠭᠠᠵᠠᠷ ᠣᠷᠣᠨ ᠠᠯᠤᠰᠯᠠᠭᠰᠠᠨ᠂ ᠠᠵᠢᠯ ᠲᠥᠷᠥᠯ ᠬᠤᠪᠢᠶᠠᠭᠰᠠᠨ ᠡᠯ᠎ᠡ ᠲᠥᠷᠥᠯ᠎ᠦᠨ ᠠᠵᠢᠯᠲᠠᠨ ᠤᠷᠢᠵᠤ ᠡᠯᠰᠡᠬᠦ ᠠᠵᠢᠯᠯᠠᠭ᠎ᠠ ᠶ᠋ᠢ 50 ᠣᠷᠴᠢᠮ ᠡᠷᠭᠢᠯᠡᠨ᠎ᠡ᠃ ᠴᠢᠨᠠᠷ ᠰᠠᠢᠲᠠᠢ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠲᠠᠰᠤᠷᠠᠯᠲᠠ ᠦᠭᠡᠢ ᠨᠡᠢᠳᠬᠡᠵᠦ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠦᠨ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠲᠠᠰᠤᠷᠠᠯᠲᠠ ᠦᠭᠡᠢ ᠠᠵᠢᠯ ᠣᠯᠭᠣᠯᠲᠠ᠎ᠶᠢᠨ ᠵᠢᠯᠣᠭᠣᠳᠤᠯᠭ᠎ᠠ ᠪᠠ ᠠᠵᠢᠯ᠎ᠤᠨ ᠪᠠᠢᠷᠢ᠎ᠶᠢ ᠵᠣᠯᠭᠠᠭᠤᠯᠬᠤ ᠦᠢᠯᠡᠴᠢᠯᠡᠭᠡ ᠬᠠᠩᠭᠠᠵᠤ᠂ 2026 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠤᠷᠤᠭᠰᠢᠲᠠᠢ ᠠᠵᠢᠯ ᠣᠯᠬᠤ᠂ ᠴᠢᠨᠠᠷ ᠰᠠᠢᠲᠠᠢ ᠠᠵᠢᠯ ᠣᠯᠬᠤ᠎ᠶᠢ ᠪᠥᠬᠥ ᠬᠦᠴᠦᠨ᠎ᠢᠶᠡᠷ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号