《ᠬᠦᠮᠦᠨ᠎ᠤ ᠰᠡᠷᠭᠡᠢᠯᠡᠯᠲᠡ + ᠮᠡᠷᠭᠡᠵᠢᠯ᠎ᠦᠨ ᠰᠡᠷᠭᠡᠢᠯᠡᠯᠲᠡ》 ᠪᠡᠷ ᠣᠶ ᠱᠢᠭᠤᠶ ᠨᠤᠲᠤᠭ ᠪᠡᠯᠴᠢᠭᠡᠷ᠎ᠦᠨ ᠠᠮᠤᠷ ᠲᠦᠪᠱᠢᠨ᠎ᠦ ᠲᠤᠤᠷ᠎ᠢ ᠪᠡᠬᠢᠵᠢᠭᠦᠯᠦᠨ᠎ᠠ
2026-03-18 09:39:22
ᠵᠣᠬᠢᠶᠠᠭ᠍ᠴᠢ᠄
ᠱᠢᠤᠸᠠᠢ ᠯᠠᠶ
ᠣᠩᠱᠢᠭ᠍ᠰᠠᠨ ᠣᠳᠠᠭ᠎ᠠ᠄
★★★☆☆

ᠡᠪᠡᠰᠦ ᠬᠠᠳᠤᠬᠤ ᠮᠠᠱᠢᠨ᠎ᠤ ᠲᠠᠴᠢᠬᠢᠨᠠᠬᠤ ᠲᠠᠭᠤᠨ ᠠᠭᠤᠯᠠᠨ ᠬᠥᠲᠥᠯ᠎ᠢᠶᠡᠷ ᠴᠤᠤᠷᠢᠶᠠᠲᠤᠵᠤ᠂ ᠣᠶ ᠬᠠᠮᠠᠭᠠᠯᠠᠭ᠍ᠴᠢ ᠭᠤᠤ ᠵᠢᠶ ᠵᠥᠩ ᠨᠢᠷᠤᠭᠤ ᠪᠥᠬᠥᠢᠨ ᠮᠠᠰᠢᠨ᠎ᠤ ᠪᠠᠷᠢᠭᠤᠯ᠎ᠢ ᠴᠢᠩᠭ᠎ᠠ ᠠᠳᠭᠤᠵᠤ᠂ ᠬᠠᠭᠠᠰ ᠮᠧᠲ᠋ᠷ ᠥᠨᠳᠥᠷ ᠬᠠᠳᠠᠭ᠍ᠰᠠᠨ ᠡᠪᠡᠰᠦ ᠵᠢ ᠬᠠᠳᠤᠵᠦ ᠤᠨᠠᠭᠠᠨ᠎ᠠ᠃ 《ᠡᠪᠡᠰᠦᠨ᠎ᠤ ᠤᠷᠭᠤᠴᠠ ᠰᠠᠢᠨ ᠪᠤᠯᠬᠤ ᠲᠤᠲᠤᠮ ᠭᠠᠯ᠎ᠤᠨ ᠠᠶᠤᠯ ᠭᠠᠷᠬᠤ ᠪᠤᠯᠤᠮᠵᠢ ᠤᠯᠠᠮ ᠶᠡᠬᠡ ᠪᠣᠯᠤᠨ᠎ᠠ᠂ ᠪᠢᠳᠡ ᠡᠳᠡᠭᠡᠷ ᠳᠠᠯᠳᠠ ᠭᠡᠮ᠎ᠢ ᠲᠦᠷᠭᠡᠬᠡᠨ ᠠᠷᠢᠯᠭᠠᠬᠤ ᠬᠡᠷᠡᠭ᠌ᠲᠡᠶ》 ᠭᠡᠵᠦ ᠲᠡᠷᠡ ᠮᠠᠩᠨᠠᠶ᠎ᠶ᠋ᠢᠨ ᠬᠥᠯᠥᠰᠥ᠎ᠪᠡᠨ ᠠᠷᠴᠢᠬᠤ᠎ᠶᠢᠨ ᠲᠠᠭᠠᠤ ᠬᠠᠵᠠᠭᠤ᠎ᠳᠠᠬᠢ ᠡᠪᠡᠰᠦ ᠬᠤᠷᠢᠶᠠᠵᠦ ᠪᠠᠢᠭ᠎ᠠ ᠬᠠᠨᠢᠲᠠᠨ᠎ᠳᠠᠭᠠᠨ ᠬᠡᠯᠡᠨ᠎ᠡ᠃

ᠣᠳᠣᠬᠠᠨ᠎ᠳᠤ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠠᠵᠢᠯ ᠶᠠᠭ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠵᠤ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠨᠤᠲᠤᠭ ᠪᠡᠯᠴᠢᠭᠡᠷ ᠨᠢᠭᠡ ᠵᠢᠯ᠎ᠦᠨ ᠳᠣᠲᠣᠷᠠᠬᠢ ᠬᠠᠮᠤᠭ᠎ᠤᠨ ᠪᠠᠴᠢᠮ 《ᠰᠡᠷᠭᠡᠢᠯᠡᠯᠲᠡ》 ᠵᠢᠨ ᠪᠠᠢᠳᠠᠯ᠎ᠳᠤ ᠣᠷᠣᠪᠠ᠃ ᠨᠢᠳᠤᠨᠤᠨ ᠵᠤᠨ ᠬᠤᠷ᠎ᠠ ᠪᠣᠷᠣᠭᠠᠨ ᠡᠯᠪᠡᠭ ᠡᠴᠡ ᠡᠨᠳᠡᠬᠢ ᠡᠪᠡᠰᠦ ᠮᠣᠳᠣ ᠢᠭ᠍ᠴᠤ ᠰᠠᠬᠤᠯᠢᠭ ᠪᠤᠯᠵᠦ᠂ ᠤᠢ᠎ᠶ᠋ᠢᠨ ᠳᠣᠲᠣᠷᠠᠬᠢ ᠱᠢᠲᠠᠮᠠᠬᠠᠢ ᠪᠣᠳᠠᠰ᠎ᠤᠨ ᠳᠠᠭᠠᠭᠠᠴᠠ ᠥᠩᠭᠡᠷᠡᠭ᠌ᠰᠡᠨ ᠵᠢᠯ᠎ᠦᠳ ᠲᠠᠢ ᠬᠠᠷᠢᠴᠠᠭᠤᠯᠪᠠᠯ ᠥᠨᠳᠥᠷ ᠲᠦᠪᠱᠢᠨ᠎ᠳᠦ ᠬᠦᠷᠴᠡᠢ᠃ ᠬᠡᠷᠬᠢᠨ ᠡᠨᠡ ᠬᠦ᠌ ᠨᠣᠭᠣᠭᠠᠨ ᠥᠩᠭᠡ᠎ᠶ᠋ᠢ ᠬᠠᠮᠠᠭᠠᠯᠠᠵᠤ᠂ ᠭᠠᠯ᠎ᠤᠨ ᠠᠶᠤᠯ᠎ᠢ ᠰᠡᠷᠭᠡᠢᠯᠡᠬᠦ᠌ ᠪᠣᠶ? ᠤᠷᠠᠳ᠎ᠤᠨ ᠡᠮᠦᠨᠡᠲᠦ ᠬᠣᠱᠢᠭᠤᠨ᠎ᠤ ᠣᠢ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ ᠨᠢ 《ᠰᠡᠷᠭᠡᠢᠯᠡᠬᠦ》 ᠳᠡᠭᠡᠷ᠎ᠡ ᠬᠦᠴᠦ ᠲᠠᠯᠪᠢᠬᠤ ᠬᠡᠷᠡᠭᠲᠡᠢ ᠭᠡᠬᠦ ᠬᠠᠷᠢᠭᠤᠯᠲᠠ ᠦᠭᠴᠡᠢ᠃

ᠪᠠᠶᠠᠨᠬᠤᠸᠠ ᠪᠠᠯᠭᠠᠰᠤᠨ᠎ᠤ ᠴᠠᠭᠠᠨ ᠬᠠᠳᠠ ᠭᠠᠴᠠᠭ᠎ᠠ᠎ᠶ᠋ᠢᠨ ᠠᠷᠢᠯᠭᠠᠨ ᠴᠡᠪᠡᠷᠯᠡᠬᠦ᠌ ᠠᠬᠤᠢ ᠲᠠᠯᠠᠪᠠᠢ᠎ᠳᠤ᠂ ᠤᠷᠠᠳ᠎ᠤᠨ ᠡᠮᠦᠨᠡᠲᠦ ᠬᠣᠱᠢᠭᠤᠨ᠎ᠤ ᠤᠢ ᠱᠢᠭᠤᠢ ᠨᠤᠲᠤᠭ ᠪᠡᠯᠴᠢᠭᠡᠷ᠎ᠦᠨ ᠲᠣᠪᠴᠢᠶᠠᠨ᠎ᠤ ᠠᠵᠢᠯᠳᠠᠨ ᠪᠣᠯᠤᠨ ᠤᠢ ᠬᠠᠮᠠᠭᠠᠯᠠᠭ᠍ᠴᠢ ᠤᠯᠠᠨ ᠵᠠᠮ ᠬᠤᠪᠢᠶᠠᠵᠤ᠂ ᠪᠠᠭᠠᠵᠢ ᠬᠡᠷᠡᠭ᠌ᠰᠡᠯ ᠠᠳᠬᠤᠨ᠂ ᠪᠡᠯ ᠭᠠᠵᠠᠷ᠂ ᠤᠢ᠎ᠶ᠋ᠢᠨ ᠬᠦᠪᠡᠭᠡ᠎ᠶ᠋ᠢᠨ ᠬᠤᠪᠠᠬᠠᠢ ᠨᠠᠪᠴᠢ ᠨᠠᠮᠠᠭ᠎ᠠ᠎ᠶ᠋ᠢ ᠨᠠᠷᠢᠯᠢᠭ ᠴᠡᠪᠡᠷᠯᠡᠵᠦ᠍᠂ ᠬᠣᠭ ᠡᠪᠡᠰᠦ᠎ᠶ᠋ᠢ ᠣᠪᠣᠭᠠᠯᠠᠠ ᠠᠮᠤᠷ ᠲᠦᠪᠱᠢᠨ ᠭᠠᠵᠠᠷ᠎ᠲᠤ ᠱᠢᠯᠵᠢᠭᠦᠯᠪᠡ᠃

ᠬᠠᠷᠢᠨ ᠳᠡᠮᠡᠶ ᠬᠣᠯᠠ ᠦᠭᠡᠢ 110 ᠤᠯᠤᠰ᠎ᠤᠨ ᠵᠠᠮ᠎ᠤᠨ ᠡᠮᠦᠨᠡᠬᠢ ᠠᠭᠤᠯᠠ᠎ᠶ᠋ᠢᠨ ᠬᠡᠰᠡᠭ᠎ᠦᠨ ᠳᠠᠬᠢᠭᠠᠴᠢ ᠣᠷᠣᠨ ᠨᠢ ᠥᠭᠡᠷ᠎ᠡ ᠨᠢᠭᠡᠨ 《ᠱᠢᠨᠵᠢᠯᠡᠬᠦ᠌ ᠤᠬᠠᠭᠠᠨᠴᠢ ᠬᠡᠪ ᠨᠠᠮᠪᠠ》 ᠵᠢ ᠪᠦᠷᠢᠯᠳᠦᠬᠦᠯᠪᠡ᠃ ᠠᠯᠤᠰ ᠡᠵᠡᠮᠱᠢᠯᠲᠦ ᠭᠢᠨᠵᠢᠲᠦ ᠬᠡᠯᠪᠡᠷᠢ᠎ᠶ᠋ᠢᠨ ᠡᠪᠡᠰᠦ ᠬᠠᠳᠤᠬᠤ ᠮᠠᠱᠢᠨ ᠠᠭᠠᠵᠢᠮ᠎ᠢᠶᠠᠷ ᠤᠷᠤᠭ᠍ᠰᠢᠯᠠᠬᠤ᠎ᠳᠤ᠂ ᠲᠡᠭᠦᠨ᠎ᠤ ᠥᠩᠭᠡᠷᠡᠭᠰᠡᠨ ᠭᠠᠵᠠᠷ ᠲᠡᠬᠢ ᠢᠬ᠍ᠴᠦ ᠰᠠᠬᠤᠯᠢᠭ ᠡᠪᠡᠰᠦ ᠬᠣᠷᠣᠮᠬᠠᠨ ᠵᠠᠭᠤᠷ᠎ᠠ ᠬᠡᠮᠬᠡᠳᠡᠭ ᠪᠤᠯᠵᠤ ᠤᠨᠠᠨ᠎ᠠ᠃ 《ᠡᠨᠡ ᠮᠠᠰᠢᠨ᠎ᠤ ᠠᠱᠢᠭ᠍ᠯᠠᠮᠵᠢ᠎ᠨᠢ ᠥᠨᠳᠥᠷ᠂ ᠵᠠᠮ᠎ᠤᠨ ᠬᠥᠪᠡᠭᠡ᠂ ᠴᠠᠬᠢᠯᠭᠠᠨ ᠡᠭᠦᠰᠭᠡᠭ᠌ᠴᠢ ᠵᠡᠷᠭᠡ ᠢᠪᠴᠤᠤ ᠪᠤᠶᠤ ᠠᠶᠤᠯ᠎ᠲᠠᠶ ᠭᠠᠵᠠᠷ᠎ᠤᠨ ᠡᠪᠡᠰᠦ᠎ᠵᠢ ᠱᠢᠢᠳᠪᠦᠷᠢᠯᠡᠬᠦ᠌᠎ᠳᠦ ᠣᠨᠴᠠᠭᠠᠢ ᠲᠣᠬᠢᠷᠠᠨ᠎ᠠ》 ᠭᠡᠵᠦ  ᠵᠢᠯᠣᠭᠣᠴᠢ ᠯᠢ ᠶᠣᠣ ᠢᠦᠶ ᠲᠠᠨᠢᠯᠴᠠᠭᠤᠯᠬᠤ᠎ᠳᠠᠭᠠᠨ᠂ 《ᠲᠡᠭᠦᠨ᠎ᠦ ᠠᠷᠢᠯᠭᠠᠨ ᠴᠡᠪᠡᠷᠯᠡᠵᠦ ᠥᠩᠭᠡᠷᠡᠭ᠌ᠰᠡᠨ ᠭᠠᠵᠠᠷ ᠨᠢ ᠭᠠᠯ᠎ᠤᠨ ᠠᠶᠤᠯ᠎ᠤᠨ ᠳᠠᠯᠳᠠ ᠬᠡᠮ ᠥᠬᠡᠶ ᠪᠣᠯᠬᠤ ᠪᠡᠷ ᠪᠠᠷᠠᠬᠤ ᠥᠬᠡᠶ᠂ ᠡᠪᠡᠰᠦᠨ᠎ᠦ ᠬᠡᠮᠬᠡᠳᠡᠭ᠎ᠢ ᠪᠠᠰᠠ ᠲᠠᠷᠢᠶᠠᠨ ᠭᠠᠵᠠᠷ᠎ᠲᠤ ᠪᠤᠴᠠᠭᠠᠵᠦ᠂ ᠬᠥᠷᠥᠰᠥ᠍ ᠱᠢᠷᠣᠶ᠎ᠶ᠋ᠢᠨ ᠱᠢᠮ᠎ᠡ᠎ᠶ᠋ᠢ ᠨᠡᠮᠡᠭ᠌ᠳᠡᠭᠦᠯᠳᠡᠭ》 ᠬᠡᠵᠦ ᠪᠠᠢᠯ᠎ᠠ᠃

ᠣᠳᠣᠬᠠᠨ᠎ᠳᠤ᠂ ᠲᠤᠰ ᠬᠣᠱᠢᠭᠤᠨ᠎ᠤ ᠬᠢᠨ ᠤᠯᠤᠰ᠎ᠤᠨ ᠵᠠᠮ ᠵᠢᠴᠢ ᠵᠢᠭᠤᠯᠴᠢᠯᠠᠯ᠎ᠤᠨ ᠵᠠᠰᠠᠮᠠᠯ ᠵᠠᠮ ᠳᠠᠭᠠᠤ ᠨᠢᠭᠡᠨᠲᠡ 27 ᠺᠢᠯᠤᠮᠸᠲᠷ᠎ᠤᠨ ᠭᠠᠯ ᠰᠡᠷᠭᠡᠢᠯᠡᠬᠦ᠌ ᠵᠠᠮ᠎ᠢ ᠴᠡᠪᠡᠷᠯᠡᠵᠦ᠍ ᠂ ᠭᠣᠣᠯᠳᠠᠯᠭ᠎ᠠ᠎ᠲᠠᠶ ᠨᠣᠭᠣᠭᠠᠷᠠᠭᠤᠯᠤᠯᠲᠠ᠎ᠶ᠋ᠢᠨ ᠣᠷᠣᠨ᠎ᠢ ᠴᠡᠪᠡᠷᠯᠡᠭ᠌ᠰᠡᠨ ᠲᠠᠯᠠᠪᠠᠢ 2.2 ᠲᠦᠮᠡᠨ ᠮᠦ᠍᠎ᠳᠦ ᠬᠦᠷᠴᠡᠢ᠃ ᠵᠤᠷᠪᠤᠰ ᠵᠤᠷᠪᠤᠰ ᠥᠷᠭᠡᠨ᠎ᠦ ᠬᠡᠮᠵᠢᠶ᠎ᠡ ᠨᠢ ᠪᠠᠷᠢᠮᠵᠢᠶ᠎ᠠ᠎ᠳᠤ ᠬᠦᠷᠦᠭ᠌ᠰᠡᠨ ᠹᠢᠽᠢᠺ᠎ᠦᠨ ᠲᠤᠰᠠᠭᠠᠷᠯᠠᠬᠤ ᠪᠦᠰᠡ ᠨᠢ ᠪᠠᠲᠤ ᠪᠡᠬᠢ 《ᠭᠠᠯ ᠰᠡᠷᠭᠡᠢᠯᠡᠯᠲᠡ᠎ᠵᠢᠨ ᠬᠡᠷᠡᠮ》 ᠰᠢᠭ ᠵᠢᠡᠷ ᠲᠠᠯ᠎ᠠ ᠨᠤᠲᠤᠭ ᠪᠣᠯᠤᠨ ᠱᠢᠭᠤᠢᠲᠤ ᠣᠷᠣᠨ᠎ᠤ ᠵᠠᠭᠠᠭ ᠱᠤᠭᠤᠮ᠎ᠢ ᠲᠣᠳᠣᠷᠬᠠᠶ ᠵᠢᠷᠤᠵᠤ ᠭᠠᠷᠭᠠᠵᠠᠶ᠃

《ᠭᠠᠯ ᠰᠡᠷᠭᠡᠢᠯᠡᠬᠦ᠌᠎ᠳᠦ ᠬᠠᠰᠢ ᠶᠠᠰᠢ ᠪᠠᠢᠵᠦ ᠪᠣᠯᠬᠤ ᠥᠬᠡᠶ᠂ ᠡᠷᠬᠡᠪᠰᠢ ᠨᠠᠷᠢᠨ ᠣᠨᠣᠪᠴᠢᠲᠠᠶ᠎ᠪᠠᠷ ᠠᠩᠬᠠᠷᠤᠨ ᠰᠡᠷᠭᠡᠢᠯᠡᠬᠦ᠌ ᠬᠡᠷᠡᠭ᠌ᠲᠡᠶ》 ᠭᠡᠵᠦ ᠤᠷᠠᠳ᠎ᠤᠨ ᠡᠮᠦᠨᠡᠲᠦ ᠬᠣᠱᠢᠭᠤᠨ᠎ᠤ ᠤᠢ ᠱᠢᠭᠤᠢ ᠨᠤᠲᠤᠭ ᠪᠡᠯᠴᠢᠭᠡᠷ᠎ᠦᠨ ᠲᠣᠪᠴᠢᠶᠠᠨ᠎ᠤ ᠭᠠᠯ ᠰᠡᠷᠭᠡᠢᠯᠡᠬᠦ᠌ ᠠᠯᠪᠠᠨ ᠭᠡᠷ᠎ᠦᠨ ᠡᠷᠬᠢᠯᠡᠭ᠌ᠴᠢ ᠮᠠ ᠵᠦᠩ ᠬᠤᠢ ᠭᠠᠵᠠᠷ᠎ᠤᠨ ᠵᠢᠷᠤᠭ ᠳᠡᠭᠡᠷᠡᠬᠢ ᠲᠡᠮᠳᠡᠭ᠎ᠢ ᠵᠢᠭᠠᠵᠤ ᠬᠡᠯᠡᠪᠡ᠃ ᠡᠨᠡ ᠵᠢᠯ᠂ ᠲᠠᠳᠠ ᠣᠶ᠎ᠶ᠋ᠢᠨ ᠵᠠᠬ᠎ᠠ᠂ ᠵᠠᠮ᠎ᠤᠨ ᠵᠠᠬ᠎ᠠ᠂ ᠬᠡᠷ᠎ᠦᠨ ᠵᠠᠬ᠎ᠠ᠂ ᠴᠠᠬᠢᠯᠭᠠᠨ ᠬᠣᠯᠪᠣᠭ᠎ᠠ᠂ ᠭᠠᠵᠠᠷ ᠣᠷᠣᠨ᠎ᠤ ᠠᠭᠤᠯᠵᠠᠷ ᠪᠦᠰᠡ ᠵᠢᠴᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠣᠷᠣᠨ᠂ ᠲᠠᠷᠢᠶᠠᠯᠠᠩ ᠣᠶ ᠱᠢᠭᠤᠶ ᠰᠣᠯᠪᠢᠴᠠᠭ᠍ᠰᠠᠨ ᠣᠷᠣᠨ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠶᠠᠪᠠᠭᠠᠨ ᠵᠠᠮ᠎ᠤᠨ ᠬᠣᠶᠠᠷ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠪᠡ᠃ 《ᠡᠲᠡᠭᠡᠷ ᠭᠠᠵᠠᠷ᠎ᠤᠨ ᠬᠥᠮᠦᠰ ᠣᠯᠠᠨ ᠠᠵᠢᠯᠯᠠᠭ᠎ᠠ ᠬᠢᠵᠦ᠍᠂ ᠤᠷᠭᠤᠮᠠᠯ᠎ᠤᠨ ᠬᠤᠴᠢᠯᠭ᠎ᠠ ᠨᠢᠭ᠍ᠲᠠ ᠵᠠᠯᠭᠠᠯᠳᠤᠵᠤ ᠪᠠᠢᠳᠠᠭ ᠡᠴᠡ ᠭᠠᠯ᠎ᠤᠨ ᠠᠶᠤᠯ᠎ᠢ ᠰᠡᠷᠭᠡᠢᠯᠡᠬᠦ᠌᠎ᠶ᠋ᠢᠨ ᠭᠤᠤᠯᠳᠠᠯᠭ᠎ᠠ ᠪᠣᠯᠵᠣ ᠪᠠᠢᠨ᠎ᠠ》᠃

ᠠᠷᠢᠯᠭᠠᠨ ᠴᠡᠪᠡᠷᠯᠡᠬᠦ᠌ ᠠᠵᠢᠯᠯᠠᠭ᠎ᠠ ᠪᠣᠯ ᠨᠢᠭᠡᠳᠦᠭᠡᠷ ᠭᠣᠭ᠍ᠴᠣᠭ᠎ᠠ ᠲᠡᠳᠦᠶ ᠶᠤᠮ᠂ ᠲᠠᠷᠠᠭᠠᠴᠢ᠎ᠶ᠋ᠢᠨ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠪᠥᠬᠥ᠌ ᠲᠠᠯ᠎ᠠ᠎ᠪᠠᠷ ᠲᠠᠰ ᠳᠡᠪᠱᠢᠬᠦᠯᠬᠦ ᠴᠢᠬᠤᠯᠠᠲᠠᠢ᠃ 《ᠪᠢᠳᠡ ᠱᠢᠨ᠎ᠡ᠎ᠪᠡᠷ ᠪᠠᠢᠭᠤᠯᠤᠭ᠍ᠰᠠᠨ ᠪᠠ ᠨᠢᠭᠡᠨᠲᠡ ᠪᠠᠢᠭ᠎ᠠ ᠬᠠᠷᠠᠭᠤᠯ᠎ᠤᠨ ᠲᠡᠪᠴᠡᠩ᠎ᠳᠤ ᠲᠦᠱᠢᠭ᠌ᠯᠡᠨ᠂ 24 ᠴᠠᠭ᠎ᠢᠶᠠᠷ ᠲᠠᠰᠤᠷᠠᠯᠲᠠ ᠥᠬᠡᠶ ᠸᠢᠳᠢᠣ᠋ ᠪᠡᠷ ᠬᠢᠨᠠᠨ ᠡᠵᠡᠮᠳᠡᠬᠦ᠌᠎ᠶ᠋ᠢ ᠬᠡᠷᠡᠭ᠌ᠵᠢᠭᠦᠯᠤᠨ᠎ᠡ; ᠵᠢᠯᠣᠭᠣᠳᠭᠤ ᠲᠥᠪ᠎ᠦᠨ ᠭᠠᠯ ᠰᠡᠷᠭᠡᠢᠯᠡᠬᠦ᠌ ᠶᠡᠬᠡ ᠳᠡᠯᠭᠡᠴᠡ ᠨᠢ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠬᠥᠳᠡᠯᠦᠯ ᠪᠠᠢᠳᠠᠯ᠎ᠢ ᠴᠠᠭ ᠲᠤᠬᠠᠶ᠎ᠳᠤᠨᠢ ᠲᠣᠬᠢᠷᠠᠭᠤᠯᠵᠤ ᠪᠠᠢᠳᠠᠭ; ᠭᠠᠵᠠᠷ ᠳᠡᠭᠡᠷᠡᠬᠢ ᠲᠣᠭᠣᠷᠢᠨ ᠬᠠᠮᠠᠭᠠᠯᠠᠬᠤ ᠠᠵᠢᠯᠯᠠᠭ᠎ᠠ᠎ᠵᠢ ᠨᠡᠮᠡᠭᠳᠡᠬᠦᠯᠵᠦ᠂ ᠮᠣᠲ᠋ᠣᠷ ᠲᠡᠷᠭᠡᠨ᠎ᠦ ᠠᠩᠭᠢ᠂ ᠶᠠᠪᠠᠭᠠᠨ᠎ᠢᠶᠠᠷ ᠲᠣᠭᠣᠷᠢᠨ ᠪᠠᠢᠴᠠᠭᠠᠬᠤ ᠳᠤᠭᠤᠢᠯᠠᠩ ᠨᠢ ᠭᠤᠤ ᠵᠢᠯᠠᠭ᠎ᠠ ᠪᠣᠯᠭᠠᠨ᠎ᠳᠤ ᠭᠦᠨᠵᠡᠭᠡᠢᠷᠡᠨ ᠦᠵᠡᠳᠡᠭ᠃ ᠣᠭ᠍ᠲᠠᠷᠭᠤᠢ ᠳ᠋ᠡᠬᠢ ᠲᠡᠪᠴᠡᠩ᠂ ᠠᠭᠠᠷ ᠳᠡᠬᠢ ᠳᠡᠯᠭᠡᠴᠡ᠂ ᠭᠠᠵᠠᠷ ᠳᠡᠭᠡᠷᠡᠬᠢ ᠬᠥᠮᠦᠨ ᠨᠢ 〈ᠣᠭ᠍ᠲᠠᠷᠭᠤᠢ ᠠᠭᠠᠷ ᠭᠠᠵᠠᠷ〉᠎ᠢ᠋ ᠨᠢᠭᠡ ᠴᠤᠬ᠍ᠴᠠᠵᠢᠭᠤᠯᠵᠤ᠂ ᠭᠠᠯ ᠭᠠᠷᠪᠠᠯ ᠡᠷᠲᠡ ᠢᠯᠡᠷᠡᠭᠦᠯᠵᠦ᠍᠂ ᠡᠷᠲᠡ ᠮᠡᠳᠡᠭᠦᠯᠵᠦ᠍᠂ ᠡᠷᠲᠡ ᠱᠢᠢᠳᠪᠦᠷᠢᠯᠡᠬᠦ᠌᠎ᠶ᠋ᠢ ᠪᠠᠲᠤᠯᠠᠨ᠎ᠠ》 ᠭᠡᠵᠦ᠍ ᠮᠠ ᠵᠥᠩ ᠬᠤᠢ ᠲᠠᠨᠢᠯᠴᠠᠭᠤᠯᠪᠠ᠃

ᠠᠷᠢᠯᠭᠠᠨ ᠴᠡᠪᠡᠷᠯᠡᠬᠦ᠌ ᠠᠵᠢᠯ᠎ᠢ ᠥᠷᠨᠢᠭᠦᠯᠬᠦ᠌᠎ᠶ᠋ᠢᠨ ᠬᠠᠮᠲᠤ᠂ ᠤᠷᠠᠳ᠎ᠤᠨ ᠡᠮᠦᠨᠡᠲᠦ ᠬᠣᠱᠢᠭᠤᠨ᠎ᠤ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠠᠵᠢᠯᠲᠠᠨ ᠪᠠᠰᠠ ᠤᠬᠠᠭᠤᠯᠤᠭ᠍ᠴᠢ ᠪᠣᠯᠵᠣ᠂ ᠮᠠᠯᠵᠢᠬᠤ ᠲᠠᠷᠢᠶᠠᠯᠠᠬᠤ ᠡᠷᠦᠬᠡ᠎ᠪᠡᠷ ᠬᠦᠷᠴᠦ᠍᠂ ᠲᠠᠷᠢᠶᠠᠨ ᠭᠠᠵᠠᠷ᠎ᠲᠤ ᠭᠠᠯ ᠰᠡᠷᠭᠡᠢᠯᠡᠬᠦ᠌ ᠮᠡᠳᠡᠯᠭᠡ᠎ᠶ᠋ᠢ ᠲᠠᠢᠯᠪᠤᠷᠢᠯᠠᠵᠤ᠂ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠪᠠ᠃ 《ᠲᠠᠯ᠎ᠠ ᠨᠤᠲᠤᠭ ᠪᠣᠯ ᠮᠠᠨ᠎ᠤ ᠬᠠᠮᠲᠤ᠎ᠶ᠋ᠢᠨ ᠬᠡᠷ ᠤᠷᠤᠨ ᠮᠥᠨ᠂ ᠭᠠᠯ᠎ᠰᠡᠷᠭᠡᠢᠯᠡᠬᠦ᠌ ᠪᠣᠯ ᠬᠡᠷ ᠣᠷᠣᠨ᠎ᠢᠶᠠᠨ ᠬᠠᠮᠠᠭᠠᠯᠠᠵᠤ ᠪᠠᠢᠭ᠎ᠠ ᠶᠠᠪᠤᠳᠠᠯ ᠮᠥᠨ》 ᠭᠡᠵᠦ᠍ ᠡᠷᠳᠡᠨᠢᠪᠤᠯᠠᠭ ᠰᠤᠮᠤ᠎ᠶ᠋ᠢᠨ ᠮᠠᠯᠴᠢᠨ ᠤᠶᠤᠨᠴᠡᠴᠡᠭ ᠰᠡᠳᠬᠢᠯ ᠬᠦᠳᠡᠯᠦᠨ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号