ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠢᠯᠡᠳᠭᠡᠯ
2026-03-18 10:14:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— 2026 ᠣᠨ᠎ᠤ 3 ᠰᠠᠷ᠎ᠠ᠎ᠶ᠋ᠢᠨ 9 ᠎ᠤ ᠡᠳᠦᠷ ᠠᠷᠪᠠᠨ ᠲᠦᠷᠪᠡᠳᠦᠬᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠦᠷᠪᠡᠳᠦᠬᠡᠷ ᠬᠤᠷᠠᠯᠳᠤᠭᠠᠨ ᠳᠡᠭᠡᠷ᠎ᠡ


ᠪᠦᠭᠦ᠌ ᠤᠯᠤᠰ᠎ᠤᠨ ᠠᠷᠡᠳ᠎ᠤᠨ ᠲᠦᠯᠤᠭᠡᠯᠡᠭ᠌ᠴᠢᠳ᠎ᠤᠨ ᠶᠡᠭᠡ ᠬᠤᠷᠡᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠬᠤᠷᠢᠶᠠᠨ ᠲᠡᠷᠤᠭ᠎ᠠ  ᠵᠤᠤ ᠯᠧ ᠵᠶ᠋ᠢ


ᠲᠥᠯᠥᠭᠡᠯᠡᠭ᠌ᠴᠢᠳ ᠡ᠄

ᠪᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠨᠠᠢᠳᠠᠯᠭ᠎ᠠ᠎ᠪᠠᠷ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠃      


ᠥᠩᠭᠡᠷᠡᠭ᠌ᠰᠡᠨ ᠨᠢᠭᠡ ᠵᠢᠯ᠎ᠤᠨ ᠠᠵᠢᠯ


2025 ᠣᠨ ᠪᠣᠯ ᠳᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠮᠥᠨ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠭᠦᠨ ᠭᠦᠨᠵᠡᠭᠡᠶ ᠪᠦᠭᠡᠳ ᠨᠠᠷᠢᠨ ᠪᠤᠳᠤᠯᠢᠶᠠᠨᠲᠠᠶ ᠬᠤᠪᠢᠷᠠᠯᠲᠠ᠎ᠶ᠋ᠢᠨ ᠡᠮᠦᠨ᠎ᠡ᠂  ᠰᠢ᠎ᠶ᠋ᠢᠨ ᠫᠢᠩ  ᠨᠥᠬᠦᠷ᠎ᠢᠶᠠᠷ ᠭᠤᠣᠯᠯᠠᠭᠤᠯᠣᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠯᠬᠡᠭ᠌ᠯᠡᠨ ᠲᠡᠮᠡᠴᠡᠵᠦ᠍᠂ ᠨᠠᠮ ᠪᠠ ᠤᠯᠤᠰ᠎ᠤᠨ ᠠᠵᠢᠯ ᠦᠢᠯᠡᠰ᠎ᠢ ᠠᠬᠢᠭᠤᠯᠤᠭᠠᠳ ᠱᠢᠨ᠎ᠡ ᠴᠢᠬᠤᠯᠠ ᠶᠡᠭᠡ ᠠᠮᠵᠢᠯᠲᠠ ᠪᠦᠳᠦᠮᠵᠢ ᠣᠯᠵᠣ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠢ᠎ᠪᠠᠷ ᠳᠠᠭᠤᠰᠭᠠᠵᠣ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠤ ᠭᠠᠷᠴᠤ᠌᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢᠨ ᠱᠢᠨ᠎ᠡ ᠠᠶᠠᠨ ᠵᠠᠮ᠎ᠢ ᠰᠠᠢᠨ ᠡᠬᠢᠯᠡᠯᠲᠡ᠎ᠲᠠᠢ ᠪᠣᠯᠭᠠᠪᠠ᠃ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠤᠨ ᠠᠭᠤᠤ ᠶᠡᠭᠡ ᠦᠢᠯᠡᠳᠦᠯᠭᠡ᠎ᠨᠢ 《ᠬᠤᠶᠠᠷ᠎ᠢ ᠲᠣᠭ᠍ᠲᠠᠭᠠᠭ᠍ᠰᠠᠨ》᠎ᠤ ᠱᠢᠢᠳᠪᠦᠷᠢᠯᠡᠭ᠌ᠴᠢ ᠴᠢᠨᠠᠷᠳᠠᠢ ᠠᠴᠢ ᠬᠤᠯᠪᠣᠭ᠍ᠳᠠᠯ᠎ᠢ ᠭᠦᠢᠴᠡᠳ ᠭᠡᠷᠡᠴᠢᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮᠲᠤ ᠪᠠᠢᠭᠤᠯᠤᠯ᠎ᠤᠨ ᠢᠯᠡᠳᠲᠡ ᠳᠠᠪᠠᠭᠤᠯᠢᠭ᠎ᠢ ᠭᠦᠢᠴᠡᠳ ᠢᠯᠡᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠭᠡᠭᠡᠨ ᠰᠠᠷᠠᠭᠤᠯ ᠢᠷᠡᠭᠡᠳᠦᠶ᠎ᠶ᠋ᠢ ᠭᠦᠢᠴᠡᠳ ᠢᠯᠡᠷᠡᠭᠦᠯᠦᠭ᠌ᠰᠡᠨ ᠪᠠᠢᠨ᠎ᠠ᠃

ᠨᠢᠭᠡ ᠵᠢᠯ᠎ᠤᠨ ᠲᠤᠷᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠣᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠣ᠂ ᠰᠢ᠎ᠶ᠋ᠢᠨ ᠫᠢᠩ᠎ᠤᠨ ᠬᠠᠣᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠣᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠣ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠍᠂ ᠤᠯᠤᠰ᠎ᠤᠨ ᠦᠨᠳᠦᠰᠦᠨ ᠤᠯᠤᠰ ᠲᠥᠷᠥ᠎ᠶ᠋ᠢᠨ ᠪᠠᠢᠭᠤᠯᠤᠯ᠎ᠤᠨ ᠳᠠᠪᠠᠭᠤᠯᠢᠭ᠎ᠢᠶᠠᠨ ᠪᠠᠳᠠᠷᠠᠭᠤᠯᠤᠨ᠂ ᠨᠡᠩ ᠪᠦᠷᠢᠨ ᠳᠡᠬᠦᠯᠳᠡᠷ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠣᠯᠢ᠎ᠪᠠᠷ ᠵᠠᠰᠠᠬᠤ ᠱᠢᠰᠲ᠋ᠧᠮ᠎ᠢ ᠪᠦᠲᠦᠭᠡᠨ ᠪᠠᠢᠭᠤᠯᠬᠤ᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠣᠯᠢ᠎ᠪᠠᠷ ᠵᠠᠰᠠᠬᠤ ᠤᠯᠤᠰ᠎ᠢ ᠪᠦᠲᠦᠭᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠲᠠᠢ ᠨᠢᠭ᠍ᠳᠠ ᠣᠶᠠᠯᠳᠣᠭᠤᠯᠣᠨ ᠬᠠᠣᠯᠢ ᠶᠣᠰᠣᠭᠠᠷ ᠲᠤᠱᠢᠶᠠᠯ᠎ᠢᠶᠠᠨ ᠭᠦᠢᠴᠡᠳᠭᠡᠨ᠂ ᠡᠭᠦᠷᠭᠡ ᠡᠭᠦᠷᠭᠡᠯᠡᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠯ᠎ᠡ ᠲᠠᠯ᠎ᠠ᠎ᠶ᠋ᠢᠨ ᠠᠵᠢᠯ ᠱᠢᠨ᠎ᠡ ᠠᠬᠢᠯᠳᠠ ᠪᠠ ᠦᠷ᠎ᠡ ᠪᠦᠲᠦᠮᠵᠢ ᠤᠯᠪᠠ᠃

ᠨᠢᠭᠡ᠂ ᠦᠨᠳᠦᠰᠦᠨ ᠬᠠᠣᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠵᠤ᠂ ᠤᠯᠤᠰ᠎ᠤᠨ ᠬᠠᠣᠯᠢ᠎ᠪᠠᠷ ᠵᠠᠰᠠᠬᠤ᠎ᠶ᠋ᠢᠨ ᠨᠢᠭᠡᠳᠦᠯ᠎ᠢ ᠬᠠᠮᠠᠭᠠᠯᠠᠪᠠ

ᠦᠨᠳᠦᠰᠦᠨ ᠬᠠᠤᠯᠢ᠎ᠶ᠋ᠢᠨ ᠤᠯᠤᠰ᠎ᠤᠨ ᠦᠨᠳᠦᠰᠦ ᠪᠣᠯᠬᠤ ᠬᠠᠤᠯᠢ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠦᠨᠳᠦᠰᠦᠨ ᠬᠠᠣᠯᠢ᠎ᠶ᠋ᠢᠨ ᠬᠡᠷᠡᠭ᠌ᠵᠢᠭᠦᠯᠦᠯᠲᠡ᠎ᠶ᠋ᠢ ᠠᠬᠢᠭᠤᠯᠬᠤ᠂ ᠦᠨᠳᠦᠰᠦᠨ ᠬᠠᠣᠯᠢ᠎ᠶ᠋ᠢᠨ ᠬᠢᠨᠠᠯᠲᠠ᠎ᠶ᠋ᠢ ᠴᠢᠩᠭᠠᠳᠭᠠᠬᠤ ᠲᠣᠬᠠᠢ ᠬᠠᠣᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠡᠯ᠎ᠡ ᠵᠦᠢᠯ᠎ᠤᠨ ᠠᠵᠢᠯ᠎ᠳᠠᠭᠠᠨ ᠦᠨᠳᠦᠰᠦᠨ ᠬᠠᠣᠯᠢ᠎ᠶ᠋ᠢᠨ ᠲᠣᠭ᠍ᠲᠠᠭᠠᠯ᠂ ᠦᠨᠳᠦᠰᠦᠨ ᠬᠠᠤᠯᠢ᠎ᠶ᠋ᠢᠨ ᠵᠠᠷᠴᠢᠮ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠣ᠂ ᠦᠨᠳᠦᠰᠦᠨ ᠬᠠᠣᠯᠢ᠎ᠶ᠋ᠢᠨ ᠡᠷᠬᠡ ᠰᠦᠷ ᠪᠠ ᠨᠡᠷ᠎ᠡ ᠬᠦᠨᠳᠦ᠍᠎ᠶ᠋ᠢ ᠬᠠᠮᠠᠭᠠᠯᠠᠪᠠ᠃

ᠦᠨᠳᠦᠰᠦᠨ ᠬᠠᠣᠯᠢ᠎ᠶ᠋ᠢᠨ ᠬᠤᠯᠪᠣᠭ᠍ᠳᠠᠯ ᠪᠦᠬᠦᠢ ᠬᠠᠣᠯᠢ ᠴᠠᠭᠠᠵᠠ᠎ᠶ᠋ᠢᠨ ᠲᠦᠷᠢᠮ᠎ᠢ ᠲᠡᠭᠦᠯᠳᠡᠷᠵᠢᠭᠦᠯᠪᠡ᠃ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠬᠤ ᠪᠣᠯ ᠨᠠᠮ᠎ᠤᠨ ᠲᠥᠪ ᠬᠤᠷᠢᠶ᠎ᠠ᠎ᠡᠴᠡ ᠪᠠᠢᠷᠢᠯᠠᠭᠤᠯᠤᠭ᠍ᠰᠠᠨ ᠴᠢᠬᠤᠯᠠ ᠶᠡᠭᠡ ᠤᠯᠤᠰ ᠲᠥᠷᠦ᠍᠎ᠶ᠋ᠢᠨ ᠡᠭᠦᠷᠭᠡ ᠪᠠ ᠬᠠᠤᠯᠢ ᠲᠣᠭ᠍ᠲᠠᠭᠠᠬᠤ ᠡᠭᠦᠷᠭᠡ ᠮᠥᠨ᠃ ᠪᠠᠢᠩᠭᠤ᠎ᠶ᠋ᠢᠨ ᠬᠤᠷᠢᠶ᠎ᠠ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠣᠯᠢ᠎ᠶ᠋ᠢᠨ ᠲᠥᠰᠦᠯ᠎ᠢ ᠬᠤᠶᠠᠷ ᠤᠳᠠᠭ᠎ᠠ ᠬᠢᠨᠠᠨ ᠶᠠᠷᠢᠯᠴᠠᠭ᠍ᠰᠠᠨ ᠪᠥᠭᠡᠳ ᠲᠤᠰ ᠤᠳᠠᠭᠠᠨ᠎ᠤ ᠶᠡᠭᠡ ᠬᠤᠷᠠᠯ᠎ᠳᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠪᠠ ᠬᠠᠮᠲᠤ᠎ᠪᠠᠷ ᠪᠦᠯᠬᠦᠮᠳᠡᠨ ᠲᠡᠮᠡᠴᠡᠵᠦ᠍ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠤᠯᠠᠮ ᠨᠢᠭᠡ ᠠᠯᠬᠤᠮ ᠠᠬᠢᠭᠤᠯᠬᠤ᠎ᠳᠤ ᠬᠠᠣᠯᠢ᠎ᠪᠠᠷ ᠵᠠᠰᠠᠬᠤ ᠰᠠᠭᠤᠷᠢ᠎ᠶ᠋ᠢ ᠪᠠᠬᠢᠵᠢᠭᠦᠯᠦᠨ ᠦᠭ᠌ᠪᠡ᠃ ᠲᠣᠰᠭᠤᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠢᠭᠤᠯᠬᠤ ᠬᠠᠤᠯᠢ᠂ ᠬᠤᠲᠠ᠎ᠶ᠋ᠢᠨ ᠰᠠᠭᠤᠭᠠᠯᠢ ᠠᠷᠠᠳ᠎ᠤᠨ ᠵᠥᠪᠯᠡᠯ᠎ᠤᠨ ᠵᠣᠬᠢᠶᠠᠨ ᠪᠠᠢᠭᠤᠯᠬᠤ ᠬᠠᠤᠯᠢ᠎ᠶ᠋ᠢ ᠨᠢᠭᠡᠳᠦᠯᠲᠡᠶ ᠲᠥᠯᠥᠪᠯᠡᠨ ᠵᠠᠰᠠᠪᠤᠷᠢ ᠣᠷᠣᠭᠤᠯᠵᠤ᠂ ᠳᠣᠰᠭᠤᠨ᠎ᠤ ᠠᠷᠠᠳ᠎ᠤᠨ ᠵᠥᠪᠯᠡᠯ ᠪᠠ ᠰᠠᠭᠤᠭᠠᠯᠢ ᠠᠷᠠᠳ᠎ᠤᠨ ᠵᠥᠪᠯᠡᠯ᠎ᠤᠨ ᠪᠦᠷᠢᠯᠳᠦᠯ᠂ ᠲᠤᠱᠢᠶᠠᠯ ᠬᠠᠷᠢᠭᠤᠴᠠᠯᠭ᠎ᠠ ᠵᠢᠴᠢ ᠰᠣᠩᠭᠤᠭᠤᠯᠢ ᠬᠢᠬᠦ᠂ ᠬᠡᠷᠡᠭ ᠵᠥᠪᠯᠡᠬᠦ᠂ ᠬᠠᠮᠢᠶᠠᠷᠬᠤ᠂ ᠬᠢᠨᠠᠯᠲᠠ ᠲᠠᠯᠪᠢᠬᠤ ᠵᠡᠷᠭᠡ ᠲᠦᠷᠢᠮ᠎ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠭ᠍ᠰᠠᠨ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠲᠣᠭ᠍ᠲᠠᠴᠠ᠎ᠶ᠋ᠢ ᠪᠦᠷᠢᠨᠱᠢᠭᠦᠯᠪᠡ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠣᠯᠢ᠎ᠳᠤ ᠵᠠᠰᠠᠪᠤᠷᠢ ᠣᠷᠣᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠣᠯᠢ ᠴᠠᠭᠠᠵᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠵᠢᠷᠤᠮᠵᠢᠭᠤᠨ ᠬᠡᠷᠡᠭ᠌ᠯᠡᠬᠦ᠌᠎ᠳᠤ ᠬᠠᠤᠯᠢ᠎ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠪᠠ᠃

ᠡᠬᠡ ᠣᠯᠣᠰ᠎ᠢᠶᠠᠨ ᠨᠢᠭᠡᠳᠭᠡᠬᠦ᠌ ᠶᠡᠭᠡ ᠦᠢᠯᠡᠰ᠎ᠢ ᠪᠡᠶᠡᠯᠡᠭᠦᠯᠬᠦ᠌ ᠶᠠᠪᠤᠳᠠᠯ ᠪᠣᠯ ᠲᠠᠢᠸᠠᠨ᠎ᠤ ᠠᠬ᠎ᠠ ᠳᠡᠭᠦᠦ ᠨᠡᠷ᠎ᠢ ᠪᠠᠭ᠍ᠲᠠᠭᠠᠭ᠍ᠰᠠᠨ ᠪᠦᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠤ ᠲᠠᠷᠬᠠᠨ ᠡᠭᠦᠷᠭᠡ ᠬᠠᠷᠢᠭᠤᠴᠠᠯᠭ᠎ᠠ ᠮᠥᠨ ᠭᠡᠵᠦ᠍ ᠦᠨᠳᠦᠰᠦᠨ ᠬᠠᠣᠯᠢ᠎ᠳᠤ ᠲᠣᠭ᠍ᠲᠠᠭᠠᠵᠠᠶ᠃ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠭ᠌ᠰᠡᠨ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠭ᠌ᠰᠡᠨ ᠳᠠᠢᠨ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠳᠤᠷᠠᠰᠭᠠᠬᠤ᠂ ᠲᠠᠢᠸᠠᠨ᠎ᠢ ᠡᠭᠡᠬᠦᠯᠤᠨ ᠠᠪᠤᠭ᠍ᠰᠠᠨ 80 ᠵᠢᠯ᠎ᠤᠨ ᠣᠶ᠎ᠶ᠋ᠢ ᠳᠤᠷᠠᠰᠭᠠᠬᠤ ᠲᠠᠱᠢᠷᠠᠮ᠎ᠢᠶᠠᠷ᠂ ᠪᠠᠢᠩᠭᠤ᠎ᠶ᠋ᠢᠨ ᠬᠤᠷᠢᠶ᠎ᠠ ᠦᠨᠳᠦᠰᠦᠨ ᠬᠠᠤᠯᠢ᠎ᠶ᠋ᠢ ᠦᠨᠳᠦᠰᠦᠯᠡᠨ᠂10 ᠰᠠᠷ᠎ᠠ᠎ᠶ᠋ᠢᠨ 25᠎ᠤ ᠡᠳᠦᠷ᠎ᠢ ᠲᠠᠢᠸᠠᠨ᠎ᠢ ᠡᠭᠡᠭᠦᠯᠦᠨ ᠠᠪᠣᠭ᠍ᠰᠠᠨ ᠳᠤᠷᠠᠰᠭᠠᠯ᠎ᠤᠨ ᠡᠳᠦᠷ᠎ᠢᠶᠠᠷ ᠳᠣᠭ᠍ᠳᠠᠭᠠᠬᠤ ᠲᠣᠭ᠍ᠲᠠᠭᠠᠯ ᠭᠠᠷᠭᠠᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ᠎ᠢ ᠪᠠᠷᠢᠮᠲᠠᠯᠠᠬᠤ ᠪᠠ ᠤᠯᠤᠰ᠎ᠤᠨ ᠡᠷᠬᠡ ᠮᠡᠳᠡᠯ᠂ ᠨᠢᠭᠡᠳᠦᠯ᠂ ᠨᠤᠲᠤᠭ ᠳᠡᠪᠢᠰᠭᠡᠷ᠎ᠤᠨ ᠪᠦᠷᠢᠨ ᠪᠦᠲᠦᠨ ᠪᠠᠢᠬᠤ᠎ᠶ᠋ᠢ ᠬᠠᠮᠠᠭᠠᠯᠠᠬᠤ ᠡᠷᠡᠰ ᠪᠠᠲᠤ ᠵᠣᠷᠢᠭ᠎ᠢᠶᠠᠨ ᠢᠯᠡᠷᠡᠭᠦᠯᠵᠦ᠍᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠬ᠎ᠠ ᠳᠡᠭᠦᠦ ᠨᠡᠷ᠎ᠤᠨ ᠬᠠᠮᠲᠤ᠎ᠶ᠋ᠢᠨ ᠦᠨᠳᠦᠰᠦᠲᠡᠨ᠎ᠤ ᠲᠡᠦᠬᠡᠨ ᠣᠢ ᠰᠠᠨᠠᠮᠵᠢ᠎ᠶ᠋ᠢ ᠴᠢᠩᠭᠠᠷᠠᠭᠤᠯᠵᠤ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠤᠨ ᠡᠭᠡ ᠣᠯᠣᠰ᠎ᠤᠨ ᠨᠢᠭᠡᠳᠦᠯ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌᠎ᠶ᠋ᠢ ᠵᠣᠷᠢᠬ᠍ᠵᠢᠭᠤᠯᠪᠠ᠃ ᠬᠠᠣᠯᠢ ᠴᠠᠭᠠᠵᠠ᠎ᠶ᠋ᠢᠨ ᠠᠷᠭ᠎ᠠ ᠪᠠᠷᠢᠯ᠎ᠢ ᠬᠡᠷᠡᠭ᠌ᠯᠡᠨ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠬᠦᠴᠦᠨ᠎ᠳᠤ ᠴᠣᠬᠢᠯᠲᠠ ᠥᠭ᠌ᠬᠦ᠂ ᠭᠠᠳᠠᠭᠠᠳᠤ᠎ᠶ᠋ᠢᠨ ᠬᠦᠴᠦᠨ᠎ᠤ ᠭᠠᠷ ᠲᠦᠷᠦᠭᠦ᠎ᠶ᠋ᠢ ᠡᠰᠡᠷᠭᠦᠴᠡᠬᠦ᠌᠎ᠶ᠋ᠢ ᠪᠠᠷᠢᠮᠲᠠᠯᠠᠵᠣ᠂ 《ᠤᠯᠤᠰ ᠣᠷᠣᠨ᠎ᠢ ᠬᠠᠭᠠᠴᠠᠭᠤᠯᠬᠤ᠎ᠶ᠋ᠢ ᠡᠰᠡᠷᠭᠦᠴᠡᠬᠦ᠌ ᠬᠠᠣᠯᠢ》 ᠎ᠶ᠋ᠢ ᠬᠡᠷᠡᠭ᠌ᠵᠢᠭᠦᠯᠦᠭ᠌ᠰᠡᠨ 20 ᠵᠢᠯ᠎ᠤᠨ ᠣᠢ᠎ᠶ᠋ᠢᠨ ᠶᠠᠷᠢᠯᠴᠠᠬᠤ ᠬᠤᠷᠠᠯ᠎ᠢ ᠬᠤᠷᠠᠯᠳᠣᠭᠤᠯᠪᠠ᠃

ᠦᠨᠳᠦᠰᠦᠨ ᠬᠠᠤᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ᠂ ᠳᠠᠩᠰᠠᠯᠠᠵᠤ ᠬᠢᠨᠠᠨ ᠪᠠᠢᠴᠠᠭᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠬᠠᠣᠯᠢ ᠲᠣᠭ᠍ᠲᠠᠭᠠᠬᠤ ᠪᠦᠬᠦ᠌ ᠶᠠᠪᠤᠴᠠ᠎ᠶ᠋ᠢᠨ ᠪᠠ ᠪᠠᠢᠩᠭᠤᠵᠢᠬ᠍ᠰᠡᠨ ᠦᠨᠳᠦᠰᠦᠨ ᠬᠠᠣᠯᠢ᠎ᠳᠤ ᠨᠡᠢᠴᠡᠬᠦ᠌ ᠴᠢᠨᠠᠷ᠎ᠤᠨ ᠬᠢᠨᠠᠨ ᠪᠠᠢᠴᠠᠭᠠᠯᠳᠠ ᠬᠢᠬᠦ᠌᠎ᠶ᠋ᠢ ᠪᠠᠷᠢᠮᠲᠠᠯᠠᠵᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠦᠨᠳᠦᠰᠦᠨ ᠬᠠᠣᠯᠢ᠎ᠳᠤ ᠨᠡᠢᠴᠡᠬᠦ᠌ ᠴᠢᠨᠠᠷ᠂ ᠦᠨᠳᠦᠰᠦᠨ ᠬᠠᠣᠯᠢ᠎ᠳᠤ ᠬᠤᠯᠪᠣᠭ᠍ᠳᠠᠬᠤ ᠴᠢᠨᠠᠷᠳᠠᠢ ᠠᠰᠠᠭᠤᠳᠠᠯ᠎ᠤᠨ ᠲᠤᠬᠠᠶ ᠰᠤᠳᠤᠯᠭᠠᠨ᠎ᠢ ᠴᠢᠩᠭᠠᠳᠭᠠᠪᠠ᠃ ᠳᠠᠩᠰᠠᠯᠠᠵᠤ ᠬᠢᠨᠠᠨ ᠪᠠᠢᠴᠠᠭᠠᠬᠤ ᠳᠣᠱᠢᠶᠠᠯ ᠬᠠᠷᠢᠭᠤᠴᠠᠯᠭ᠎ᠠ᠎ᠪᠠᠨ ᠬᠠᠣᠯᠢ ᠶᠣᠰᠣᠭᠠᠷ ᠭᠦᠢᠴᠡᠳᠭᠡᠵᠦ᠍᠂ ᠳᠠᠩᠰᠠᠯᠠᠬᠤ ᠵᠦᠢᠯ ᠪᠠᠢᠪᠠᠯ ᠵᠠᠪᠠᠯ ᠳᠠᠩᠰᠠᠯᠠᠭᠤᠯᠬᠤ᠂ ᠳᠠᠩᠰᠠᠯᠠᠭᠤᠯᠪᠠᠯ ᠵᠠᠪᠠᠯ ᠬᠢᠨᠠᠨ ᠪᠠᠢᠴᠠᠭᠠᠬᠤ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ᠎ᠶ᠋ᠢ ᠪᠡᠶᠡᠯᠡᠭᠦᠯᠪᠡ᠃ ᠮᠡᠳᠡᠭᠦᠯᠦᠨ ᠬᠦᠷᠬᠡᠵᠦ᠍ ᠳᠠᠩᠰᠠᠯᠠᠭᠤᠯᠤᠭ᠍ᠰᠠᠨ 2218ᠬᠤᠪᠢ ᠵᠠᠰᠠᠭ ᠵᠠᠬᠢᠷᠭᠠᠨ᠎ᠤ ᠬᠠᠣᠯᠢ ᠲᠣᠭ᠍ᠲᠠᠭᠠᠯ᠂ ᠬᠢᠨᠠᠨ ᠪᠠᠢᠴᠠᠭᠠᠬᠤ ᠬᠠᠣᠯᠢ ᠲᠣᠭ᠍ᠲᠠᠭᠠᠯ᠂ ᠣᠷᠣᠨ ᠨᠤᠲᠤᠭ᠎ᠤᠨ ᠴᠢᠨᠠᠷᠲᠠᠶ ᠬᠠᠣᠯᠢ ᠲᠣᠭ᠍ᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠭᠠᠶ ᠳᠦᠷᠢᠮ᠂ ᠬᠠᠣᠯᠢ ᠪᠠᠷᠢᠬᠤ ᠲᠠᠢᠯᠪᠤᠷᠢᠯᠠᠯᠲᠠ᠂ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠲᠤᠰ ᠣᠷᠣᠨ᠎ᠤ ᠬᠠᠣᠯᠢ ᠴᠠᠭᠠᠵᠠ᠎ᠶ᠋ᠢ ᠬᠢᠨᠠᠨ ᠪᠠᠢᠴᠠᠭᠠᠵᠤ᠂ ᠠᠷᠠᠳ ᠢᠷᠭᠡᠨ᠂ ᠵᠣᠬᠢᠶᠠᠨ ᠪᠠᠢᠭᠤᠯᠤᠯᠲᠠ᠎ᠶ᠋ᠢᠨ ᠳᠤᠷᠠᠳᠤᠭ᠍ᠰᠠᠨ 6705 ᠬᠤᠪᠢ ᠬᠢᠨᠠᠨ ᠪᠠᠢᠴᠠᠭᠠᠬᠤ ᠰᠠᠨᠠᠭᠤᠯᠭ᠎ᠠ᠎ᠶ᠋ᠢ ᠨᠢᠭᠡᠳ ᠨᠢᠭᠡ᠎ᠪᠠᠷ᠎ᠨᠢ ᠰᠤᠳᠤᠯᠣᠭ᠍ᠰᠠᠨ ᠪᠦᠭᠡᠳ ᠬᠠᠤᠯᠢ ᠶᠣᠰᠣᠭᠠᠷ ᠬᠠᠷᠢᠭᠤ ᠲᠤᠰᠭᠠᠵᠤ᠂ ᠠᠷᠠᠳ᠎ᠡᠴᠡ ᠡᠵᠡᠩᠨᠡᠭ᠌ᠰᠡᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠨᠥᠯᠥᠭᠡᠯᠡᠬᠦ᠂ ᠠᠵᠤ ᠠᠬᠤᠢᠯᠠᠯ᠎ᠳᠤ ᠲᠡᠭ᠌ᠰᠢ ᠪᠤᠰᠤ᠎ᠪᠠᠷ ᠬᠠᠨᠳᠤᠬᠤ ᠵᠡᠷᠭᠡ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠥᠪᠯᠡᠷᠡᠭᠦᠯᠦᠨ ᠢᠯᠭᠠᠷᠠᠭᠤᠯᠵᠣ ᠲᠢᠭ᠌ᠯᠡᠬᠦ᠌ ᠠᠵᠢᠯ᠎ᠢ ᠵᠣᠬᠢᠶᠠᠨ ᠪᠠᠢᠭᠤᠯᠪᠠ᠃ ᠬᠢᠨᠠᠨ ᠪᠠᠢᠴᠠᠭᠠᠬᠤ ᠠᠵᠢᠯ᠎ᠤᠨ ᠠᠯᠳᠠᠭ᠎ᠠ ᠪᠤᠷᠤᠭᠤ᠎ᠶ᠋ᠢ ᠵᠠᠯᠠᠷᠠᠭᠤᠯᠬᠤ ᠴᠢᠳᠠᠮᠵᠢ᠎ᠶ᠋ᠢ ᠪᠠᠳᠠᠷᠠᠭᠤᠯᠵᠤ᠂ ᠦᠨᠳᠦᠰᠦᠨ ᠬᠠᠣᠯᠢ᠎ᠳᠤ ᠨᠡᠢᠴᠡᠬᠦ᠌ ᠴᠢᠨᠠᠷ᠂ ᠬᠠᠣᠯᠢ ᠶᠣᠰᠣᠴᠢ ᠴᠢᠨᠠᠷ᠂ ᠲᠣᠬᠢᠷᠠᠮᠵᠢᠳᠣ ᠴᠢᠨᠠᠷ᠎ᠤᠨ ᠠᠰᠠᠭᠤᠳᠠᠯ ᠣᠷᠣᠱᠢᠵᠤ ᠪᠠᠢᠭ᠍ᠰᠠᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠴᠢᠭ᠌ᠯᠡᠭᠦᠯᠦᠨ᠂ ᠲᠣᠭ᠍ᠲᠠᠭᠠᠭ᠍ᠰᠠᠨ ᠪᠠᠢᠭᠤᠯᠭ᠎ᠠ᠎ᠶ᠋ᠢᠨ ᠴᠠᠭ ᠲᠤᠬᠠᠶ᠎ᠳᠤᠨᠢ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠪᠤᠶᠤ ᠱᠢᠢᠳᠪᠦᠷᠢᠯᠡᠬᠦ᠌᠎ᠶ᠋ᠢ ᠱᠢᠪᠠᠳᠠᠨ ᠠᠬᠢᠭᠤᠯᠪᠠ᠃ ᠳᠠᠩᠰᠠᠯᠠᠬᠤ ᠪᠠ ᠬᠢᠨᠠᠨ ᠪᠠᠢᠴᠠᠭᠠᠬᠤ᠎ᠶ᠋ᠢ ᠵᠣᠯᠭᠠᠯᠳᠣᠭᠤᠯᠣᠨ ᠬᠤᠯᠪᠣᠯᠳᠣᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠳᠠᠩᠰᠠᠯᠠᠵᠤ ᠬᠢᠨᠠᠨ ᠪᠠᠢᠴᠠᠭᠠᠬᠤ ᠳᠦᠷᠢᠮ᠎ᠤᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠳᠠᠩᠰᠠᠯᠠᠵᠤ ᠬᠢᠨᠠᠨ ᠪᠠᠢᠴᠠᠭᠠᠬᠤ ᠠᠵᠢᠯ᠎ᠤᠨ ᠪᠣᠯᠪᠠᠰᠤᠷᠠᠯ᠎ᠤᠨ ᠠᠩᠭᠢ᠎ᠶ᠋ᠢ ᠡᠷᠬᠢᠯᠡᠵᠦ᠍᠂ ᠬᠡᠷᠡᠭ᠎ᠤᠨ ᠵᠢᠱ᠌ᠢᠶ᠎ᠡ᠎ᠪᠠᠷ ᠵᠢᠯᠣᠭᠤᠳᠭᠤ ᠪᠠ ᠰᠣᠯᠢᠯᠴᠠᠬᠤ᠎ᠶ᠋ᠢ ᠴᠢᠩᠭᠠᠳᠭᠠᠪᠠ᠃

ᠦᠨᠳᠦᠰᠦᠨ ᠬᠠᠣᠯᠢ᠎ᠶ᠋ᠢᠨ ᠵᠣᠷᠢᠭ ᠰᠠᠨᠠᠭ᠎ᠠ᠂ ᠨᠡᠢᠭᠡᠮ ᠵᠢᠷᠤᠮ᠎ᠤᠨ ᠬᠠᠣᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠪᠠ᠃ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠠᠷᠠᠳ ᠨᠡᠢᠳᠡ᠎ᠳᠤ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠦᠭ᠌ᠰᠡᠨ 40 ᠵᠢᠯ᠎ᠤᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠳ᠋ᠦᠩᠨᠡᠵᠦ᠍᠂ ᠬᠠᠣᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠬᠠᠣᠯᠢ᠎ᠶ᠋ᠢ ᠲᠣᠭ᠍ᠲᠠᠭᠠᠵᠤ᠂ ᠦᠨᠳᠦᠰᠦᠨ ᠬᠠᠣᠯᠢ᠎ᠶ᠋ᠢᠨ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠤᠷᠳᠤ ᠬᠤᠭᠤᠴᠠᠭ᠎ᠠ᠎ᠪᠠᠷ ᠪᠦᠲᠦᠮᠵᠢᠲᠡᠶ ᠪᠠᠢᠯᠭᠠᠬᠤ᠎ᠶ᠋ᠢ ᠠᠬᠢᠭᠤᠯᠵᠤ᠂ ᠠᠷᠠᠳ ᠨᠡᠢᠳᠡ᠎ᠶ᠋ᠢᠨ ᠬᠠᠣᠯᠢ᠎ᠪᠠᠷ ᠵᠠᠰᠠᠬᠤ ᠬᠡᠪ ᠪᠣᠯᠪᠠᠰᠤᠷᠠᠯ ᠪᠠ ᠨᠡᠢᠭᠡᠮ᠎ᠤᠨ ᠵᠠᠰᠠᠯᠲᠠ᠎ᠶ᠋ᠢᠨ ᠬᠠᠣᠯᠢ᠎ᠪᠠᠷ ᠵᠠᠰᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃《ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠶ᠋ᠢ ᠴᠢᠩᠭᠠᠳᠭᠠᠵᠣ᠂ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠠᠬᠢᠭᠤᠯᠤᠶ᠎ᠠ》 ᠭᠡᠬᠦ᠌ ᠭᠤᠣᠯ ᠰᠡᠳᠦᠪ᠎ᠢᠶᠠᠷ ᠠᠷᠪᠠᠨ ᠬᠤᠶᠠᠳᠡᠬᠢ ᠤᠯᠤᠰ᠎ᠤᠨ ᠦᠨᠳᠦᠰᠦᠨ ᠬᠠᠤᠯᠢ᠎ᠶ᠋ᠢᠨ ᠡᠳᠦᠷ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠤᠯᠤᠰ᠎ᠤᠨ ᠦᠨᠳᠦᠰᠦ ᠪᠣᠯᠬᠤ ᠬᠠᠤᠯᠢ᠎ᠶ᠋ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠬᠤ᠎ᠶ᠋ᠢ ᠠᠬᠢᠭᠤᠯᠪᠠ᠃ ᠦᠨᠳᠦᠰᠦᠨ ᠬᠠᠣᠯᠢ᠎ᠳᠤ ᠲᠠᠩᠭᠠᠷᠢᠭ᠍ᠯᠠᠬᠤ ᠶᠣᠰᠣᠯᠠᠯ᠎ᠢ 5 ᠤᠳᠠᠭ᠎ᠠ ᠵᠣᠬᠢᠶᠠᠨ ᠪᠠᠢᠭᠤᠯᠵᠤ᠂ ᠲᠦᠷᠦ᠍᠎ᠶ᠋ᠢᠨ ᠠᠵᠢᠯᠲᠠᠨ᠎ᠤ ᠦᠨᠳᠦᠰᠦᠨ ᠬᠠᠣᠯᠢ᠎ᠳᠤ ᠦᠨᠡᠨᠴᠢ ᠱᠢᠳᠤᠷᠭᠤ ᠪᠠᠢᠬᠤ᠂ ᠦᠨᠳᠦᠰᠦᠨ ᠬᠠᠣᠯᠢ᠎ᠶ᠋ᠢ ᠵᠢᠷᠤᠮᠯᠠᠨ ᠰᠠᠬᠢᠬᠤ᠂ ᠦᠨᠳᠦᠰᠦᠨ ᠬᠠᠣᠯᠢ᠎ᠶ᠋ᠢ ᠬᠠᠮᠠᠭᠠᠯᠠᠬᠤ᠎ᠶ᠋ᠢ ᠵᠣᠷᠢᠬ᠍ᠵᠢᠭᠤᠯᠤᠨ ᠬᠥᠮᠦᠵᠢᠭᠦᠯᠪᠡ᠃

ᠦᠨᠳᠦᠰᠦᠨ ᠬᠠᠣᠯᠢ ᠪᠠ ᠬᠠᠣᠯᠢ ᠴᠠᠭᠠᠵᠠ᠎ᠡᠴᠡ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠣᠯᠭᠤᠭ᠍ᠰᠠᠨ ᠲᠣᠮᠢᠯᠠᠬᠤ ᠪᠠ ᠪᠠᠭᠤᠯᠭᠠᠬᠤ ᠡᠷᠬᠡ᠎ᠶ᠋ᠢ ᠬᠡᠷᠡᠭ᠌ᠵᠢᠭᠦᠯᠪᠡ᠃ ᠲᠤᠰᠭᠠᠶ ᠵᠦᠪᠯᠡᠯ᠎ᠤᠨ ᠳᠡᠳ᠋ ᠡᠷᠬᠢᠯᠡᠭ᠌ᠴᠢ ᠭᠡᠱᠢᠭᠦᠨ᠂ ᠪᠠᠢᠩᠭᠤ᠎ᠶ᠋ᠢᠨ ᠬᠤᠷᠢᠶᠠᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠵᠦᠪᠯᠡᠯ᠎ᠤᠨ ᠳᠡᠳ᠋ ᠡᠷᠬᠢᠯᠡᠭ᠌ᠴᠢ᠎ᠶ᠋ᠢ 18ᠬᠦᠮᠦᠨ ᠣᠳᠠᠭ᠎ᠠ ᠬᠠᠣᠯᠢ ᠶᠣᠰᠣᠭᠠᠷ ᠳᠣᠱᠢᠶᠠᠯ᠎ᠳᠤ ᠳᠣᠮᠢᠯᠠᠬᠤ ᠪᠣᠶᠣ ᠳᠣᠱᠢᠶᠠᠯ᠎ᠡᠴᠡ᠎ᠨᠢ ᠪᠠᠭᠤᠯᠭᠠᠪᠠ; 1 ᠬᠥᠮᠦᠨ᠎ᠤ ᠪᠠᠢᠩᠭᠤ᠎ᠶ᠋ᠢᠨ ᠬᠤᠷᠢᠶᠠᠨ᠎ᠤ ᠭᠡᠱᠢᠭᠦᠨ᠎ᠤ ᠲᠤᠱᠢᠶᠠᠯ᠎ᠡᠴᠡ᠎ᠪᠠᠨ ᠪᠠᠭᠤᠬᠤ᠎ᠶ᠋ᠢ ᠬᠦᠯᠢᠶᠡᠨ ᠠᠪᠤᠪᠠ; ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠡᠴᠦᠰᠯᠡᠬᠦᠯᠦᠭ᠌ᠰᠡᠨ᠎ᠡᠴᠡ  ᠪᠤᠯᠵᠤ᠂ 9 ᠬᠥᠮᠦᠨ᠎ᠤ ᠪᠠᠢᠩᠭᠤ᠎ᠶ᠋ᠢᠨ ᠬᠤᠷᠢᠶᠠᠨ᠎ᠤ ᠭᠡᠱᠢᠭᠦᠨ᠂ ᠲᠤᠰᠭᠠᠶ ᠵᠦᠪᠯᠡᠯ᠎ᠤᠨ ᠳᠡᠳ᠋ ᠡᠷᠬᠢᠯᠡᠭ᠌ᠴᠢ ᠭᠡᠱᠢᠭᠦᠨ᠎ᠤ ᠲᠤᠱᠢᠶᠠᠯ᠎ᠢ᠎ᠨᠢ ᠵᠣᠬᠢᠴᠠᠩᠭᠤᠶ᠎ᠪᠠᠷ ᠣᠭ᠍ᠴᠠᠷᠠᠭᠤᠯᠣᠭ᠍ᠰᠠᠨ ᠪᠤᠶᠤ ᠡᠴᠦᠰᠯᠡᠬᠦᠯᠪᠡ᠃ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠳ᠋ ᠲᠡᠷᠢᠭᠦᠯᠡᠭ᠌ᠴᠢ᠂ ᠭᠡᠱᠢᠭᠦᠨ᠎ᠢ 3 ᠬᠥᠮᠦᠨ ᠤᠳᠠᠭ᠎ᠠ ᠬᠠᠣᠯᠢ ᠶᠣᠰᠣᠭᠠᠷ ᠳᠣᠱᠢᠶᠠᠯ᠎ᠳᠤ ᠲᠣᠮᠢᠯᠠᠬᠤ ᠪᠤᠶᠤ ᠳᠣᠱᠢᠶᠠᠯ᠎ᠡᠴᠡ᠎ᠨᠢ ᠪᠠᠭᠤᠯᠭᠠᠬᠤ᠎ᠪᠠᠷ ᠲᠣᠭ᠍ᠲᠠᠭᠠᠵᠤ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠤᠨ ᠰᠣᠩᠭᠤᠭᠤᠯᠢ᠎ᠶ᠋ᠢᠨ ᠵᠦᠪᠯᠡᠯ᠎ᠤᠨ ᠳᠡᠳ᠋ ᠡᠷᠬᠢᠯᠡᠭ᠌ᠴᠢ 1 ᠬᠥᠮᠦᠨ᠎ᠢ ᠳᠣᠱᠢᠶᠠᠯ᠎ᠳᠤ ᠲᠣᠮᠢᠯᠠᠬᠤ᠎ᠶ᠋ᠢ ᠵᠥᠪᠱᠢᠶᠡᠷᠡᠪᠡ᠃ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ ᠭᠤᠣᠯ ᠬᠠᠷᠢᠭᠤᠴᠠᠯᠭᠠᠲᠠᠨ᠂ ᠭᠠᠳᠠᠭᠠᠳᠤ᠎ᠳᠤ ᠰᠠᠭᠤᠭ᠎ᠠ ᠡᠯᠴᠢᠨ ᠰᠠᠢᠳ᠎ᠢ 97 ᠬᠥᠮᠦᠨ ᠤᠳᠠᠭ᠎ᠠ ᠬᠠᠣᠯᠢ ᠶᠣᠰᠣᠭᠠᠷ ᠳᠣᠱᠢᠶᠠᠯ᠎ᠳᠤ ᠲᠣᠮᠢᠯᠠᠬᠤ ᠪᠤᠶᠤ ᠳᠣᠱᠢᠶᠠᠯ᠎ᠡᠴᠡ᠎ᠨᠢ ᠪᠠᠭᠤᠯᠭᠠᠬᠤ᠎ᠪᠠᠷ ᠲᠣᠭ᠍ᠲᠠᠭᠠᠪᠠ᠃ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠳᠡᠳ᠋ ᠬᠤᠷᠢᠶᠠᠨ ᠳᠠᠷᠤᠭ᠎ᠠ᠂ ᠱᠢᠭᠦᠨ ᠲᠠᠰᠤᠯᠬᠤ ᠵᠦᠪᠯᠡᠯ᠎ᠤᠨ ᠭᠡᠱᠢᠭᠦᠨ᠂ ᠲᠢᠩᠬᠢᠮ᠎ᠤᠨ ᠳᠠᠷᠤᠭ᠎ᠠ᠂ ᠲᠢᠩᠬᠢᠮ᠎ᠤᠨ ᠳᠡᠳ᠋ ᠳᠠᠷᠤᠭ᠎ᠠ᠂ ᠱᠢᠭᠦᠭ᠌ᠴᠢ᠎ᠶ᠋ᠢ 138 ᠬᠥᠮᠦᠨ ᠤᠳᠠᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠳᠡᠳ᠋ ᠪᠠᠢᠴᠠᠭᠠᠬᠤ ᠳᠠᠷᠤᠭ᠎ᠠ᠂ ᠪᠠᠢᠴᠠᠭᠠᠬᠤ ᠵᠦᠪᠯᠡᠯ᠎ᠤᠨ ᠭᠡᠱᠢᠭᠦᠨ᠂ ᠪᠠᠢᠴᠠᠭᠠᠭ᠍ᠴᠢ᠎ᠶ᠋ᠢ 23ᠬᠥᠮᠦᠨ ᠤᠳᠠᠭ᠎ᠠ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠤᠨ ᠴᠡᠷᠢᠭ᠎ᠤᠨ ᠱᠢᠭᠦᠬᠦ᠌ ᠬᠤᠷᠢᠶᠠᠨ᠎ᠤ ᠬᠤᠷᠢᠶᠠᠨ ᠳᠠᠷᠤᠭ᠎ᠠ᠂ ᠴᠡᠷᠢᠭ᠎ᠤᠨ ᠪᠠᠢᠴᠠᠭᠠᠬᠤ ᠬᠤᠷᠢᠶᠠᠨ᠎ᠤ ᠪᠠᠢᠴᠠᠭᠠᠬᠤ ᠳᠠᠷᠤᠭ᠎ᠠ᠎ᠶ᠋ᠢ 3 ᠬᠥᠮᠦᠨ ᠤᠳᠠᠭ᠎ᠠ ᠬᠠᠣᠯᠢ ᠶᠣᠰᠣᠭᠠᠷ ᠳᠣᠱᠢᠶᠠᠯ᠎ᠳᠤ ᠲᠣᠮᠢᠯᠠᠭ᠍ᠰᠠᠨ ᠪᠤᠶᠤ ᠳᠣᠱᠢᠶᠠᠯ᠎ᠡᠴᠡ᠎ᠨᠢ ᠪᠠᠭᠤᠯᠭᠠᠪᠠ᠃ ᠮᠤᠵᠢ᠎ᠶ᠋ᠢᠨ ᠱᠠᠲᠤᠨ᠎ᠤ ᠠᠷᠠᠳ᠎ᠤᠨ ᠪᠠᠢᠴᠠᠭᠠᠬᠤ ᠬᠤᠷᠢᠶᠠᠨ᠎ᠤ ᠪᠠᠢᠴᠠᠭᠠᠬᠤ ᠳᠠᠷᠤᠭ᠎ᠠ᠎ᠶ᠋ᠢ 10 ᠬᠥᠮᠦᠨ ᠤᠳᠠᠭ᠎ᠠ ᠳᠣᠱᠢᠶᠠᠯ᠎ᠳᠤ ᠳᠣᠮᠢᠯᠠᠬᠤ ᠪᠣᠶᠣ ᠳᠣᠱᠢᠶᠠᠯ᠎ᠡᠴᠡ᠎ᠨᠢ ᠪᠠᠭᠤᠯᠭᠠᠬᠤ᠎ᠶ᠋ᠢ ᠵᠥᠪᠱᠢᠶᠡᠷᠡᠪᠡ᠃

ᠬᠤᠶᠠᠷ᠂ ᠬᠠᠣᠯᠢ ᠲᠣᠭ᠍ᠲᠠᠭᠠᠬᠤ ᠠᠵᠢᠯ᠎ᠢ ᠴᠢᠩᠭᠠᠳᠭᠠᠵᠤ᠂ ᠴᠢᠨᠠᠷ ᠰᠠᠢᠲᠠᠶ ᠬᠠᠣᠯᠢ ᠲᠣᠭ᠍ᠲᠠᠭᠠᠯᠲᠠ᠎ᠪᠠᠷ ᠥᠭᠡᠷᠡᠴᠢᠯᠡᠯᠲᠡ ᠬᠥᠭ᠌ᠵᠢᠯᠲᠡ᠎ᠳᠤ ᠦᠢᠯᠡᠴᠢᠯᠡᠵᠦ᠍ ᠥᠭᠡᠷᠡᠴᠢᠯᠡᠯᠲᠡ ᠬᠥᠭ᠌ᠵᠢᠯᠲᠡ᠎ᠶ᠋ᠢ ᠪᠠᠲᠤᠯᠠᠪᠠ

ᠬᠠᠤᠯᠢ ᠲᠣᠭ᠍ᠲᠠᠭᠠᠬᠤ ᠠᠵᠢᠯ᠎ᠳᠠᠬᠢ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠬᠤ ᠠᠵᠢᠯ᠎ᠳᠠᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠣᠯᠯᠠᠬᠤ ᠦᠢᠯᠡᠳᠦᠯ᠎ᠢᠶᠠᠨ ᠪᠠᠳᠠᠷᠠᠭᠤᠯᠵᠤ᠂ ᠲᠣᠭ᠍ᠲᠠᠭᠠᠬᠤ ᠵᠠᠰᠠᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ ᠨᠠᠢᠷᠠᠭᠤᠯᠬᠤ᠎ᠶ᠋ᠢ ᠨᠢᠭᠡᠳᠦᠯᠲᠡᠢ ᠲᠥᠯᠥᠪᠯᠡᠵᠦ᠍᠂ ᠭᠤᠣᠯᠳᠠᠯᠭ᠎ᠠ᠎ᠲᠠᠢ ᠬᠦᠷᠢᠶ᠎ᠡ᠂ ᠱᠢᠨ᠎ᠡ᠎ᠪᠠᠷ ᠬᠥᠭ᠌ᠵᠢᠭ᠌ᠰᠡᠨ ᠬᠦᠷᠢᠶ᠎ᠡ᠂ ᠭᠠᠳᠠᠭᠠᠳᠤ᠎ᠳᠤ ᠬᠤᠯᠪᠣᠭ᠍ᠳᠠᠬᠤ ᠬᠦᠷᠢᠶᠡᠨ᠎ᠤ ᠬᠠᠣᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠰᠠᠢᠨ ᠬᠠᠣᠯᠢ᠎ᠪᠠᠷ ᠥᠭᠡᠷᠡᠴᠢᠯᠡᠯᠲᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢ ᠠᠬᠢᠭᠤᠯᠵᠤ᠂ ᠴᠢᠳᠠᠮᠠᠭᠠᠶ᠎ᠪᠠᠷ ᠵᠠᠰᠠᠬᠤ᠎ᠶ᠋ᠢ ᠪᠠᠲᠤᠯᠠᠪᠠ᠃ ᠨᠢᠭᠡ ᠵᠢᠯ᠎ᠤᠨ ᠲᠤᠷᠰᠢ᠂ ᠬᠠᠤᠯᠢ ᠴᠠᠭᠠᠵᠠ᠂ ᠬᠠᠤᠯᠢ ᠴᠠᠭᠠᠵᠠ᠎ᠶ᠋ᠢᠨ ᠲᠠᠢᠯᠪᠤᠷᠢᠯᠠᠯᠲᠠ᠂ ᠲᠣᠭ᠍ᠲᠠᠭᠠᠯ᠎ᠤᠨ ᠲᠥᠰᠦᠯ᠎ᠢ ᠨᠡᠢᠲᠡ 40 ᠬᠤᠪᠢ ᠬᠢᠨᠠᠨ ᠶᠠᠷᠢᠯᠴᠠᠵᠣ᠂ ᠲᠡᠭᠦᠨ᠎ᠤ ᠳᠣᠳᠣᠷᠠᠬᠢ 24 ᠬᠤᠪᠢ᠎ᠶ᠋ᠢ᠎ᠨᠢ ᠪᠠᠳᠣᠯᠠᠪᠠ᠂ ᠡᠭᠦᠨ᠎ᠤ ᠳᠣᠳᠣᠷ᠎ᠠ ᠬᠠᠤᠯᠢ ᠴᠠᠭᠠᠵᠠ ᠲᠣᠭ᠍ᠲᠠᠭᠠᠭ᠍ᠰᠠᠨ᠎ᠨᠢ 6 ᠬᠤᠪᠢ᠂ ᠬᠠᠣᠯᠢ ᠴᠠᠭᠠᠵᠠ᠎ᠳᠤ ᠵᠠᠰᠠᠪᠤᠷᠢ ᠣᠷᠣᠭᠤᠯᠣᠭ᠍ᠰᠠᠨ᠎ᠨᠢ 14 ᠬᠤᠪᠢ ᠪᠠᠢᠵᠣ᠂ ᠬᠠᠣᠯᠢ ᠴᠠᠭᠠᠵᠠ᠎ᠶ᠋ᠢᠨ ᠳᠠᠢᠯᠪᠣᠷᠢᠯᠠᠯᠳᠠ 1 ᠬᠤᠪᠢ᠂ ᠬᠤᠯᠪᠣᠭ᠍ᠳᠠᠯ ᠪᠦᠬᠦᠢ ᠬᠠᠣᠯᠢ ᠴᠠᠭᠠᠵᠠ᠎ᠶ᠋ᠢᠨ ᠠᠰᠠᠭᠤᠳᠠᠯ ᠪᠠ ᠴᠢᠬᠤᠯᠠ ᠶᠡᠭᠡ ᠠᠰᠠᠭᠤᠳᠠᠯ᠎ᠤᠨ ᠲᠤᠬᠠᠶ ᠲᠣᠭ᠍ᠲᠠᠭᠠᠯ᠎ᠢ 3 ᠬᠤᠪᠢ ᠭᠠᠷᠭᠠᠪᠠ᠃ 9 ᠵᠦᠢᠯ᠎ᠤᠨ ᠭᠡᠷ᠎ᠡ᠂ ᠴᠢᠬᠤᠯᠠ ᠬᠡᠯᠡᠯᠴᠡᠭᠡᠷ᠎ᠢ ᠵᠥᠪᠱᠢᠶᠡᠷᠡᠬᠦ᠌᠎ᠪᠠᠷ ᠲᠣᠭ᠍ᠲᠠᠪᠠ᠃

    ᠠᠵᠤ ᠠᠬᠤᠶ᠎ᠶ᠋ᠢᠨ ᠬᠦᠷᠢᠶᠡᠨ᠎ᠳᠠᠬᠢ ᠬᠠᠣᠯᠢ ᠲᠣᠭ᠍ᠲᠠᠭᠠᠯᠲᠠ᠎ᠶ᠋ᠢ ᠴᠢᠩᠭᠠᠳᠭᠠᠪᠠ᠃ ᠠᠷᠠᠳ᠎ᠡᠴᠡ ᠡᠵᠡᠩᠨᠡᠭ᠌ᠰᠡᠨ ᠠᠵᠤ ᠠᠬᠤᠶ᠎ᠶ᠋ᠢ ᠠᠬᠢᠭᠤᠯᠬᠤ ᠬᠠᠣᠯᠢ᠎ᠶ᠋ᠢ ᠲᠣᠭ᠍ᠲᠠᠭᠠᠵᠤ᠂ ᠠᠷᠠᠳ᠎ᠡᠴᠡ ᠡᠵᠡᠩᠨᠡᠭ᠌ᠰᠡᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠤᠬᠠᠶ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠴᠢᠭ᠌ᠯᠡᠯᠲᠡ ᠪᠠ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠷᠬᠡ ᠲᠡᠭ᠌ᠰᠢ᠎ᠪᠠᠷ ᠬᠠᠨᠳᠤᠬᠤ᠂ ᠭᠤᠣᠯᠴᠢ᠎ᠪᠠᠷ ᠥᠷᠢᠰᠥᠯᠳᠦᠬᠦᠯᠬᠦ᠂ ᠠᠳᠠᠯᠢ ᠲᠡᠭ᠌ᠰᠢ᠎ᠪᠠᠷ ᠬᠠᠮᠠᠭᠠᠯᠠᠬᠤ᠂ ᠬᠠᠮᠲᠤ᠎ᠪᠠᠷ ᠬᠥᠭ᠌ᠵᠢᠬᠦᠯᠬᠦ᠌ ᠵᠠᠷᠴᠢᠮ᠎ᠢ ᠲᠣᠳᠣᠷᠬᠠᠢᠯᠠᠵᠣ᠂ ᠵᠠᠬ᠎ᠠ ᠳᠡᠯᠭᠡᠭᠦᠷ᠎ᠲᠤ ᠣᠷᠣᠬᠤ᠎ᠶ᠋ᠢ ᠵᠥᠪᠱᠢᠶᠡᠷᠡᠬᠦ᠂ ᠡᠯᠧᠮᠧᠨ᠋ᠲ᠎ᠢ ᠪᠠᠲᠤᠯᠠᠬᠤ᠂ ᠡᠵᠡᠩᠨᠡᠯᠲᠡ᠎ᠶ᠋ᠢ ᠵᠢᠷᠤᠮᠵᠢᠭᠤᠯᠬᠤ᠂ ᠡᠷᠬᠡ ᠠᠱᠢᠭ᠎ᠢ ᠬᠠᠮᠠᠭᠠᠯᠠᠬᠤ ᠵᠡᠷᠭᠡ ᠲᠠᠯ᠎ᠠ᠎ᠡᠴᠡ ᠵᠢᠷᠤᠮᠵᠢᠯ ᠳᠣᠭ᠍ᠳᠠᠭᠠᠵᠣ᠂ ᠠᠷᠠᠳ᠎ᠡᠴᠡ ᠡᠵᠡᠩᠨᠡᠭ᠌ᠰᠡᠨ ᠠᠵᠤ ᠠᠬᠤᠶ᠎ᠶ᠋ᠢᠨ ᠦᠷᠭᠦᠯᠵᠢᠯᠡᠨ᠂ ᠡᠷᠡᠭᠦᠯ᠎ᠢᠶᠠᠷ᠂ ᠴᠢᠨᠠᠷ ᠰᠠᠢᠲᠠᠶ ᠬᠥᠭ᠌ᠵᠢᠬᠦ᠌᠎ᠳᠤ ᠬᠠᠣᠯᠢ᠎ᠪᠠᠷ ᠵᠠᠰᠠᠬᠤ ᠪᠠᠲᠤᠯᠠᠭ᠎ᠠ ᠬᠠᠩᠭᠠᠪᠠ᠃ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠣᠯᠢ᠂ ᠠᠷᠠᠳ᠎ᠤᠨ ᠬᠡᠷᠡᠭ᠌ᠴᠡᠭᠡᠨ᠎ᠤ ᠠᠭᠠᠷ᠎ᠤᠨ ᠠᠶᠠᠯᠠᠯ᠎ᠤᠨ ᠬᠠᠣᠯᠢ᠎ᠳᠤ ᠵᠠᠰᠠᠪᠤᠷᠢ ᠣᠷᠣᠭᠤᠯᠵᠤ᠂ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ᠎ᠶ᠋ᠢᠨ ᠬᠠᠣᠯᠢ᠎ᠶ᠋ᠢᠨ ᠲᠥᠰᠦᠯ᠂ ᠠᠵᠤ ᠠᠬᠤᠢᠯᠠᠯ᠎ᠤᠨ ᠳᠠᠮᠫᠤᠷᠠᠯ᠎ᠤᠨ ᠬᠠᠣᠯᠢ᠎ᠶ᠋ᠢ ᠵᠠᠰᠠᠨ ᠳᠣᠭ᠍ᠳᠠᠭᠠᠬᠤ ᠲᠥᠰᠦᠯ᠂ ᠪᠠᠩᠬᠢ᠎ᠶ᠋ᠢᠨ ᠦᠢᠯᠡᠰ᠎ᠢ ᠬᠢᠨᠠᠨ ᠬᠠᠮᠢᠶᠠᠷᠬᠤ ᠬᠠᠣᠯᠢ᠎ᠶ᠋ᠢ ᠵᠠᠰᠠᠨ ᠳᠣᠭ᠍ᠳᠠᠭᠠᠬᠤ ᠲᠥᠰᠦᠯ᠂ ᠲᠠᠸᠠᠷ᠎ᠤᠨ ᠲᠡᠮᠳᠡᠭ᠌ᠲᠦ᠍᠎ᠶ᠋ᠢᠨ ᠬᠠᠣᠯᠢ᠎ᠶ᠋ᠢ ᠵᠠᠰᠠᠨ ᠳᠣᠭ᠍ᠳᠠᠭᠠᠬᠤ ᠲᠥᠰᠦᠯ᠂ ᠳᠠᠩᠰᠠᠯᠠᠭᠤᠯᠤᠭ᠍ᠰᠠᠨ ᠨᠢᠭ᠍ᠲᠠᠯᠠᠨ ᠪᠣᠳᠣᠭ᠍ᠴᠢ᠎ᠶ᠋ᠢᠨ ᠬᠠᠣᠯᠢ᠎ᠳᠤ ᠵᠠᠰᠠᠪᠤᠷᠢ ᠤᠷᠤᠭᠤᠯᠬᠤ ᠲᠥᠰᠦᠯ᠎ᠢ ᠬᠢᠨᠠᠨ ᠶᠠᠷᠢᠯᠴᠠᠵᠣ᠂ ᠬᠠᠤᠯᠢ᠎ᠪᠠᠷ ᠵᠠᠰᠠᠬᠤ ᠠᠵᠤ ᠠᠬᠤᠢ᠂ ᠢᠲᠡᠭᠡᠮᠵᠢᠲᠦ ᠠᠵᠤ ᠠᠬᠤᠢ᠎ᠶ᠋ᠢ ᠪᠠᠢᠭᠤᠯᠬᠤ᠎ᠶ᠋ᠢ ᠠᠬᠢᠭᠤᠯᠤᠨ᠂ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠲᠦᠷᠭᠡᠯᠡᠨ ᠪᠠᠢᠭᠤᠯᠪᠠ᠃ ᠵᠢᠭᠠᠰᠤᠨ ᠠᠵᠤ ᠠᠬᠤᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠵᠤ᠂ ᠲᠠᠷᠢᠶᠠᠨ ᠭᠠᠵᠠᠷ᠎ᠢ ᠬᠠᠮᠠᠭᠠᠯᠠᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠠᠤᠯᠢ᠎ᠶ᠋ᠢᠨ ᠲᠥᠰᠦᠯ᠎ᠢ ᠬᠢᠨᠠᠨ ᠶᠠᠷᠢᠯᠴᠠᠵᠤ᠂ ᠵᠢᠭᠠᠰᠤᠨ ᠠᠵᠤ ᠠᠬᠤᠶ᠎ᠶ᠋ᠢᠨ ᠡᠬᠢ ᠪᠠᠶᠠᠯᠢᠭ᠎ᠢ ᠬᠠᠮᠠᠭᠠᠯᠠᠬᠤ ᠪᠠ ᠵᠦᠶ ᠵᠣᠬᠢᠰᠲᠠᠶ ᠠᠱᠢᠭ᠍ᠯᠠᠬᠤ᠎ᠶ᠋ᠢ ᠨᠢᠭᠡᠳᠦᠯᠲᠡᠶ ᠲᠥᠯᠥᠪᠯᠡᠵᠦ᠍᠂ ᠲᠠᠷᠢᠶᠠᠨ ᠭᠠᠵᠠᠷ᠎ᠤᠨ ᠳᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ 《ᠭᠤᠷᠪᠠ᠎ᠶ᠋ᠢ ᠨᠢᠭᠡ ᠴᠤᠭ᠍ᠴᠠᠵᠢᠭᠤᠯᠤᠭ᠍ᠰᠠᠨ》 ᠬᠠᠮᠠᠭᠠᠯᠠᠬᠤ ᠳᠦᠷᠢᠮ᠎ᠢ ᠲᠡᠭᠦᠯᠳᠡᠷᠵᠢᠭᠦᠯᠪᠡ᠃ ᠳᠠᠯᠠᠢ᠎ᠶ᠋ᠢᠨ ᠬᠤᠳᠠᠯᠳᠤᠭᠠᠨ᠎ᠤ ᠬᠠᠤᠯᠢ᠂ ᠬᠥᠨᠳᠡᠯᠡᠨ᠎ᠡᠴᠡ ᠲᠠᠰᠤᠯᠬᠤ ᠬᠠᠤᠯᠢ᠂ ᠭᠠᠳᠠᠭᠠᠳᠤ ᠠᠷᠠᠯᠵᠢᠶᠠᠨ᠎ᠤ ᠬᠠᠤᠯᠢ᠎ᠳᠤ ᠵᠠᠰᠠᠪᠤᠷᠢ ᠣᠷᠣᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠢ ᠢᠯᠡᠷᠡᠭᠦᠯᠵᠦ᠍᠂ ᠤᠯᠠᠨ ᠤᠯᠤᠰ᠎ᠤᠨ ᠲᠦᠷᠢᠮ᠎ᠲᠠᠢ ᠵᠣᠯᠭᠠᠭᠤᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠡ᠎ᠳᠤ ᠨᠡᠩ ᠰᠠᠢᠨ ᠦᠢᠯᠡᠴᠢᠯᠡᠪᠡ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠳᠤ ᠡᠷᠬᠡ ᠣᠯᠭᠤᠵᠤ ᠳᠤᠮᠳᠠᠳᠤ ᠤᠯᠤᠰ (ᠱᠢᠨᠵᠢᠶᠠᠩ) ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠳᠤ ᠦᠷ᠎ᠡ᠎ᠶ᠋ᠢᠨ ᠬᠠᠣᠯᠢ᠎ᠶ᠋ᠢᠨ ᠬᠤᠯᠪᠣᠭ᠍ᠳᠠᠯ ᠪᠦᠬᠦᠢ ᠲᠣᠭ᠍ᠲᠠᠭᠠᠯ᠎ᠢ ᠲᠦᠷ ᠴᠠᠭ ᠲᠣᠬᠢᠷᠠᠭᠤᠯᠤᠨ ᠬᠡᠷᠡᠭ᠌ᠯᠡᠬᠦ᠌ ᠲᠤᠬᠠᠶ ᠲᠣᠭ᠍ᠲᠠᠭᠠᠯ ᠭᠠᠷᠭᠠᠪᠠ᠃

ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠬᠤ ᠪᠠ ᠦᠷᠭᠦᠯᠵᠢᠯᠡᠨ ᠬᠡᠷᠡᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠨᠢᠭᠡᠨ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠃ ᠪᠠᠢᠩᠭᠤ᠎ᠶ᠋ᠢᠨ ᠬᠤᠷᠢᠶ᠎ᠠ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠣᠯᠢ᠎ᠶ᠋ᠢᠨ ᠲᠥᠰᠦᠯ᠎ᠢ ᠭᠤᠷᠪᠠ ᠤᠳᠠᠭ᠎ᠠ ᠬᠢᠨᠠᠨ ᠶᠠᠷᠢᠯᠴᠠᠭ᠍ᠰᠠᠨ ᠪᠦᠬᠡᠳ ᠲᠤᠰ ᠤᠳᠠᠭᠠᠨ᠎ᠤ ᠶᠡᠭᠡ ᠬᠤᠷᠠᠯ᠎ᠳᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠵᠣ᠂ ᠨᠠᠮ ᠤᠳᠤᠷᠢᠳᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠪᠣᠯᠪᠠᠰᠤᠷᠠᠩᠭᠤᠶ ᠠᠷᠭ᠎ᠠ ᠪᠠᠷᠢᠯ᠎ᠢ ᠬᠠᠣᠯᠢ ᠴᠠᠭᠠᠵᠠ᠎ᠶ᠋ᠢᠨ ᠬᠡᠯᠪᠡᠷᠢ᠎ᠪᠠᠷ ᠲᠣᠭ᠍ᠲᠠᠪᠤᠷᠢᠵᠢᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠤᠨ ᠬᠠᠣᠯᠢ᠎ᠪᠠᠷ ᠵᠠᠰᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ᠎ᠳᠤ ᠲᠦᠷᠢᠮ᠎ᠤᠨ ᠲᠤᠯᠭᠠᠭᠤᠷᠢᠯᠠᠯ ᠬᠠᠩᠭᠠᠪᠠ᠃

ᠨᠡᠢᠭᠡᠮ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠬᠠᠣᠯᠢ ᠲᠣᠭ᠍ᠲᠠᠭᠠᠯᠲᠠ᠎ᠶ᠋ᠢ ᠲᠡᠭᠦᠯᠳᠡᠷᠵᠢᠭᠦᠯᠪᠡ᠃ ᠭᠡᠨᠡᠳᠲᠡ ᠡᠭᠦᠰᠦᠭ᠌ᠰᠡᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ᠎ᠢ ᠠᠷᠭᠠᠴᠠᠬᠤ ᠬᠠᠣᠯᠢ᠎ᠶ᠋ᠢ ᠲᠣᠭ᠍ᠲᠠᠭᠠᠵᠤ᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ᠎ᠳᠤ ᠵᠠᠰᠠᠪᠤᠷᠢ ᠣᠷᠣᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠭ᠍ᠰᠠᠨ ᠲᠤᠷᠱᠢᠯᠭ᠎ᠠ᠎ᠶ᠋ᠢ ᠳ᠋ᠦᠩᠨᠡᠵᠦ᠍᠂ ᠰᠡᠷᠭᠡᠢᠯᠡᠨ ᠵᠠᠰᠠᠬᠤ ᠪᠠ ᠠᠷᠭᠠᠴᠠᠬᠤ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠨᠡᠩ ᠰᠠᠢᠨ ᠪᠠᠲᠤᠯᠠᠪᠠ᠃ ᠢᠳᠡᠭᠡᠨ᠎ᠤ ᠠᠮᠤᠷ ᠲᠦᠪᠱᠢᠨ᠎ᠤ ᠬᠠᠤᠯᠢ᠎ᠳᠤ ᠵᠠᠰᠠᠪᠤᠷᠢ ᠣᠷᠣᠭᠤᠯᠵᠤ᠂ ᠳᠣᠪᠤᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠨᠠᠯᠳᠠ ᠬᠠᠮᠢᠶᠠᠷᠤᠯᠳᠠ᠎ᠶ᠋ᠢᠨ ᠳᠤᠲᠠᠭᠤᠳᠠᠯ᠎ᠢ ᠨᠥᠬᠦᠪᠥᠷᠢᠯᠡᠨ᠂ ᠢᠳᠡᠭᠡᠨ᠎ᠤ ᠠᠮᠤᠷ ᠲᠦᠪᠱᠢᠨ᠎ᠤ ᠬᠢᠵᠠᠭᠠᠷ ᠱᠤᠭᠤᠮ᠎ᠢ ᠪᠠᠲᠤ ᠰᠠᠬᠢᠪᠠ᠃ ᠪᠠᠢᠴᠠᠭᠠᠬᠤ ᠪᠠᠢᠭᠤᠯᠭ᠎ᠠ᠎ᠶ᠋ᠢᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠠᠤᠯᠢ᠎ᠶ᠋ᠢᠨ ᠲᠦᠰᠦᠯ᠎ᠢ ᠬᠢᠨᠠᠨ ᠶᠠᠷᠢᠯᠴᠠᠵᠤ᠂ ᠤᠯᠤᠰ᠎ᠤᠨ ᠠᠱᠢᠬ ᠳᠤᠰᠠ ᠪᠠ ᠨᠡᠢᠬᠡᠮ ᠨᠡᠢᠳᠠ᠎ᠶ᠋ᠢᠨ ᠠᠱᠢᠬ ᠳᠤᠰᠠ᠎ᠶ᠋ᠢ ᠬᠠᠮᠠᠭᠠᠯᠠᠪᠠ᠃ ᠤᠯᠤᠰ᠎ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ᠎ᠤ ᠬᠠᠣᠯᠢ᠎ᠶ᠋ᠢᠨ ᠲᠥᠰᠦᠯ᠎ᠢ ᠬᠢᠨᠠᠨ ᠶᠠᠷᠢᠯᠴᠠᠵᠤ᠂ ᠤᠯᠤᠰ᠎ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ᠎ᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌᠎ᠶ᠋ᠢ ᠠᠬᠢᠭᠤᠯᠤᠨ ᠪᠠᠲᠤᠯᠠᠪᠠ᠃ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠬᠠᠣᠯᠢ᠂ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠤ ᠬᠠᠣᠯᠢ᠂ ᠨᠡᠢᠭᠡᠮ᠎ᠤᠨ ᠠᠪᠤᠷᠠᠨ ᠲᠤᠰᠠᠯᠠᠬᠤ ᠬᠠᠣᠯᠢ᠎ᠶ᠋ᠢᠨ ᠲᠥᠰᠦᠯ᠎ᠢ ᠬᠢᠨᠠᠨ ᠶᠠᠷᠢᠯᠴᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠬᠠᠣᠯᠢ ᠶᠣᠰᠣᠭᠠᠷ ᠠᠬᠢᠭᠤᠯᠪᠠ᠃

ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠬᠦᠷᠢᠶᠡᠨ᠎ᠳᠠᠬᠢ ᠬᠠᠣᠯᠢ ᠲᠣᠭ᠍ᠲᠠᠭᠠᠯᠲᠠ᠎ᠶ᠋ᠢ ᠪᠦᠷᠢᠨᠱᠢᠭᠦᠯᠪᠡ᠃ ᠠᠮᠢ ᠠᠬᠤᠢ᠎ᠶ᠋ᠢᠨ ᠣᠷᠴᠢᠨ ᠨᠦᠬᠦᠴᠡᠯ᠎ᠤᠨ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠪᠢᠴᠢᠵᠦ᠍᠂ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠤᠳᠣᠮᠵᠢ ᠪᠣᠯᠭᠠᠬᠤ᠎ᠶ᠋ᠢ ᠪᠠᠷᠢᠮᠲᠠᠯᠠᠵᠤ᠂ ᠬᠠᠣᠯᠢ᠎ᠶ᠋ᠢᠨ ᠪᠢᠴᠢᠭ᠎ᠤᠨ ᠬᠡᠯᠪᠡᠷᠢ᠎ᠪᠠᠷ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠣᠨᠣᠯ᠂ ᠳᠦᠷᠢᠮ᠂ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠨᠤᠲᠠᠯᠠᠵᠤ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠬᠠᠣᠯᠢ ᠴᠠᠭᠠᠵᠠ᠎ᠶ᠋ᠢᠨ ᠳᠦᠷᠢᠮ᠎ᠤᠨ ᠵᠢᠷᠤᠮᠵᠢᠯ᠎ᠢ ᠪᠦᠬᠦ᠌ ᠲᠠᠯ᠎ᠠ᠎ᠪᠠᠷ ᠱᠢᠰᠲ᠋ᠧᠮ᠎ᠲᠠᠢ᠎ᠪᠠᠷ ᠵᠠᠰᠠᠵᠣ ᠨᠠᠢᠷᠠᠭᠤᠯᠬᠤ᠎ᠶ᠋ᠢᠨ ᠬᠠᠮᠳᠣ᠂ ᠵᠣᠬᠢᠬᠤ ᠨᠡᠭᠡᠭᠡᠯᠲᠡᠲᠦ ᠴᠢᠨᠠᠷᠳᠠᠢ᠂ ᠪᠠᠭ᠍ᠲᠠᠭᠠᠮᠵᠢᠲᠤ ᠴᠢᠨᠠᠷᠳᠠᠢ᠂ ᠵᠣᠬᠢᠴᠠᠬᠤ ᠴᠢᠨᠠᠷᠳᠠᠢ ᠪᠠᠢᠯᠭᠠᠬᠤ᠎ᠶ᠋ᠢ ᠪᠠᠲᠤᠯᠠᠪᠠ᠃ ᠬᠠᠣᠯᠢ᠎ᠶ᠋ᠢᠨ ᠪᠢᠴᠢᠭ᠎ᠤᠨ ᠲᠥᠰᠦᠯ᠎ᠢ ᠬᠤᠶᠠᠷ ᠤᠳᠠᠭ᠎ᠠ ᠪᠦᠬᠦᠯᠢ᠎ᠪᠠᠷ᠎ᠨᠢ ᠬᠢᠨᠠᠨ ᠶᠠᠷᠢᠯᠴᠠᠵᠤ᠂ ᠬᠤᠶᠠᠷ ᠤᠳᠠᠭ᠎ᠠ ᠬᠡᠰᠡᠭ ᠬᠤᠪᠢᠶᠠᠨ ᠬᠢᠨᠠᠨ ᠶᠠᠷᠢᠯᠴᠠᠭᠠᠳ᠂ ᠲᠤᠰ ᠤᠳᠠᠭᠠᠨ᠎ᠤ ᠶᠡᠭᠡ ᠬᠤᠷᠠᠯ᠎ᠳᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠪᠡ᠃ ᠤᠯᠤᠰ᠎ᠤᠨ ᠴᠡᠴᠡᠷᠯᠢᠭ᠎ᠤᠨ ᠬᠠᠣᠯᠢ᠎ᠶ᠋ᠢ ᠲᠣᠭ᠍ᠲᠠᠭᠠᠵᠤ᠂ ᠤᠯᠤᠰ᠎ᠤᠨ ᠴᠡᠴᠡᠷᠯᠢᠭ᠎ᠤᠨ ᠬᠠᠣᠯᠢ ᠴᠠᠭᠠᠵᠠ᠎ᠶ᠋ᠢᠨ ᠪᠠᠢᠷᠢ ᠰᠠᠭᠤᠷᠢ ᠪᠣᠯᠤᠨ ᠲᠥᠯᠥᠪᠵᠢᠭᠦᠯᠵᠦ᠍ ᠪᠠᠢᠭᠤᠯᠬᠤ᠂ ᠬᠠᠮᠠᠭᠠᠯᠠᠵᠣ ᠬᠠᠮᠢᠶᠠᠷᠬᠤ᠂ ᠪᠠᠲᠤᠯᠠᠵᠤ ᠬᠢᠨᠠᠯᠲᠠ ᠲᠠᠯᠪᠢᠬᠤ ᠳᠦᠷᠢᠮ᠎ᠢ ᠲᠣᠳᠣᠷᠬᠠᠢᠯᠠᠵᠤ᠂ ᠤᠯᠤᠰ᠎ᠤᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠪᠠ᠃ ᠣᠷᠴᠢᠨ ᠠᠬᠤᠢ᠎ᠶ᠋ᠢᠨ ᠬᠠᠮᠠᠭᠠᠯᠠᠯᠲᠠ᠎ᠶ᠋ᠢᠨ ᠭᠠᠢᠯᠢ᠎ᠶ᠋ᠢᠨ ᠬᠠᠣᠯᠢ᠎ᠳᠤ ᠵᠠᠰᠠᠪᠤᠷᠢ ᠣᠷᠣᠭᠤᠯᠵᠤ᠂ ᠳᠡᠭ᠌ᠳᠡᠮᠡᠬᠡᠶ ᠣᠷᠭᠠᠨᠢᠭ ᠪᠣᠳᠠᠰ᠎ᠢ ᠪᠥᠬᠦᠨ᠎ᠢ ᠲᠠᠲᠠᠪᠤᠷᠢᠯᠠᠬᠤ ᠬᠡᠪᠴᠢᠶᠡᠨ᠎ᠳᠤ ᠣᠷᠣᠭᠤᠯᠵᠤ᠂ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ᠎ᠶ᠋ᠢ ᠠᠬᠢᠭᠤᠯᠪᠠ᠃ ᠡᠮᠦᠨᠡᠲᠦ ᠲᠦᠢᠯ᠎ᠳᠠᠬᠢ ᠠᠵᠢᠯᠯᠠᠭ᠎ᠠ ᠪᠠ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠬᠠᠣᠯᠢ᠎ᠶ᠋ᠢᠨ ᠲᠥᠰᠦᠯ᠎ᠢ ᠬᠢᠨᠠᠨ ᠶᠠᠷᠢᠯᠴᠠᠵᠤ᠂ ᠡᠮᠦᠨᠡᠲᠦ ᠲᠦᠢᠯ᠎ᠳᠠᠬᠢ ᠠᠵᠢᠯᠯᠠᠭ᠎ᠠ᠎ᠶ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠡᠮᠦᠨᠡᠲᠦ ᠲᠦᠢᠯ᠎ᠤᠨ ᠣᠷᠴᠢᠨ ᠠᠬᠤᠶ᠎ᠶ᠋ᠢ ᠬᠠᠮᠠᠭᠠᠯᠠᠪᠠ᠃

ᠤᠯᠤᠰ᠎ᠤᠨ ᠠᠮᠤᠷ ᠲᠦᠪᠱᠢᠨ᠂ ᠣᠯᠠᠨ ᠨᠡᠢᠲᠡ᠎ᠶ᠋ᠢᠨ ᠠᠮᠤᠷ ᠲᠦᠪᠱᠢᠨ᠎ᠤ ᠬᠦᠷᠢᠶᠡᠨ᠎ᠳᠠᠬᠢ ᠬᠠᠣᠯᠢ ᠲᠣᠭ᠍ᠲᠠᠭᠠᠯᠲᠠ᠎ᠶ᠋ᠢ ᠠᠬᠢᠭᠤᠯᠪᠠ᠃ ᠠᠲ᠋ᠣᠮ᠎ᠤᠨ ᠡᠨᠧᠷᠭᠢ᠎ᠶ᠋ᠢᠨ ᠬᠠᠤᠯᠢ᠎ᠶ᠋ᠢ ᠲᠣᠭ᠍ᠲᠠᠭᠠᠵᠤ᠂ ᠠᠲ᠋ᠣᠮ᠎ᠤᠨ ᠡᠨᠧᠷᠭᠢ᠎ᠶ᠋ᠢ ᠰᠤᠳᠤᠯᠬᠤ᠂ ᠨᠡᠭᠡᠭᠡᠨ ᠠᠱᠢᠭ᠍ᠯᠠᠬᠤ ᠪᠠ ᠡᠩᠬᠡ ᠳᠠᠢᠪᠣᠩ᠎ᠢᠶᠠᠷ ᠠᠱᠢᠭ᠍ᠯᠠᠬᠤ᠎ᠶ᠋ᠢ ᠬᠠᠣᠯᠢ ᠶᠣᠰᠣᠭᠠᠷ ᠪᠠᠲᠤᠯᠠᠵᠤ᠂ ᠠᠲ᠋ᠣᠮ᠎ᠤᠨ ᠡᠨᠧᠷᠭᠢ᠎ᠶ᠋ᠢᠨ ᠦᠢᠯᠡᠰ᠎ᠤᠨ ᠡᠷᠡᠭᠦᠯ᠂ ᠠᠮᠤᠷ ᠲᠦᠪᠱᠢᠨ᠂ ᠦᠷᠭᠦᠯᠵᠢᠯᠡᠬᠦ᠋ᠢᠴᠡ ᠬᠥᠭ᠌ᠵᠢᠯᠳᠡ᠎ᠶ᠋ᠢ ᠠᠬᠢᠭᠤᠯᠪᠠ᠃ ᠠᠮᠤᠷ᠎ᠢ ᠬᠠᠮᠠᠭᠠᠯᠠᠬᠤ ᠬᠠᠮᠢᠶᠠᠷᠤᠯᠳᠠ᠎ᠶ᠋ᠢᠨ ᠱᠢᠢᠳᠭᠡᠯ᠎ᠤᠨ ᠬᠠᠤᠯᠢ᠎ᠳᠤ ᠵᠠᠰᠠᠪᠤᠷᠢ ᠤᠷᠤᠭᠤᠯᠵᠤ᠂ ᠨᠡᠢᠬᠡᠮ᠎ᠤᠨ ᠵᠠᠰᠠᠯᠳᠠ᠎ᠶ᠋ᠢᠨ ᠪᠠᠢᠳᠠᠯ᠎ᠤᠨ ᠬᠡᠷᠡᠭ᠌ᠴᠡᠭᠡ᠎ᠳᠤ ᠵᠤᠬᠢᠴᠠᠭᠤᠯᠤᠨ᠂ ᠱᠢᠢᠳᠭᠡᠬᠦ᠌ ᠬᠡᠪᠴᠢᠶ᠎ᠡ᠂ ᠲᠦᠷᠦᠯ ᠵᠦᠢᠯ᠂ ᠬᠡᠮᠵᠢᠶ᠎ᠡ᠎ᠶ᠋ᠢ ᠵᠦᠢ ᠵᠤᠬᠢᠰᠳᠠᠢ ᠳᠤᠬᠢᠷᠠᠭᠤᠯᠤᠨ ᠳᠤᠭ᠍ᠳᠠᠭᠠᠵᠤ᠂ ᠱᠢᠢᠳᠭᠡᠬᠦ᠌ ᠵᠢᠷᠤᠮ᠎ᠢ ᠱᠢᠯᠢᠳᠡᠭ᠌ᠵᠢᠬᠦᠯᠵᠦ᠍᠂ ᠬᠠᠤᠯᠢ ᠬᠡᠷᠡᠭ᠌ᠵᠢᠬᠦᠯᠦᠯᠳᠠ᠎ᠶ᠋ᠢ ᠵᠢᠷᠤᠮᠵᠢᠭᠤᠯᠬᠤ ᠪᠠᠢᠭᠤᠯᠤᠯᠳᠠ᠎ᠶ᠋ᠢ ᠴᠢᠩᠭᠠᠳᠭᠠᠪᠠ᠃ ᠰᠦᠯᠵᠢᠶᠡᠨ᠎ᠤ ᠠᠮᠤᠷ ᠲᠦᠪᠱᠢᠨ᠎ᠤ ᠬᠠᠣᠯᠢ᠎ᠳᠤ ᠵᠠᠰᠠᠪᠤᠷᠢ ᠣᠷᠣᠭᠤᠯᠵᠤ᠂ ᠰᠦᠯᠵᠢᠶᠡᠨ᠎ᠤ ᠠᠮᠤᠷ ᠲᠦᠪᠱᠢᠨ᠎ᠤ ᠬᠠᠣᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠳ᠋ᠠᠢᠲ᠋ᠠ᠎ᠶ᠋ᠢᠨ ᠠᠮᠤᠷ ᠲᠦᠪᠱᠢᠨ ᠪᠠ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠰᠦᠯᠵᠢᠶᠡᠨ᠎ᠤ ᠰᠠᠢᠨ ᠰᠠᠢᠬᠠᠨ ᠠᠮᠢ ᠠᠬᠤᠶ᠎ᠶ᠋ᠢ ᠪᠤᠢ ᠪᠣᠯᠭᠠᠬᠤ᠎ᠶ᠋ᠢ ᠠᠬᠢᠭᠤᠯᠪᠠ᠃ ᠠᠶᠤᠯᠲᠠᠶ ᠬᠢᠮᠢ᠎ᠶ᠋ᠢᠨ ᠪᠣᠳᠠᠰ᠎ᠤᠨ ᠠᠮᠤᠷ ᠲᠦᠪᠱᠢᠨ᠎ᠤ ᠬᠠᠣᠯᠢ᠎ᠶ᠋ᠢ ᠲᠣᠭ᠍ᠲᠠᠭᠠᠵᠤ᠂ ᠪᠦᠬᠦ᠌ ᠬᠡᠯᠬᠢᠶ᠎ᠡ᠂ ᠡᠯ᠎ᠡ ᠭᠤᠭ᠍ᠴᠤᠭ᠎ᠠ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠠᠷᠠᠳ ᠤᠯᠠᠨ᠎ᠤ ᠠᠮᠢ ᠨᠠᠰᠤ ᠪᠠ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠬᠠᠣᠯᠢ ᠶᠣᠰᠣᠭᠠᠷ ᠪᠠᠲᠤᠯᠠᠵᠤ᠂ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠪᠠ᠃ ᠭᠢᠨᠳᠠᠨ᠎ᠤ ᠬᠠᠣᠯᠢ᠎ᠶ᠋ᠢ ᠵᠠᠰᠠᠨ ᠳᠤᠭ᠍ᠳᠠᠭᠠᠬᠤ ᠲᠦᠰᠤᠯ᠎ᠢ ᠬᠢᠨᠠᠨ ᠶᠠᠷᠢᠯᠴᠠᠵᠤ᠂ ᠠᠮᠤᠷ ᠳᠠᠢᠪᠤᠩ ᠬᠢᠨᠳᠠᠨ᠂ ᠬᠠᠤᠯᠢ᠎ᠪᠠᠷ ᠵᠠᠰᠠᠬᠤ ᠬᠢᠨᠳᠠᠨ᠂ ᠪᠤᠯᠪᠠᠰᠤᠨ ᠬᠢᠨᠳᠠᠨ᠎ᠤ ᠪᠠᠢᠭᠤᠯᠤᠯᠳᠠ᠎ᠶ᠋ᠢ ᠬᠠᠤᠯᠢ ᠶᠣᠰᠣᠭᠠᠷ ᠠᠬᠢᠭᠤᠯᠪᠠ᠃

ᠬᠠᠣᠯᠢ ᠴᠠᠭᠠᠵᠠ᠎ᠶ᠋ᠢ ᠢᠯᠭᠠᠷᠠᠭᠤᠯᠣᠨ ᠲᠢᠭ᠌ᠯᠡᠬᠦ᠌ ᠠᠵᠢᠯ ᠥᠷᠨᠢᠭᠦᠯᠪᠡ᠃ ᠬᠠᠣᠯᠢ ᠴᠠᠭᠠᠵᠠ᠎ᠶ᠋ᠢ ᠢᠯᠭᠠᠷᠠᠭᠤᠯᠣᠨ ᠲᠢᠭ᠌ᠯᠡᠬᠦ᠌ ᠠᠵᠢᠯ᠎ᠢ ᠲᠥᠪᠯᠡᠷᠡᠭᠦᠯᠦᠨ ᠥᠷᠨᠢᠭᠦᠯᠬᠦ᠌ ᠪᠣᠯ ᠬᠠᠣᠯᠢ ᠴᠠᠭᠠᠵᠠ᠎ᠶ᠋ᠢᠨ ᠱᠢᠰᠲ᠋ᠧᠮ᠎ᠤᠨ ᠱᠢᠨᠵᠢᠯᠡᠬᠦ᠌ ᠤᠬᠠᠭᠠᠨᠴᠢ ᠡᠶ᠎ᠡ ᠵᠣᠬᠢᠴᠠᠯ᠎ᠲᠠᠢ ᠨᠢᠭᠡᠳᠦᠯᠳᠡᠢ ᠪᠠᠢᠬᠤ᠎ᠶ᠋ᠢ ᠪᠠᠲᠤᠯᠠᠬᠤ ᠴᠢᠬᠤᠯᠠ ᠠᠷᠭ᠎ᠠ ᠬᠡᠯᠪᠡᠷᠢ ᠮᠥᠨ᠃ ᠪᠠᠢᠩᠭᠤ᠎ᠶ᠋ᠢᠨ ᠬᠤᠷᠢᠶ᠎ᠠ ᠦᠨᠳᠦᠰᠦᠨ ᠬᠠᠤᠯᠢ᠎ᠪᠠᠷ ᠦᠨᠳᠦᠰᠦᠨ ᠦᠨᠳᠦᠰᠦᠯᠡᠯ ᠪᠣᠯᠭᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠳᠠᠯᠠᠵᠣ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠠᠤᠯᠢ ᠴᠠᠭᠠᠵᠠ᠂ ᠬᠠᠤᠯᠢ ᠴᠠᠭᠠᠵᠠ᠎ᠶ᠋ᠢᠨ ᠲᠠᠢᠯᠪᠤᠷᠢᠯᠠᠯᠲᠠ᠂ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠠᠰᠠᠭᠤᠳᠠᠯ᠎ᠤᠨ ᠳᠣᠬᠠᠢ ᠲᠣᠭ᠍ᠲᠠᠭᠠᠯ᠎ᠢ ᠪᠦᠬᠦ᠌ ᠲᠠᠯ᠎ᠠ᠎ᠪᠠᠷ ᠡᠮᠬᠢᠯᠡᠵᠦ᠍᠂ ᠵᠣᠬᠢᠴᠠᠬᠤ ᠦᠭᠡᠢ ᠪᠠ ᠵᠣᠬᠢᠴᠠᠯᠳᠤᠬᠤ ᠦᠬᠡᠢ ᠠᠰᠠᠭᠤᠳᠠᠯ ᠣᠷᠣᠱᠢᠵᠤ ᠪᠠᠢᠭ᠍ᠰᠠᠨ᠎ᠢ᠎ᠨᠢ᠂ ᠠᠳᠠᠯᠢ ᠪᠤᠰᠤ ᠪᠠᠢᠳᠠᠯ᠎ᠢ ᠢᠯᠭᠠᠵᠤ᠂ ᠬᠠᠣᠯᠢ ᠶᠣᠰᠣᠭᠠᠷ ᠱᠢᠢᠳᠪᠦᠷᠢᠯᠡᠪᠡ᠃ ᠪᠠᠢᠩᠭᠤ᠎ᠶ᠋ᠢᠨ ᠬᠤᠷᠢᠶ᠎ᠠ ᠬᠠᠣᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠤᠨ ᠬᠠᠣᠯᠢ ᠴᠠᠭᠠᠵᠠ᠎ᠶ᠋ᠢ ᠢᠯᠭᠠᠷᠠᠭᠤᠯᠤᠨ ᠳᠢᠭ᠌ᠯᠡᠬᠦ᠌ ᠠᠵᠢᠯ᠎ᠤᠨ ᠪᠠᠢᠳᠠᠯ ᠪᠣᠯᠤᠨ ᠱᠢᠢᠳᠪᠦᠷᠢᠯᠡᠬᠦ᠌ ᠰᠠᠨᠠᠯ᠎ᠤᠨ ᠲᠤᠬᠠᠶ ᠮᠡᠳᠡᠭᠦᠯᠦᠯᠲᠡ᠎ᠶ᠋ᠢ ᠬᠢᠨᠠᠨ ᠶᠠᠷᠢᠯᠴᠠᠬᠤ᠎ᠶ᠋ᠢᠨ ᠬᠠᠮᠳᠣ ᠵᠥᠪᠱᠢᠶᠡᠷᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠡᠴᠡ ᠪᠠᠲᠤᠯᠠᠭ᠍ᠰᠠᠨ 104ᠬᠤᠪᠢ ᠬᠠᠣᠯᠢ ᠴᠠᠭᠠᠵᠠ᠂ ᠬᠠᠣᠯᠢ ᠴᠠᠭᠠᠵᠠ᠎ᠶ᠋ᠢᠨ ᠲᠠᠢᠯᠪᠤᠷᠢᠯᠠᠯᠲᠠ᠂ ᠬᠤᠯᠪᠣᠭ᠍ᠳᠠᠯ ᠪᠦᠬᠦᠢ ᠬᠠᠣᠯᠢ ᠴᠠᠭᠠᠵᠠ᠎ᠶ᠋ᠢᠨ ᠠᠰᠠᠭᠤᠳᠠᠯ᠎ᠤᠨ ᠲᠤᠬᠠᠶ ᠲᠣᠭ᠍ᠲᠠᠭᠠᠯ᠎ᠢ ᠬᠦᠴᠦᠨ ᠦᠭᠡᠢ ᠪᠣᠯᠤᠭ᠍ᠰᠠᠨ᠎ᠢᠶᠠᠷ ᠵᠠᠷᠯᠠᠪᠠ; ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠡᠴᠡ ᠪᠠᠲᠤᠯᠠᠭ᠍ᠰᠠᠨ 35ᠬᠤᠪᠢ ᠬᠠᠤᠯᠢ ᠴᠠᠭᠠᠵᠠ᠂ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠠᠰᠠᠭᠤᠳᠠᠯ᠎ᠤᠨ ᠲᠤᠬᠠᠢ ᠲᠣᠭ᠍ᠲᠠᠭᠠᠯ᠎ᠤᠨ ᠬᠦᠴᠦᠨ᠎ᠲᠠᠢ ᠡᠰᠡᠬᠦ᠌ ᠠᠰᠠᠭᠤᠳᠠᠯ᠎ᠢ᠂ ᠲᠤᠰ ᠤᠳᠠᠭᠠᠨ᠎ᠤ ᠶᠡᠭᠡ ᠬᠤᠷᠠᠯ᠎ᠳᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠬᠦ᠌᠎ᠶ᠋ᠢᠨ ᠬᠠᠮᠲᠤ ᠲᠣᠭ᠍ᠲᠠᠭᠠᠯ ᠭᠠᠷᠭᠠᠯᠭᠠᠬᠤ᠎ᠪᠠᠷ ᠳᠣᠭ᠍ᠳᠠᠪᠠ᠃

ᠱᠢᠨᠵᠢᠯᠡᠬᠦ᠌ ᠤᠬᠠᠭᠠᠨᠴᠢ᠎ᠪᠠᠷ ᠬᠠᠣᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠣᠯᠢ ᠲᠣᠭ᠍ᠲᠠᠭᠠᠬᠤ᠂ ᠬᠠᠣᠯᠢ ᠶᠣᠰᠣᠭᠠᠷ ᠬᠠᠣᠯᠢ ᠲᠣᠭ᠍ᠲᠠᠭᠠᠬᠤ᠎ᠶ᠋ᠢ ᠪᠠᠷᠢᠮᠲᠠᠯᠠᠪᠠ᠃ ᠬᠠᠤᠯᠢ᠎ᠪᠠᠷ ᠲᠣᠭ᠍ᠲᠠᠭᠠᠭ᠍ᠰᠠᠨ ᠡᠷᠬᠡ᠎ᠶ᠋ᠢᠨ ᠬᠡᠪᠴᠢᠶ᠎ᠡ ᠪᠠ ᠵᠢᠷᠣᠮ᠎ᠢ ᠴᠢᠩᠭ᠎ᠠ ᠵᠢᠷᠣᠮᠯᠠᠨ ᠬᠠᠤᠯᠢ ᠲᠣᠭ᠍ᠲᠠᠭᠠᠬᠤ ᠠᠵᠢᠯ ᠥᠷᠨᠢᠭᠦᠯᠵᠦ᠍᠂ ᠪᠤᠰᠤᠳᠴᠢ ᠵᠢᠮ᠎ᠡ ᠶᠣᠰᠣ ᠪᠠ ᠬᠠᠤᠯᠢ ᠲᠣᠭ᠍ᠲᠠᠭᠠᠬᠤ ᠵᠢᠮ᠎ᠡ ᠶᠣᠰᠣ᠎ᠶ᠋ᠢ ᠵᠢᠷᠤᠮᠯᠠᠵᠤ᠂ ᠡᠯ᠎ᠡ ᠵᠦᠢᠯ᠎ᠤᠨ ᠠᠱᠢᠭ ᠲᠤᠰᠠ᠎ᠶ᠋ᠢᠨ ᠬᠠᠷᠢᠴᠠᠭ᠎ᠠ᠎ᠶ᠋ᠢ ᠲᠡᠩᠴᠡᠭᠦᠷᠢᠱᠢᠭᠦᠯᠵᠦ᠍᠂ ᠲᠣᠬᠢᠷᠠᠭᠤᠯᠵᠤ᠂ ᠵᠢᠷᠣᠮᠵᠢᠭᠤᠯᠵᠣ᠂ ᠬᠠᠤᠯᠢ ᠴᠠᠭᠠᠵᠠ᠎ᠶ᠋ᠢᠨ ᠵᠢᠷᠣᠮᠵᠢᠯ᠎ᠤᠨ ᠵᠠᠭᠠᠭ ᠬᠢᠵᠠᠭᠠᠷ᠎ᠢ ᠵᠦᠢ ᠵᠣᠬᠢᠰᠲᠠᠶ ᠲᠣᠭ᠍ᠳᠠᠭᠠᠵᠣ᠂ ᠡᠷᠬᠡ ᠠᠱᠢᠭ ᠪᠠ ᠡᠭᠦᠷᠭᠡ᠎ᠶ᠋ᠢ ᠨᠢᠭᠡᠳᠭᠡᠬᠦ᠂ ᠡᠷᠬᠡ ᠪᠠ ᠬᠠᠷᠢᠭᠤᠴᠠᠯᠭ᠎ᠠ᠎ᠶ᠋ᠢ ᠲᠡᠩᠴᠡᠭᠦᠯᠬᠦ᠂ ᠱᠢᠢᠳᠭᠡᠯ᠎ᠢ ᠠᠯᠳᠠᠭ᠎ᠠ ᠪᠤᠷᠤᠭᠤ᠎ᠲᠠᠢ᠎ᠨᠢ ᠲᠣᠬᠢᠷᠠᠯᠴᠠᠭᠤᠯᠬᠤ᠎ᠶ᠋ᠢ ᠪᠡᠶᠡᠯᠡᠭᠦᠯᠵᠦ᠍᠂ ᠬᠠᠣᠯᠢ ᠴᠠᠭᠠᠵᠠ᠎ᠶ᠋ᠢᠨ ᠲᠣᠭ᠍ᠲᠠᠪᠤᠷᠢᠲᠤ ᠴᠢᠨᠠᠷ ᠬᠢᠭᠡᠳ ᠬᠤᠪᠢᠰᠭᠤ ᠴᠢᠨᠠᠷ᠂ ᠠᠬᠤᠢᠴᠢ ᠴᠢᠨᠠᠷ ᠬᠢᠭᠡᠳ ᠪᠠᠷᠠᠯᠠᠬᠢᠯᠠᠯᠳᠤ ᠴᠢᠨᠠᠷ᠂ ᠵᠠᠷᠴᠢᠮᠲᠤ ᠴᠢᠨᠠᠷ ᠬᠢᠭᠡᠳ ᠬᠡᠷᠡᠭ᠌ᠵᠢᠭᠦᠯᠵᠦ᠍ ᠪᠣᠯᠬᠤᠢ᠌ᠴᠠ ᠴᠢᠨᠠᠷ᠎ᠤᠨ ᠬᠠᠷᠢᠴᠠᠭ᠎ᠠ᠎ᠶ᠋ᠢ ᠲᠣᠬᠢᠲᠠᠶ ᠱᠢᠢᠳᠪᠦᠷᠢᠯᠡᠵᠦ᠍᠂ ᠬᠠᠣᠯᠢ ᠲᠣᠭ᠍ᠲᠠᠭᠠᠯᠲᠠ᠎ᠶ᠋ᠢ ᠴᠠᠭ ᠦᠶ᠎ᠡ᠎ᠶ᠋ᠢᠨ ᠬᠥᠭ᠌ᠵᠢᠯᠲᠡ᠂ ᠦᠢᠯᠡᠳᠦᠯᠭᠡ᠎ᠶ᠋ᠢᠨ ᠱᠠᠭᠠᠷᠳᠠᠯᠭ᠎ᠠ ᠪᠠ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠵᠣᠬᠢᠴᠠᠭᠤᠯᠬᠤ᠎ᠶ᠋ᠢ ᠪᠠᠲᠤᠯᠠᠪᠠ᠃ ᠬᠠᠤᠯᠢ ᠲᠣᠭ᠍ᠲᠠᠭᠠᠬᠤ ᠠᠵᠢᠯ᠎ᠳᠠᠬᠢ ᠣᠯᠠᠨ ᠨᠡᠢᠲᠡ᠎ᠶ᠋ᠢᠨ ᠡᠮᠬᠢ ᠵᠢᠷᠤᠮ᠎ᠲᠠᠢ ᠣᠷᠣᠯᠴᠠᠭ᠎ᠠ᠎ᠶ᠋ᠢ ᠥᠷᠭᠡᠳᠭᠡᠵᠦ᠍᠂ ᠬᠠᠣᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ᠂ ᠶᠠᠷᠢᠯᠴᠠᠬᠤ ᠬᠤᠷᠠᠯ᠂ ᠨᠤᠲᠠᠯᠠᠬᠤ᠂ ᠦᠨᠡᠯᠡᠨ ᠵᠢᠱ᠌ᠢᠬᠦ᠌ ᠵᠡᠷᠭᠡ ᠠᠵᠢᠯ᠎ᠤᠨ ᠬᠠᠨᠳᠤᠯᠭᠠᠲᠤ ᠴᠢᠨᠠᠷ᠎ᠢ ᠴᠢᠩᠭᠠᠳᠭᠠᠵᠤ᠂ ᠬᠠᠣᠯᠢ ᠲᠣᠭ᠍ᠲᠠᠭᠠᠬᠤ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠪᠠ᠃ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠦᠯᠵᠢᠶ᠎ᠡ᠂ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠢᠶᠠᠷ ᠳᠠᠮᠵᠢᠭᠤᠯᠣᠨ ᠬᠠᠤᠯᠢ ᠴᠠᠭᠠᠵᠠ᠎ᠶ᠋ᠢᠨ ᠲᠥᠰᠦᠯ᠎ᠤᠨ ᠳᠤᠬᠠᠢ ᠢᠯᠡ᠎ᠪᠠᠷ ᠰᠠᠨᠠᠯ ᠬᠤᠷᠢᠶᠠᠵᠤ᠂ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ 36.4 ᠲᠦᠮᠡᠨ ᠵᠤᠷᠪᠤᠰ ᠬᠤᠷᠢᠶᠠᠨ ᠣᠯᠵᠣ᠂ ᠮᠠᠰᠢ ᠤᠯᠠᠨ ᠰᠠᠨᠠᠯ᠎ᠢ ᠬᠦᠯᠢᠶᠡᠨ ᠠᠪᠤᠭ᠍ᠰᠠᠨ ᠪᠥᠭᠡᠳ ᠬᠠᠷᠢᠭᠤ ᠲᠤᠰᠭᠠᠪᠠ᠃ ᠬᠠᠤᠯᠢ ᠲᠣᠭ᠍ᠲᠠᠭᠠᠬᠤ ᠪᠦᠬᠦ᠌ ᠶᠠᠪᠤᠴᠠ᠎ᠳᠠᠬᠢ ᠤᠬᠠᠭᠤᠯᠭ᠎ᠠ ᠲᠠᠢᠯᠪᠣᠷᠢᠯᠠᠯᠳᠠ᠎ᠪᠠᠨ ᠴᠢᠩᠭᠠᠳᠭᠠᠵᠤ᠂ ᠥᠭᠦᠯᠡᠭ᠌ᠴᠢ᠎ᠶ᠋ᠢᠨ ᠰᠣᠷᠪᠣᠯᠵᠢᠯᠠᠭ᠍ᠴᠢᠳ᠎ᠤᠨ ᠬᠤᠷᠠᠯ᠂ ᠪᠢᠴᠢᠭ᠎ᠤᠨ ᠬᠡᠯᠪᠡᠷᠢ᠎ᠪᠠᠷ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠠᠤᠯᠢ ᠴᠠᠭᠠᠵᠠ᠎ᠶ᠋ᠢᠨ ᠲᠦᠰᠦᠯ᠎ᠢ ᠬᠢᠨᠠᠨ ᠶᠠᠷᠢᠯᠴᠠᠭ᠍ᠰᠠᠨ ᠪᠠᠢᠳᠠᠯ᠎ᠢ ᠵᠠᠷᠯᠠᠨ ᠮᠡᠳᠡᠭ᠌ᠳᠡᠵᠦ᠍᠂ ᠱᠢᠨ᠎ᠡ᠎ᠪᠠᠷ ᠲᠣᠭ᠍ᠲᠠᠭᠠᠭ᠍ᠰᠠᠨ ᠪᠤᠶᠤ ᠵᠠᠰᠠᠪᠤᠷᠢ ᠣᠷᠣᠭᠤᠯᠤᠭ᠍ᠰᠠᠨ ᠬᠠᠣᠯᠢ ᠴᠠᠭᠠᠵᠠ᠎ᠶ᠋ᠢ ᠲᠠᠢᠯᠪᠣᠷᠢᠯᠠᠵᠣ᠂ ᠶᠠᠷᠢᠶ᠎ᠠ ᠬᠡᠯᠡᠯᠴᠡᠭᠡᠨ᠎ᠤ ᠪᠠᠢᠳᠠᠯ᠎ᠤᠨ ᠠᠩᠬᠠᠷᠴᠤ᠌ ᠪᠠᠢᠭ᠎ᠠ ᠬᠠᠣᠯᠢ ᠴᠠᠭᠠᠵᠠ᠎ᠶ᠋ᠢᠨ ᠠᠰᠠᠭᠤᠳᠠᠯ᠎ᠳᠤ ᠲᠣᠬᠢᠲᠠᠶ ᠬᠠᠷᠢᠭᠤᠯᠳᠠ ᠥᠭ᠌ᠪᠡ᠃ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠤᠨ ᠠᠵᠢᠯ᠎ᠤᠨ ᠰᠣᠯᠢᠯᠴᠠᠭᠠᠨ᠎ᠤ ᠬᠤᠷᠠᠯ᠎ᠢ ᠬᠤᠷᠠᠯᠳᠣᠭᠤᠯᠵᠣ᠂ ᠪᠠᠢᠭᠤᠯᠤᠭ᠍ᠳᠠᠭ᠍ᠰᠠᠨ 10 ᠵᠢᠯ᠎ᠤᠨ ᠲᠤᠷᠱᠢᠬᠢ ᠲᠤᠷᠱᠢᠯᠭ᠎ᠠ᠎ᠪᠠᠨ ᠳ᠋ᠦᠩᠨᠡᠵᠦ᠍᠂ ᠬᠠᠷᠢᠯᠴᠠᠬᠤ ᠴᠡᠭ᠎ᠤᠨ ᠠᠵᠢᠯ᠎ᠤᠨ ᠳᠦᠷᠢᠮᠵᠢᠵᠦ᠍ ᠵᠢᠷᠣᠮᠵᠢᠬᠤ᠎ᠶ᠋ᠢ ᠠᠬᠢᠭᠤᠯᠪᠠ᠃

ᠭᠤᠷᠪᠠ᠂ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠳᠠᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠪᠠ

ᠵᠥᠪ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠪᠠᠷᠢᠮᠲᠠᠯᠠᠵᠤ᠂ ᠬᠢᠨᠠᠯᠲᠠ ᠲᠠᠯᠪᠢᠬᠤ ᠬᠠᠣᠯᠢ᠎ᠶ᠋ᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠬᠠᠣᠯᠢ ᠬᠠᠣᠯᠢ ᠴᠠᠭᠠᠵᠠ᠎ᠶ᠋ᠢᠨ ᠬᠡᠷᠡᠭ᠌ᠵᠢᠭᠦᠯᠦᠯᠳᠡ ᠪᠠ 《ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ》 ᠎ᠶ᠋ᠢᠨ ᠠᠵᠢᠯ᠎ᠳᠠᠬᠢ ᠬᠢᠨᠠᠯᠲᠠ᠎ᠪᠠᠨ ᠴᠢᠩᠭᠠᠳᠭᠠᠵᠤ᠂ ᠲᠦᠷᠦ᠍᠎ᠶ᠋ᠢᠨ ᠪᠠᠢᠭᠤᠯᠭ᠎ᠠ᠎ᠶ᠋ᠢᠨ ᠬᠠᠣᠯᠢ ᠶᠣᠰᠣᠭᠠᠷ ᠡᠷᠬᠡ᠎ᠪᠠᠨ ᠬᠡᠷᠡᠭ᠌ᠵᠢᠭᠦᠯᠬᠦ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠦᠨᠡᠨ ᠬᠦ᠌ ᠪᠠᠲᠤᠯᠠᠵᠤ᠂ ᠠᠷᠠᠳ ᠤᠯᠠᠨ᠎ᠤ ᠠᠷᠠᠳᠴᠢᠯᠠᠯ᠎ᠤᠨ ᠡᠷᠬᠡ᠂ ᠬᠠᠣᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠪᠠ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠪᠠ᠃ ᠨᠢᠭᠡ ᠵᠢᠯ᠎ᠤᠨ ᠲᠤᠷᠰᠢ᠂ ᠬᠢᠨᠠᠯᠲᠠ ᠲᠠᠯᠪᠢᠬᠤ ᠠᠵᠢᠯ᠎ᠤᠨ ᠲᠤᠬᠠᠶ 22ᠮᠡᠳᠡᠭᠦᠯᠦᠯᠲᠡ᠎ᠶ᠋ᠢ ᠰᠣᠨᠣᠰᠣᠨ ᠬᠢᠨᠠᠨ ᠶᠠᠷᠢᠯᠴᠠᠵᠤ᠂ 5 ᠬᠤᠪᠢ ᠬᠠᠣᠯᠢ ᠴᠠᠭᠠᠵᠠ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ 2 ᠤᠳᠠᠭ᠎ᠠ  ᠲᠤᠰᠭᠠᠶ ᠰᠡᠳᠦᠪᠲᠦ ᠯᠠᠪᠯᠠᠨ ᠠᠰᠠᠭᠤᠯᠭ᠎ᠠ᠂ 11ᠲᠤᠰᠭᠠᠶ ᠰᠡᠳᠦᠪᠲᠦ ᠪᠠᠢᠴᠠᠭᠠᠨ ᠰᠤᠳᠤᠯᠣᠯᠳᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 1 ᠱᠢᠢᠳᠪᠦᠷᠢ ᠭᠠᠷᠭᠠᠪᠠ᠃ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠶ᠋ᠢ 22.1ᠲᠦᠮᠡᠨ ᠬᠤᠪᠢ ᠤᠳᠠᠭ᠎ᠠ ᠬᠠᠣᠯᠢ ᠲᠣᠭ᠍ᠲᠠᠭᠠᠯ ᠶᠣᠰᠣᠭᠠᠷ ᠱᠢᠢᠳᠪᠦᠷᠢᠯᠡᠵᠦ᠍᠂ ᠬᠤᠷᠢᠶᠠᠨ ᠳᠠᠷᠤᠭ᠎ᠠ ᠨᠠᠷ᠎ᠤᠨ ᠬᠤᠷᠠᠯᠳᠤᠭᠠᠨ᠎ᠡᠴᠡ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠣᠨᠣᠰᠪᠠ᠃

ᠲᠤᠰᠭᠠᠶ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠎ᠶ᠋ᠢ ᠨᠢᠭᠡᠳᠦᠯᠲᠡᠶ ᠲᠥᠯᠥᠪᠯᠡᠨ ᠲᠣᠬᠢᠷᠠᠭᠤᠯᠪᠠ᠃ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠠᠷᠠᠳ ᠣᠯᠠᠨ᠎ᠤ ᠪᠣᠳᠣᠵᠣ ᠬᠦᠰᠡᠵᠦ᠍ ᠡᠷᠡᠮᠡᠯᠵᠡᠵᠦ᠍ ᠪᠠᠢᠭ᠎ᠠ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠠᠵᠢᠯ᠎ᠤᠨ ᠮᠡᠳᠡᠭᠦᠯᠦᠯᠲᠡ᠎ᠶ᠋ᠢᠨ ᠰᠡᠳᠦᠪ ᠰᠣᠩᠭᠤᠯᠳᠠ᠎ᠶ᠋ᠢ ᠲᠣᠭ᠍ᠲᠠᠭᠠᠵᠤ᠂ ᠡᠮᠦᠨᠡᠬᠢ ᠬᠤᠭᠤᠴᠠᠭᠠᠨ᠎ᠤ ᠪᠠᠢᠴᠠᠭᠠᠨ ᠰᠤᠳᠤᠯᠤᠯᠲᠠ᠎ᠶ᠋ᠢ ᠰᠠᠢᠲᠤᠷ ᠬᠢᠵᠦ᠍᠂ ᠠᠵᠢᠯ᠎ᠤᠨ ᠨᠡᠪᠲᠡᠷᠡᠯᠴᠡᠭᠡ᠎ᠪᠠᠨ ᠴᠢᠩᠭᠠᠳᠭᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠱᠢᠪᠠᠳᠠᠵᠤ᠂ ᠠᠵᠢᠯ᠎ᠢᠶᠠᠨ ᠴᠢᠩᠭᠠᠳᠭᠠᠨ ᠰᠠᠢᠵᠢᠷᠠᠭᠤᠯᠬᠤ ᠨᠡᠢᠯᠡᠯ ᠬᠦᠴᠦᠨ᠎ᠢ ᠪᠦᠷᠢᠯᠳᠦᠭᠦᠯᠪᠡ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠶ᠋ᠢ ᠠᠬᠢᠭᠤᠯᠬᠤ ᠵᠡᠷᠭᠡ᠎ᠶ᠋ᠢᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠴᠢᠩᠭᠠᠳᠭᠠᠪᠠ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠡᠩ ᠰᠠᠢᠨ ᠬᠠᠩᠭᠠᠬᠤ᠎ᠲᠠᠢ ᠤᠶᠠᠯᠳᠤᠭᠤᠯᠤᠨ᠂ ᠠᠮᠢᠳᠤᠯᠢᠭ᠎ᠢᠶᠠᠷ ᠠᠵᠢᠯ ᠣᠯᠤᠭ᠍ᠰᠠᠨ ᠪᠠ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠤᠭ᠍ᠰᠠᠨ ᠬᠥᠳᠡᠯᠮᠦᠷᠢᠴᠢᠳ᠎ᠤᠨ ᠡᠷᠬᠡ ᠠᠱᠢᠭ᠎ᠢ ᠪᠠᠲᠤᠯᠠᠬᠤ᠂ ᠰᠣᠶᠣᠯ ᠪᠠ ᠵᠢᠭᠤᠯᠴᠢᠯᠠᠯ᠎ᠢ ᠭᠦᠨᠵᠡᠭᠡᠶ ᠠᠭᠤᠰᠤᠯᠴᠠᠭᠤᠯᠤᠨ ᠬᠥᠭ᠌ᠵᠢᠬᠦᠯᠬᠦ᠌᠎ᠶ᠋ᠢ ᠠᠬᠢᠭᠤᠯᠬᠤ᠂ ᠡᠳ᠋᠎ᠤᠨ ᠵᠠᠰᠠᠭ᠎ᠤᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠪᠡᠯᠡ ᠮᠥᠩᠭᠦ᠎ᠶ᠋ᠢᠨ ᠬᠤᠪᠢᠶᠠᠷᠢᠯᠠᠯᠲᠠ ᠪᠠ ᠬᠡᠷᠡᠭ᠌ᠯᠡᠯᠲᠡ᠂ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠪᠠᠢᠭᠤᠯᠤᠯ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠬᠦ᠌ ᠵᠡᠷᠭᠡ᠎ᠶ᠋ᠢᠨ ᠲᠤᠬᠠᠶ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠪᠠ᠃ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠲᠠᠢ ᠤᠶᠠᠯᠳᠤᠭᠤᠯᠤᠨ᠂ ᠣᠨ᠎ᠤ ᠣᠷᠴᠢᠨ ᠠᠬᠤᠢ᠎ᠶ᠋ᠢᠨ ᠪᠠᠢᠳᠠᠯ ᠪᠣᠯᠤᠨ ᠣᠷᠴᠢᠨ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ ᠪᠠ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠬᠡᠬᠦ᠌ ᠨᠡᠭᠦᠷᠡᠰᠦᠲᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠂ ᠤᠰᠤᠨ᠎ᠤ ᠡᠬᠢ ᠪᠠᠶᠠᠯᠢᠭ᠎ᠤᠨ ᠭᠠᠢᠯᠢ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠲᠤᠬᠠᠢ ᠵᠡᠷᠭᠡ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠪᠠ᠃ ᠬᠠᠤᠯᠢ ᠬᠡᠷᠡᠭ᠌ᠵᠢᠭᠦᠯᠬᠦ᠂ ᠬᠠᠤᠯᠢ ᠪᠠᠷᠢᠬᠤ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠡᠷᠡᠭᠦᠤ ᠱᠢᠢᠳᠭᠡᠯ᠎ᠢ ᠭᠦᠢᠴᠡᠳᠭᠡᠭ᠌ᠰᠡᠨ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠡᠷᠡᠭᠦᠤ ᠱᠢᠢᠳᠭᠡᠯ᠎ᠢ ᠭᠦᠢᠴᠡᠳᠭᠡᠬᠦ᠌᠎ᠳᠤ ᠬᠢᠨᠠᠯᠲᠠ ᠲᠠᠯᠪᠢᠭ᠍ᠰᠠᠨ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠳᠠᠯᠠᠢ᠎ᠶ᠋ᠢᠨ ᠶᠠᠪᠤᠳᠠᠯ᠎ᠤᠨ ᠱᠢᠭᠦᠨ ᠲᠠᠰᠤᠯᠤᠯᠳᠠ᠎ᠶ᠋ᠢᠨ ᠲᠤᠬᠠᠶ ᠵᠡᠷᠭᠡ ᠮᠡᠳᠡᠭᠦᠯᠦᠯᠲᠡ᠎ᠶ᠋ᠢ ᠰᠣᠨᠣᠰᠤᠨ ᠬᠢᠨᠠᠨ ᠶᠠᠷᠢᠯᠴᠠᠵᠤ᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠶᠠᠰᠤ ᠴᠢᠨᠠᠷ᠂ ᠦᠷ᠎ᠡ ᠪᠦᠲᠦᠮᠵᠢ ᠪᠠ ᠤᠯᠠᠨ ᠨᠡᠢᠲᠡ᠎ᠶ᠋ᠢ ᠢᠲᠡᠭᠡᠭᠦᠯᠬᠦ᠌ ᠬᠦᠴᠦᠨ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃

ᠡᠳ᠋᠎ᠤᠨ ᠵᠠᠰᠠᠭ ᠠᠵᠤ ᠠᠬᠤᠢ᠎ᠶ᠋ᠢᠨ ᠠᠵᠢᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠪᠠ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠵᠢᠯ᠎ᠤᠨ ᠲᠣᠭ᠍ᠲᠠᠴᠠ᠎ᠪᠠᠨ ᠲᠡᠭᠦᠯᠳᠡᠷᠵᠢᠭᠦᠯᠵᠦ᠍᠂ ᠬᠢᠨᠠᠯᠲᠠ ᠲᠠᠯᠪᠢᠬᠤ ᠡᠷᠴᠢᠮ᠎ᠢᠶᠠᠨ ᠴᠢᠩᠭᠠᠷᠠᠭᠤᠯᠵᠤ᠂ ᠨᠠᠮ᠎ᠤᠨ ᠲᠥᠪ ᠬᠤᠷᠢᠶᠠᠨ᠎ᠤ ᠠᠵᠤ ᠠᠬᠤᠢ᠎ᠶ᠋ᠢᠨ ᠠᠵᠢᠯ᠎ᠤᠨ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃ ᠲᠥᠯᠥᠪᠯᠡᠭᠡ᠎ᠶ᠋ᠢ ᠭᠦᠢᠴᠡᠳᠭᠡᠭ᠌ᠰᠡᠨ᠂ ᠲᠥᠰᠦᠪ᠎ᠢ ᠭᠦᠢᠴᠡᠳᠭᠡᠭ᠌ᠰᠡᠨ᠂ ᠲᠥᠪ᠎ᠤᠨ ᠲᠥᠰᠦᠪ᠎ᠤᠨ ᠭᠦᠢᠴᠡᠳᠭᠡᠯ ᠵᠡᠷᠭᠡ᠎ᠶ᠋ᠢᠨ ᠳᠤᠬᠠᠢ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ 2024 ᠣᠨ᠎ᠤ ᠲᠥᠪ᠎ᠤᠨ ᠲᠥᠰᠦᠪ᠎ᠤᠨ ᠭᠦᠢᠴᠡᠳᠭᠡᠯ᠎ᠢ ᠬᠢᠨᠠᠨ ᠪᠠᠢᠴᠠᠭᠠᠵᠤ ᠵᠥᠪᠱᠢᠶᠡᠷᠡᠨ᠂ ᠨᠡᠩ ᠢᠳᠡᠪᠬᠢᠲᠡᠶ ᠪᠦᠬᠡᠳ ᠪᠦᠳᠦᠮᠵᠢᠳᠠᠢ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠬᠠᠷᠠᠯᠲᠠ᠎ᠶ᠋ᠢ ᠪᠡᠶᠡᠯᠡᠭᠦᠯᠬᠦ᠌᠎ᠳᠤ ᠬᠦᠴᠦ᠍ ᠨᠡᠮᠡᠷᠢᠯᠡᠪᠡ᠃ 2024 ᠣᠨ᠎ᠤ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠢ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢᠯᠡᠭ᠌ᠰᠡᠨ ᠮᠡᠳᠡᠭᠦᠯᠦᠯᠲᠡ᠎ᠶ᠋ᠢ ᠬᠢᠨᠠᠨ ᠶᠠᠷᠢᠯᠴᠠᠵᠤ᠂ ᠠᠵᠤ ᠠᠬᠤᠢᠯᠠᠯ᠎ᠤᠨ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ (ᠮᠥᠩᠭᠦᠨ ᠭᠦᠢᠯᠭᠡᠭᠡᠨ᠎ᠤ ᠠᠵᠤ ᠠᠬᠤᠢᠯᠠᠯ ᠪᠠᠭ᠍ᠲᠠᠬᠤ ᠦᠭᠡᠶ) ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠶ ᠲᠤᠰᠭᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠎ᠶ᠋ᠢᠨ ᠬᠠᠮᠲᠤ ᠲᠤᠰᠭᠠᠶ ᠰᠡᠳᠦᠪ᠎ᠢᠶᠠᠷ ᠯᠠᠪᠯᠠᠨ ᠠᠰᠠᠭᠤᠬᠤ ᠠᠵᠢᠯ ᠥᠷᠨᠢᠭᠦᠯᠵᠦ᠍᠂ ᠤᠯᠤᠰ᠎ᠤᠨ ᠥᠮᠴᠢᠯᠡᠯ᠎ᠤᠨ ᠠᠵᠤ ᠠᠬᠤᠶ᠎ᠶ᠋ᠢᠨ ᠪᠠᠢᠷᠢᠯᠠᠭᠤᠯᠤᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠭᠤᠣᠯᠯᠠᠬᠤ ᠴᠢᠳᠠᠮᠵᠢ᠎ᠶ᠋ᠢ ᠴᠢᠩᠭᠠᠷᠠᠭᠤᠯᠵᠤ᠂ ᠭᠤᠣᠯᠯᠠᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠪᠡ᠃ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠳᠤᠬᠠᠢ ᠮᠡᠳᠡᠭᠦᠯᠦᠯᠲᠡ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠪᠠᠢᠩᠭᠤ᠎ᠶ᠋ᠢᠨ ᠬᠤᠷᠢᠶᠠᠨ᠎ᠤ ᠬᠢᠨᠠᠨ ᠵᠥᠪᠯᠡᠭ᠌ᠰᠡᠨ ᠰᠠᠨᠠᠯ᠎ᠢ ᠰᠤᠳᠤᠯᠤᠨ ᠱᠢᠢᠳᠪᠦᠷᠢᠯᠡᠭ᠌ᠰᠡᠨ ᠪᠠ ᠴᠡᠭ᠌ᠴᠡᠯᠡᠨ ᠰᠠᠢᠵᠢᠷᠠᠭᠤᠯᠵᠤ ᠬᠠᠷᠢᠭᠤᠴᠠᠯᠭ᠎ᠠ ᠨᠡᠬᠡᠮᠵᠢᠯᠡᠭ᠌ᠰᠡᠨ ᠪᠠᠢᠳᠠᠯ᠎ᠤᠨ ᠳᠤᠬᠠᠢ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠎ᠶ᠋ᠢ ᠲᠤᠬ᠍ᠳᠠᠴᠠᠵᠢᠭᠤᠯᠤᠨ ᠳᠤᠬᠢᠷᠠᠭᠤᠯᠪᠠ᠃ ᠮᠥᠩᠭᠦᠨ ᠭᠦᠢᠯᠭᠡᠭᠡᠨ᠎ᠤ ᠠᠵᠢᠯ᠂ 2024 ᠣᠨ᠎ᠤ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ ᠵᠡᠷᠭᠡ᠎ᠶ᠋ᠢᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠮᠥᠩᠭᠦᠨ ᠭᠦᠢᠯᠭᠡᠭᠡᠨ᠎ᠢᠶᠠᠷ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠶᠠᠰᠤ ᠴᠢᠨᠠᠷ ᠦᠷ᠎ᠡ ᠠᠱᠢᠭ᠎ᠢ ᠳᠡᠮᠵᠢᠬᠦ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠡᠪᠴᠢᠶ᠎ᠡ ᠪᠠ ᠪᠦᠲᠦᠴᠡ᠎ᠶ᠋ᠢ ᠱᠢᠯᠢᠳᠡᠭ᠌ᠵᠢᠭᠦᠯᠬᠦ᠂ ᠣᠷᠣᠨ ᠨᠤᠲᠤᠭ᠎ᠤᠨ ᠱᠢᠨ᠎ᠡ᠎ᠪᠠᠷ ᠨᠡᠮᠡᠭ᠌ᠳᠡᠬᠦ᠌ ᠲᠠᠯᠳᠠ ᠥᠷᠢ ᠥᠭ᠌ᠴᠡᠭᠡ᠎ᠶ᠋ᠢ ᠬᠤᠷᠢᠭ᠍ᠯᠠᠬᠤ᠂ ᠠᠵᠤ ᠠᠬᠤᠢ᠌ᠯᠠᠯ᠎ᠳᠤ ᠦᠷᠢᠳᠦᠭ᠌ᠰᠡᠨ ᠠᠪᠴᠠᠭᠠᠨ᠎ᠤ ᠵᠤᠭᠤᠰ᠎ᠤᠨ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠪᠠ᠃ 2024 ᠣᠨ᠎ᠤ ᠬᠢᠨᠠᠨ ᠪᠤᠳᠤᠬᠤ ᠠᠵᠢᠯ᠂ ᠬᠢᠨᠠᠨ ᠪᠤᠳᠤᠯᠲᠠ᠎ᠪᠠᠷ ᠪᠠᠢᠴᠠᠭᠠᠨ ᠭᠠᠷᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ ᠵᠡᠷᠭᠡ᠎ᠶ᠋ᠢᠨ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠬᠢᠨᠠᠨ ᠪᠣᠳᠣᠯᠲᠠ᠎ᠪᠠᠷ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠠᠬᠢᠭᠤᠯᠵᠤ᠂ ᠡᠳ᠋᠎ᠤᠨ ᠵᠠᠰᠠᠭ ᠠᠵᠤ ᠠᠬᠤᠶ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠬᠢᠨᠠᠨ ᠪᠤᠳᠤᠯᠲᠠ᠎ᠪᠠᠷ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ᠃ ᠡᠳ᠋᠎ᠤᠨ ᠵᠠᠰᠠᠭ᠎ᠤᠨ ᠲᠥᠰᠦᠪ᠎ᠤᠨ ᠵᠦᠢᠯᠡᠰ᠎ᠢ ᠳᠠᠩᠰᠠᠯᠠᠭᠤᠯᠵᠤ ᠬᠢᠨᠠᠨ ᠪᠠᠢᠴᠠᠭᠠᠭ᠍ᠰᠠᠨ ᠠᠵᠢᠯ᠎ᠤᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠤᠨ ᠬᠢᠨᠠᠨ ᠶᠠᠷᠢᠯᠴᠠᠵᠤ᠂ ᠬᠠᠤᠯᠢ ᠶᠣᠰᠣᠭᠠᠷ ᠡᠳ᠋᠎ᠤᠨ ᠶᠠᠪᠤᠳᠠᠯ᠎ᠢ ᠬᠠᠮᠢᠶᠠᠷᠬᠤ᠂ ᠵᠢᠷᠤᠮᠵᠢᠭᠤᠯᠬᠤ ᠪᠠ ᠬᠠᠤᠯᠢ᠎ᠪᠠᠷ ᠵᠠᠰᠠᠬᠤ ᠲᠥᠪᠱᠢᠨ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ ᠲᠥᠰᠦᠪ᠎ᠤᠨ ᠠᠵᠢᠯ᠎ᠤᠨ ᠵᠥᠪᠯᠡᠯ᠎ᠤᠨ ᠦᠨᠳᠦᠰᠦᠨ ᠱᠠᠲᠤᠨ᠎ᠤ ᠬᠠᠷᠢᠯᠴᠠᠬᠤ ᠴᠡᠭ᠎ᠤᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠪᠠ᠃

ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠯᠠᠪᠳᠠᠭᠤᠨ ᠪᠠᠲᠤᠲᠠᠢ ᠰᠠᠢᠲᠤᠷ ᠬᠢᠪᠡ᠃ ᠬᠠᠤᠯᠢ ᠴᠠᠭᠠᠵᠠ᠎ᠶ᠋ᠢᠨ ᠲᠣᠭ᠍ᠲᠠᠭᠠᠯ᠎ᠢ ᠴᠢᠩᠭ᠎ᠠ ᠵᠢᠷᠤᠮᠯᠠᠨ᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ᠂ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠤᠭ᠍ᠰᠠᠨ᠂ ᠬᠠᠤᠯᠢ ᠴᠠᠭᠠᠵᠠ᠎ᠶ᠋ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ ᠵᠡᠷᠭᠡ ᠪᠠᠢᠳᠠᠯ᠎ᠢ ᠪᠠᠢᠴᠠᠭᠠᠵᠤ᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠬᠠᠤᠯᠢ ᠲᠣᠭ᠍ᠲᠠᠭᠠᠬᠤ᠂ ᠬᠠᠤᠯᠢ ᠲᠦᠭᠡᠮᠡᠯᠵᠢᠭᠦᠯᠬᠦ᠌᠎ᠲᠠᠢ ᠣᠷᠭᠠᠨᠢᠭ᠎ᠢᠶᠠᠷ ᠤᠶᠠᠯᠳᠤᠭᠤᠯᠵᠤ᠂ ᠬᠠᠤᠯᠢ ᠴᠠᠭᠠᠵᠠ᠎ᠶ᠋ᠢᠨ ᠪᠦᠬᠦ᠌ ᠲᠠᠯ᠎ᠠ᠎ᠪᠠᠷ ᠪᠦᠲᠦᠮᠵᠢᠲᠡᠶ ᠬᠡᠷᠡᠭ᠌ᠵᠢᠭᠦᠯᠦᠭ᠌ᠳᠡᠬᠦ᠌᠎ᠶ᠋ᠢ ᠠᠬᠢᠭᠤᠯᠪᠠ᠃ ᠠᠵᠢᠯᠴᠢᠨ᠎ᠤ ᠡᠪᠯᠡᠯ᠎ᠤᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠤᠨ ᠵᠣᠬᠢᠶᠠᠨ ᠪᠠᠢᠭᠤᠯᠤᠯᠲᠠ᠎ᠶ᠋ᠢᠨ ᠴᠤᠭᠴᠠᠯᠠᠯᠳᠠ᠎ᠶ᠋ᠢ ᠴᠢᠩᠭᠠᠳᠭᠠᠬᠤ᠎ᠶ᠋ᠢ ᠠᠬᠢᠭᠤᠯᠵᠤ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠠᠵᠤ ᠦᠢᠯᠡᠰ᠎ᠤᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠪᠡ᠃ ᠢᠳᠡᠭᠡᠨ᠎ᠤ ᠠᠮᠤᠷ ᠲᠦᠪᠱᠢᠨ᠎ᠤ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠪᠥᠬᠦ᠌ ᠶᠠᠪᠤᠴᠠ᠎ᠳᠤ ᠬᠠᠤᠯᠢ᠎ᠪᠠᠷ ᠲᠣᠭ᠍ᠲᠠᠭᠠᠭ᠍ᠰᠠᠨ ᠬᠢᠨᠠᠯᠳᠠ ᠬᠠᠮᠢᠶᠠᠷᠤᠯᠳᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠪᠥᠬᠦ᠌ ᠬᠡᠯᠬᠢᠶᠡᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠪᠠᠲᠤᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃ ᠣᠢ ᠱᠢᠭᠤᠶ᠎ᠶ᠋ᠢᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠬᠠᠮᠤᠭ᠎ᠤᠨ ᠴᠢᠩᠭ᠎ᠠ ᠳᠦᠷᠢᠮ ᠪᠠ ᠬᠠᠮᠤᠭ᠎ᠤᠨ ᠴᠢᠩᠭ᠎ᠠ ᠬᠠᠤᠯᠢ᠎ᠪᠠᠷ ᠵᠠᠰᠠᠬᠤ ᠠᠷᠭ᠎ᠠ᠎ᠪᠠᠷ ᠣᠢ ᠱᠢᠭᠤᠶ᠎ᠶ᠋ᠢᠨ ᠡᠬᠢ ᠪᠠᠶᠠᠯᠢᠭ᠎ᠢ ᠰᠠᠢᠲᠤᠷ ᠪᠤᠢᠵᠢᠭᠤᠯᠵᠤ᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠬᠦ᠌᠎ᠶ᠋ᠢ ᠠᠬᠢᠭᠤᠯᠪᠠ᠃ ᠣᠷᠴᠢᠯ ᠠᠵᠤ ᠠᠬᠤᠶ᠎ᠶ᠋ᠢ ᠠᠬᠢᠭᠤᠯᠬᠤ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠬᠠᠶᠠᠭ᠍ᠳᠠᠮᠠᠯ ᠪᠣᠳᠠᠰ᠎ᠢ ᠣᠷᠴᠢᠯᠳᠤᠭᠤᠯᠤᠨ ᠠᠱᠢᠭ᠍ᠯᠠᠬᠤ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ᠂ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠨᠤᠭᠤᠭᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠥᠷᠭᠡᠨ᠎ᠢᠶᠠᠷ ᠪᠤᠢ ᠪᠣᠯᠭᠠᠬᠤ᠎ᠶ᠋ᠢ ᠠᠬᠢᠭᠤᠯᠪᠠ᠃ ᠡᠨᠧᠷᠭᠢ᠎ᠶ᠋ᠢᠨ ᠰᠣᠷᠪᠤᠯᠵᠢ᠎ᠶ᠋ᠢ ᠠᠷᠪᠢᠯᠠᠬᠤ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠬᠤ᠎ᠶ᠋ᠢᠨ ᠬᠠᠮᠲᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢ ᠬᠢᠨᠠᠨ ᠶᠠᠷᠢᠯᠴᠠᠬᠤ᠎ᠲᠠᠢ ᠤᠶᠠᠯᠳᠤᠭᠤᠯᠤᠨ ᠲᠤᠰᠭᠠᠶ ᠰᠡᠳᠦᠪ᠎ᠢᠶᠠᠷ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠍᠂ ᠪᠦᠬᠦ᠌ ᠲᠠᠯ᠎ᠠ᠎ᠪᠠᠷ ᠠᠷᠪᠢᠯᠠᠨ ᠭᠠᠮᠨᠠᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠡᠨᠧᠷᠭᠢ ᠠᠷᠪᠢᠯᠠᠬᠤ᠎ᠶ᠋ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠦᠬᠦ᠌ ᠶᠠᠪᠤᠴᠠ ᠪᠣᠯᠤᠨ ᠡᠯ᠎ᠡ ᠬᠦᠷᠢᠶᠡᠨ᠎ᠳᠤ ᠨᠡᠩ ᠰᠠᠢᠲᠤᠷ ᠲᠤᠭᠤᠱᠢᠯᠠᠭᠤᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠤᠷᠠᠭᠤᠯᠬᠤ᠂ ᠪᠤᠬᠢᠷᠳᠤᠯ᠎ᠢ ᠪᠠᠭᠠᠰᠭᠠᠬᠤ᠂ ᠨᠣᠭᠤᠭᠠᠷᠠᠭᠤᠯᠤᠯᠲᠠ᠎ᠶ᠋ᠢ ᠥᠷᠭᠡᠳᠭᠡᠬᠦ᠂ ᠠᠵᠦ᠍ ᠠᠬᠤᠢ᠎ᠶ᠋ᠢ ᠨᠡᠮᠡᠭ᠌ᠳᠡᠬᠦᠯᠬᠦ᠌᠎ᠶ᠋ᠢ ᠬᠠᠮᠵᠢᠯᠴᠠᠭᠤᠯᠤᠨ ᠠᠬᠢᠭᠤᠯᠪᠠ᠃ ᠲᠤᠰᠭᠠᠶ ᠰᠡᠳᠦᠪᠲᠦ ᠯᠠᠪᠯᠠᠨ ᠠᠰᠠᠭᠤᠬᠤ ᠠᠵᠢᠯ᠎ᠢ ᠤᠯᠠᠮ ᠨᠢᠭᠡ ᠠᠯᠬᠤᠮ ᠰᠠᠢᠵᠢᠷᠠᠭᠤᠯᠵᠤ᠂ ᠤᠷᠢᠳᠴᠢᠯᠠᠨ ᠭᠦᠢᠴᠡᠳ ᠪᠡᠯᠡᠳᠭᠡᠵᠦ᠍᠂ ᠲᠣᠪᠤᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠣᠯᠢᠯᠴᠠᠨ ᠦᠢᠯᠡᠳᠦᠯᠴᠡᠬᠦ᠌᠎ᠶ᠋ᠢ ᠴᠢᠩᠭᠠᠳᠭᠠᠵᠤ᠂ ᠯᠠᠪᠯᠠᠨ ᠠᠰᠠᠭᠤᠬᠤ᠎ᠶ᠋ᠢ ᠨᠠᠩ ᠭᠦᠨᠵᠡᠭᠡᠢᠷᠡᠭᠦᠯᠵᠦ᠍᠂ ᠨᠠᠩ ᠪᠣᠳᠠᠲᠤ ᠦᠷ᠎ᠡ ᠪᠦᠲᠦᠮᠵᠢ᠎ᠲᠠᠢ ᠪᠣᠯᠭᠠᠪᠠ᠃

ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠨᠠᠷᠢᠨ ᠨᠢᠮᠪᠠᠶ ᠵᠣᠬᠢᠶᠠᠨ ᠪᠠᠢᠭᠤᠯᠪᠠ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠲᠣᠪᠴᠢ᠎ᠶ᠋ᠢ ᠨᠠᠢᠷᠠᠭᠤᠯᠤᠨ ᠵᠣᠬᠢᠶᠠᠬᠤ ᠠᠵᠢᠯ᠎ᠤᠨ ᠴᠢᠬᠤᠯᠠ ᠠᠰᠠᠭᠤᠳᠠᠯ᠎ᠤᠳ᠎ᠲᠠᠢ ᠤᠶᠠᠯᠳᠤᠭᠤᠯᠤᠨ᠂ ᠬᠤᠷᠢᠶᠠᠨ ᠳᠠᠷᠤᠭ᠎ᠠ ᠨᠠᠷ᠎ᠤᠨ ᠬᠤᠷᠠᠯ᠎ᠤᠨ ᠪᠦᠷᠢᠯᠳᠦᠬᠦᠨ ᠠᠩᠭᠢ ᠳᠠᠭᠠᠭᠤᠯᠤᠨ᠂ 10 ᠲᠤᠰᠭᠠᠶ ᠵᠥᠪᠯᠡᠯ᠂ 4 ᠠᠵᠢᠯ᠎ᠤᠨ ᠵᠥᠪᠯᠡᠯ ᠪᠠ ᠪᠠᠢᠡᠭ᠌ᠭᠤ᠎ᠶ᠋ᠢᠨ ᠬᠤᠷᠢᠶᠠᠨ᠎ᠤ ᠠᠯᠪᠠᠨ ᠲᠢᠩᠬᠢᠮ ᠣᠷᠣᠯᠴᠠᠵᠦ᠍᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠥᠷᠭᠡᠨ᠎ᠢᠶᠠᠷ ᠰᠠᠨᠠᠯ ᠰᠣᠨᠣᠰᠴᠤ᠌᠂ 26 ᠬᠤᠪᠢ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ᠎ᠶ᠋ᠢ ᠪᠤᠢ ᠪᠣᠯᠭᠠᠪᠠ; ᠡᠭᠦᠨ᠎ᠤ ᠬᠠᠮᠲᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ 1000 ᠭᠠᠷᠤᠶ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠤᠨ ᠬᠤᠯᠪᠣᠭ᠍ᠳᠠᠯ ᠪᠦᠬᠦᠢ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ 50ᠬᠤᠪᠢ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ᠎ᠶ᠋ᠢ ᠪᠤᠢ ᠪᠣᠯᠭᠠᠪᠠ᠃ ᠡᠳ᠋᠎ᠤᠨ ᠵᠠᠰᠠᠭ ᠠᠵᠤ ᠠᠬᠤᠶ᠎ᠶ᠋ᠢᠨ ᠬᠦᠷᠢᠶᠡᠨ᠎ᠳᠤ᠂ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠦᠷᠦ᠍᠎ᠶ᠋ᠢᠨ ᠪᠤᠳᠤᠯᠭ᠎ᠠ᠂ ᠵᠠᠰᠠᠭ᠎ᠤᠨ ᠣᠷᠳᠣᠨ᠎ᠤ ᠬᠦᠷᠦᠩᠭᠡ᠎ᠶ᠋ᠢᠨ ᠴᠢᠨᠠᠷᠲᠠᠶ ᠵᠠᠷᠤᠯᠭ᠎ᠠ᠎ᠶ᠋ᠢᠨ ᠬᠠᠮᠢᠶᠠᠷᠤᠯᠲᠠ ᠪᠠ ᠥᠭᠡᠷᠡᠴᠢᠯᠡᠯᠲᠡ᠂ ᠭᠤᠸᠠᠩᠳᠦ᠋ᠩ ᠱᠢᠶᠠᠩᠭᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠪᠦᠳᠦᠭᠡᠨ ᠪᠠᠢᠭᠤᠯᠤᠯᠲᠠ᠂ ᠬᠥᠳᠡᠭᠡ ᠲᠣᠰᠭᠤᠨ᠎ᠤ ᠠᠵᠤ ᠦᠢᠯᠡᠰ᠎ᠢ ᠬᠥᠭ᠌ᠵᠢᠭᠦᠯᠬᠦ᠌ ᠵᠡᠷᠭᠡ᠎ᠶ᠋ᠢᠨ ᠳᠤᠭᠤᠷᠢᠨ᠎ᠳᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ᠃ ᠨᠡᠢᠭᠡᠮ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠬᠠᠷᠢᠶᠠᠲᠤ ᠨᠠᠷ᠎ᠤᠨ ᠶᠠᠪᠤᠳᠠᠯ᠎ᠤᠨ ᠬᠠᠤᠯᠢ ᠲᠣᠭ᠍ᠲᠠᠭᠠᠬᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠶᠤᠯ ᠦᠭᠡᠢ᠎ᠶ᠋ᠢ ᠴᠢᠩᠭᠠᠳᠭᠠᠬᠤ ᠵᠡᠷᠭᠡ᠎ᠶ᠋ᠢᠨ ᠳᠤᠭᠤᠷᠢᠨ᠎ᠳᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃ ᠤᠯᠤᠰ᠎ᠤᠨ ᠠᠮᠤᠷ ᠲᠦᠪᠱᠢᠨ᠎ᠤ ᠬᠦᠷᠢᠶᠡᠨ᠎ᠳᠤ᠂ ᠤᠯᠤᠰ᠎ᠤᠨ ᠠᠮᠤᠷ ᠲᠦᠪᠱᠢᠨ᠎ᠤ ᠬᠠᠤᠯᠢ᠂ ᠡᠬᠡ ᠬᠠᠭᠤᠷᠠᠶ᠎ᠶ᠋ᠢᠨ ᠤᠯᠤᠰ᠎ᠤᠨ ᠬᠢᠯᠢ᠎ᠶ᠋ᠢᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ ᠵᠡᠷᠭᠡ᠎ᠶ᠋ᠢᠨ ᠳᠤᠭᠤᠷᠢᠨ᠎ᠳᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃ ᠬᠢᠨᠠᠨ ᠪᠠᠢᠴᠠᠭᠠᠬᠤ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠤᠨ ᠲᠤᠬᠠᠶ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ᠃ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭ᠌ᠯᠡᠬᠦ᠌᠎ᠶ᠋ᠢ ᠴᠢᠬᠤᠯᠠᠴᠢᠯᠠᠵᠤ᠂ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ᠎ᠶ᠋ᠢ ᠴᠠᠭ ᠲᠤᠬᠠᠶ᠎ᠳᠤᠨᠢ ᠬᠤᠯᠪᠣᠭ᠍ᠳᠠᠯ ᠪᠥᠬᠦᠶ ᠲᠠᠯ᠎ᠠ᠎ᠶ᠋ᠢᠨ᠎ᠬᠢᠨ᠎ᠳᠤ ᠬᠦᠷᠭᠡᠵᠦ᠍ ᠠᠵᠢᠯ᠎ᠢ᠎ᠨᠢ ᠰᠤᠳᠤᠯᠤᠭᠤᠯᠤᠨ ᠰᠠᠢᠵᠢᠷᠠᠭᠤᠯᠪᠠ᠃

ᠳᠦᠷᠪᠡ᠂ ᠲᠥᠯᠥᠭᠡᠯᠡᠭ᠌ᠴᠢ᠎ᠶ᠋ᠢᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠨᠡᠩ ᠰᠠᠢᠨ ᠪᠠᠳᠠᠷᠠᠭᠤᠯᠪᠠ

ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ ᠲᠥᠯᠥᠭᠡᠯᠡᠭ᠌ᠴᠢ᠎ᠶ᠋ᠢᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠵᠦ᠍ ᠂ ᠲᠥᠯᠥᠭᠡᠯᠡᠭ᠌ᠴᠢ᠎ᠶ᠋ᠢᠨ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠲᠥᠯᠥᠭᠡᠯᠡᠭ᠌ᠴᠢ᠎ᠳᠤ ᠴᠢᠩᠭ᠎ᠠ ᠲᠦᠱᠢᠭ᠌ᠯᠡᠨ ᠡᠯ᠎ᠡ ᠵᠦᠢᠯ᠎ᠤᠨ ᠠᠵᠢᠯ᠎ᠢ ᠰᠠᠢᠲᠤᠷ ᠬᠢᠵᠦ᠍ ᠂ ᠲᠥᠯᠥᠭᠡᠯᠡᠭ᠌ᠴᠢ᠎ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠲᠡᠮᠵᠢᠬᠦ᠌ ᠪᠠ ᠪᠠᠲᠤᠯᠠᠪᠠ᠃ ᠥᠷᠭᠡᠨ ᠣᠯᠠᠨ ᠲᠥᠯᠥᠭᠡᠯᠡᠭ᠌ᠴᠢᠳ ᠲᠥᠯᠥᠭᠡᠯᠡᠭ᠌ᠴᠢ᠎ᠶ᠋ᠢᠨ ᠬᠠᠤᠯᠢ᠎ᠶ᠋ᠢ ᠬᠢᠨᠠᠮᠠᠭᠠᠶ ᠰᠤᠷᠤᠯᠴᠠᠨ ᠤᠬᠠᠮᠰᠠᠷ᠎ᠠᠴᠠ᠎ᠪᠠᠨ ᠲᠤᠭᠤᠱᠢᠯᠠᠭᠤᠯᠵᠦ᠍᠂ ᠤᠯᠤᠰ ᠲᠥᠷᠥ᠎ᠶ᠋ᠢᠨ ᠵᠣᠭ᠍ᠰᠣᠯᠲᠠ᠎ᠪᠠᠨ ᠪᠠᠲᠤᠳᠭᠠᠵᠦ᠍᠂ ᠠᠷᠠᠳ ᠲᠦᠮᠡᠨ᠎ᠤ ᠳᠤᠮᠳᠠ᠎ᠠᠴᠠ ᠢᠷᠡᠵᠦ᠍ ᠂ ᠠᠷᠠᠳ ᠲᠦᠮᠡᠨ᠎ᠤ ᠳᠤᠮᠳᠠ ᠦᠨᠳᠦᠰᠦᠯᠡᠬᠦ᠌ ᠣᠨᠴᠠᠯᠢᠭ ᠳᠠᠪᠠᠭᠤᠯᠢᠭ᠎ᠢᠶᠠᠨ ᠪᠠᠳᠠᠷᠠᠭᠤᠯᠵᠤ᠂ ᠲᠤᠰ ᠪᠡᠶ᠎ᠡ᠎ᠶ᠋ᠢᠨ ᠲᠤᠰᠭᠠᠶ ᠮᠡᠷᠭᠡᠵᠢᠯ᠎ᠤᠨ ᠳᠠᠪᠠᠭᠤᠯᠢᠭ᠎ᠢᠶᠠᠨ ᠪᠠᠳᠠᠷᠠᠭᠤᠯᠤᠨ᠂ ᠣᠯᠠᠨ ᠲᠦᠮᠡᠨ᠎ᠲᠠᠢ ᠨᠢᠭ᠍ᠲᠠ ᠬᠠᠷᠢᠯᠴᠠᠵᠤ᠂ ᠠᠵᠢᠯ ᠦᠢᠯᠡᠰ᠎ᠢᠶᠠᠨ ᠳᠡᠭᠡᠳᠦᠯᠡᠨ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ᠍᠂ ᠠᠷᠠᠳ ᠲᠦᠮᠡᠨ᠎ᠤ ᠠᠱᠢᠭ ᠲᠤᠰᠠ ᠪᠠ ᠬᠦᠰᠡᠯ ᠰᠠᠨᠠᠭ᠎ᠠ᠎ᠶ᠋ᠢ ᠦᠨᠡᠨᠴᠢ᠎ᠪᠠᠷ ᠲᠥᠯᠥᠭᠡᠯᠡᠨ ᠲᠦᠷᠦ᠍᠎ᠶ᠋ᠢᠨ ᠡᠷᠬᠡ᠎ᠶ᠋ᠢ ᠬᠡᠷᠡᠭ᠌ᠵᠢᠭᠦᠯᠬᠦ᠌᠎ᠳᠤ ᠣᠷᠣᠯᠴᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ ᠪᠠ ᠪᠤᠰᠤᠳ ᠡᠯ᠎ᠡ ᠲᠠᠯ᠎ᠠ᠎ᠶ᠋ᠢᠨ ᠠᠵᠢᠯ᠎ᠢ ᠰᠠᠢᠲᠤᠷ ᠬᠢᠬᠦ᠌᠎ᠳᠤ ᠰᠠᠨᠠᠯ ᠵᠥᠪᠯᠡᠯᠭᠡ  ᠳᠤᠷᠠᠳᠤᠨ ᠠᠷᠭ᠎ᠠ  ᠤᠬᠠᠭᠠᠨ ᠭᠠᠷᠭᠠᠵᠤ ᠂ ᠬᠤᠪᠢ ᠨᠡᠮᠡᠷᠢ ᠦᠵᠡᠭᠦᠯᠪᠡ᠃

ᠲᠥᠯᠥᠭᠡᠯᠡᠭ᠌ᠴᠢ᠎ᠶ᠋ᠢᠨ ᠬᠠᠤᠯᠢ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠤᠨ ᠬᠡᠷᠡᠭ᠌ᠵᠢᠭᠦᠯᠬᠦ᠌ ᠠᠵᠢᠯ᠎ᠢ ᠠᠬᠢᠭᠤᠯᠪᠠ᠃ ᠲᠥᠯᠥᠭᠡᠯᠡᠭ᠌ᠴᠢ᠎ᠶ᠋ᠢᠨ ᠬᠠᠤᠯᠢ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠴᠢᠬᠤᠯᠠ ᠭᠠᠷᠳᠠᠴᠠ ᠪᠣᠯᠭᠠᠵᠤ ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠪᠣᠯᠪᠠᠰᠤᠷᠠᠯ᠎ᠤᠨ ᠠᠩᠭᠢ ᠡᠷᠬᠢᠯᠡᠬᠦ᠌ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ  ᠬᠤᠷᠠᠯ᠎ᠤᠨ  ᠲᠥᠯᠥᠭᠡᠯᠡᠭ᠌ᠴᠢ᠎ᠶ᠋ᠢᠨ  ᠰᠤᠷᠤᠯᠴᠠᠯᠭ᠎ᠠ᠎ᠶ᠋ᠢ  ᠨᠡᠢᠲᠡᠮ ᠪᠥᠷᠬᠦᠭᠦᠯᠬᠦ᠌᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃ ᠲᠥᠯᠥᠭᠡᠯᠡᠭ᠌ᠴᠢ᠎ᠶ᠋ᠢᠨ ᠬᠠᠤᠯᠢ᠎ᠶ᠋ᠢᠨ ᠢᠵᠢ ᠪᠦᠷᠢᠳᠦᠭᠦᠯᠬᠦ᠌  ᠬᠠᠤᠯᠢ ᠲᠣᠭ᠍ᠲᠠᠭᠠᠯ ᠵᠢᠴᠢ ᠬᠤᠯᠪᠤᠭ᠍ᠳᠠᠯ ᠪᠦᠬᠦᠢ ᠠᠵᠢᠯ᠎ᠤᠨ ᠳᠦᠷᠢᠮ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠬᠦ᠌᠎ᠶ᠋ᠢ ᠠᠬᠢᠭᠤᠯᠵᠦ᠍᠂ ᠲᠥᠯᠥᠭᠡᠯᠡᠭ᠌ᠴᠢ᠎ᠶ᠋ᠢᠨ ᠬᠠᠤᠯᠢ᠎ᠶ᠋ᠢ ᠰᠤᠳᠤᠯᠤᠨ ᠤᠬᠠᠭᠤᠯᠵᠤ ᠲᠠᠢᠯᠪᠤᠷᠢᠯᠠᠬᠤ᠎ᠶ᠋ᠢ ᠴᠢᠩᠭᠠᠳᠭᠠᠵᠤ᠂ ᠬᠠᠤᠯᠢ ᠴᠠᠭᠠᠵᠠ᠎ᠶ᠋ᠢ ᠬᠡᠷᠡᠭ᠌ᠵᠢᠭᠦᠯᠬᠦ᠌᠎ᠳᠤ ᠰᠠᠢᠨ ᠰᠠᠢᠬᠠᠨ ᠠᠭᠤᠷ ᠠᠮᠢᠰᠭᠤᠯ᠎ᠢ  ᠪᠤᠢ  ᠪᠣᠯᠭᠠᠪᠠ᠃

ᠪᠠᠢᠩᠭᠤ᠎ᠶ᠋ᠢᠨ ᠬᠤᠷᠢᠶ᠎ᠠ ᠪᠣᠯᠤᠨ ᠲᠥᠯᠥᠭᠡᠯᠡᠭ᠌ᠴᠢᠳ᠎ᠤᠨ ᠬᠠᠷᠢᠯᠴᠠᠭ᠎ᠠ᠎ᠶ᠋ᠢ ᠨᠢᠭ᠍ᠲᠠᠷᠠᠭᠤᠯᠪᠠ᠃ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ ᠨᠡᠷ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ 399 ᠲᠥᠯᠥᠭᠡᠯᠡᠭ᠌ᠴᠢ᠎ᠲᠠᠢ ᠪᠠᠢᠩᠭᠤ᠎ᠶ᠋ᠢᠨ ᠴᠢᠨᠠᠷᠲᠠᠶ ᠬᠠᠷᠢᠯᠴᠠᠵᠤ ᠂  ᠲᠤᠰᠭᠠᠶ  ᠵᠥᠪᠯᠡᠯ᠂ ᠠᠵᠢᠯ᠎ᠤᠨ ᠵᠥᠪᠯᠡᠯ ᠪᠠ ᠪᠠᠢᠩᠭᠤ᠎ᠶ᠋ᠢᠨ ᠬᠤᠷᠢᠶᠠᠨ᠎ᠤ ᠠᠯᠪᠠᠨ ᠲᠢᠩᠬᠢᠮ ᠲᠥᠯᠥᠭᠡᠯᠡᠭ᠌ᠴᠢᠳ᠎ᠲᠠᠢ ᠬᠠᠷᠢᠯᠴᠠᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠦᠨ ᠨᠠᠢᠳᠠᠪᠤᠷᠢᠵᠢᠭᠤᠯᠪᠠ᠃ ᠲᠥᠯᠥᠭᠡᠯᠡᠭ᠌ᠴᠢ᠎ᠶ᠋ᠢᠨ ᠪᠠᠢᠩᠭᠤ᠎ᠶ᠋ᠢᠨ ᠬᠤᠷᠢᠶᠠᠨ᠎ᠤ ᠠᠵᠢᠯ᠎ᠳᠤ ᠣᠷᠣᠯᠴᠠᠬᠤ᠎ᠶ᠋ᠢ ᠥᠷᠭᠡᠳᠭᠡᠵᠦ᠍᠂ 276 ᠬᠥᠮᠦᠨ ᠤᠳᠠᠭ᠎ᠠ᠎ᠶ᠋ᠢᠨ ᠲᠥᠯᠥᠭᠡᠯᠡᠭ᠌ᠴᠢ᠎ᠶ᠋ᠢ ᠤᠷᠢᠵᠤ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠎ᠳᠤ ᠰᠤᠯᠠ ᠣᠷᠣᠯᠴᠠᠭᠤᠯᠵᠤ᠂ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠤᠨ ᠶᠠᠷᠢᠯᠴᠠᠬᠤ ᠬᠤᠷᠠᠯ᠎ᠢ 5 ᠤᠳᠠᠭ᠎ᠠ ᠬᠤᠷᠠᠯᠳᠤᠭᠤᠯᠵᠦ᠍ ᠂ 900 ᠭᠠᠷᠤᠶ ᠬᠥᠮᠦᠨ ᠤᠳᠠᠭ᠎ᠠ᠎ᠶ᠋ᠢᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠡᠳ᠋᠎ᠤᠨ ᠵᠠᠰᠠᠭ ᠠᠵᠤ ᠠᠬᠤᠶ᠎ᠶ᠋ᠢᠨ ᠠᠵᠢᠯ᠎ᠤᠨ ᠬᠢᠨᠠᠯᠲᠠ᠂ ᠭᠠᠳᠠᠭᠠᠳᠤ ᠬᠠᠷᠢᠯᠴᠠᠭ᠎ᠠ ᠵᠡᠷᠭᠡ ᠠᠵᠢᠯ᠎ᠳᠤ ᠣᠷᠣᠯᠴᠠᠭᠤᠯᠪᠠ᠃ ᠲᠥᠯᠥᠭᠡᠯᠡᠭ᠌ᠴᠢᠳ᠎ᠤᠨ ᠠᠵᠢᠯ᠎ᠤᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠢᠶᠠᠷ ᠳᠠᠮᠵᠢᠭᠤᠯᠤᠨ ᠬᠠᠤᠯᠢ ᠴᠠᠭᠠᠵᠠ᠎ᠶ᠋ᠢᠨ ᠲᠥᠰᠦᠯ᠎ᠤᠨ ᠲᠤᠬᠠᠢ ᠲᠥᠯᠥᠭᠡᠯᠡᠭ᠌ᠴᠢᠳ᠎ᠤᠨ ᠰᠠᠨᠠᠯ᠎ᠢ ᠬᠤᠷᠢᠶᠠᠪᠠ᠃ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠤᠨ ᠶᠡᠭᠡ ᠬᠤᠷᠠᠯ᠎ᠳᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠦᠭ᠌ᠰᠡᠨ 3 ᠬᠠᠤᠯᠢ ᠴᠠᠭᠠᠵᠠ᠎ᠶ᠋ᠢᠨ ᠲᠥᠰᠦᠯ᠎ᠢ ᠰᠤᠳᠤᠯᠤᠨ ᠤᠩᠱᠢᠭᠤᠯᠵᠤ ᠶᠠᠷᠢᠯᠴᠠᠭᠤᠯᠤᠨ᠂ ᠲᠥᠯᠥᠭᠡᠯᠡᠭ᠌ᠴᠢᠳ᠎ᠤᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠤᠳᠤᠯᠤᠨ ᠬᠡᠷᠡᠭ᠌ᠯᠡᠪᠡ᠃ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭᠠᠨ᠎ᠳᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠤ ᠳᠤᠷᠠᠳᠤᠭ᠍ᠰᠠᠨ 1622 ᠵᠤᠷᠪᠤᠰ ᠰᠠᠨᠠᠯ ᠰᠠᠨᠠᠭᠤᠯᠭ᠎ᠠ᠎ᠶ᠋ᠢ ᠵᠤᠷᠪᠤᠰ ᠳᠠᠷᠠᠭᠠᠯᠠᠨ ᠰᠤᠳᠤᠯᠵᠤ ᠬᠠᠷᠢᠭᠤ ᠲᠤᠰᠭᠠᠨ ᠂ ᠠᠵᠢᠯ᠎ᠢᠶᠠᠨ ᠢᠳᠡᠪᠬᠢᠲᠡᠶ᠎ᠪᠠᠷ ᠬᠠᠯᠠᠨ ᠰᠠᠢᠵᠢᠷᠠᠭᠤᠯᠪᠠ᠃ 《 ᠨᠢᠭᠡ ᠬᠥᠮᠦᠨ᠎ᠳᠤ  ᠨᠢᠭᠡ  ᠵᠠᠬᠢᠳᠠᠯ  ᠢᠯᠡᠭᠡᠬᠦ᠌ 》 ᠬᠡᠯᠪᠡᠷᠢ᠎ᠪᠠᠷ ᠪᠠᠢᠩᠭᠤ᠎ᠶ᠋ᠢᠨ ᠬᠤᠷᠢᠶᠠᠨ᠎ᠤ ᠭᠤᠣᠯ ᠠᠵᠢᠯ᠎ᠤᠨ ᠪᠠᠢᠳᠠᠯ᠎ᠢ ᠲᠥᠯᠥᠭᠡᠯᠡᠭ᠌ᠴᠢᠳ᠎ᠲᠤ ᠪᠢᠴᠢᠭ᠎ᠢᠶᠠᠷ ᠮᠡᠳᠡᠭ᠌ᠳᠡᠪᠡ᠃ 《 ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ 》 ᠎ᠶ᠋ᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠲᠠᠢ ᠬᠠᠷᠢᠯᠴᠠᠬᠤ ᠠᠵᠢᠯ᠎ᠢ ᠨᠢᠭᠡᠳᠦᠯᠲᠡᠶ ᠲᠥᠯᠥᠪᠯᠡᠨ ᠵᠢᠷᠤᠮᠵᠢᠭᠤᠯᠪᠡ᠃

ᠲᠥᠯᠥᠭᠡᠯᠡᠭ᠌ᠴᠢᠳ ᠪᠣᠯᠤᠨ ᠠᠷᠠᠳ ᠤᠯᠠᠨ᠎ᠤ ᠬᠤᠭᠤᠷᠣᠨᠳᠣᠬᠢ ᠬᠠᠷᠢᠯᠴᠠᠭ᠎ᠠ᠎ᠶ᠋ᠢ ᠨᠢᠭ᠍ᠲᠠᠷᠠᠭᠤᠯᠪᠠ᠃ ᠲᠦᠯᠦᠭᠡᠯᠡᠭᠴᠢᠳ᠎ᠦᠨ ᠲᠦᠪᠯᠡᠷᠡᠬᠦᠯᠦᠨ ᠰᠢᠨᠵᠢᠯᠡᠨ ᠪᠠᠢᠴᠠᠭᠠᠯᠳᠠ ᠬᠢᠬᠦ ᠵᠢ 1569ᠬᠦᠮᠦᠨ ᠤᠳᠠᠭ᠎ᠠ ᠂ ᠲᠦᠯᠦᠭᠡᠯᠡᠭᠴᠢᠳ᠎ᠦᠨ ᠲᠤᠰᠬᠠᠢ  ᠰᠡᠳᠦᠪᠳᠦ  ᠪᠠᠢᠴᠠᠭᠠᠨ ᠰᠤᠳᠤᠯᠤᠯᠳᠠ ᠬᠢᠬᠦ  ᠵᠢ 1933 ᠬᠦᠮᠦᠨ ᠤᠳᠠᠭ᠎ᠠ ᠬᠠᠤᠯᠢ  ᠶᠤᠰᠤᠭᠠᠷ   ᠡᠮᠬᠢ   ᠵᠢᠷᠤᠮ ᠲᠠᠢ ᠵᠤᠬᠢᠶᠠᠨ ᠪᠠᠢᠭᠤᠯᠵᠤ᠂ ᠲᠥᠯᠥᠭᠡᠯᠡᠭ᠌ᠴᠢᠳ᠎ᠤᠨ ᠬᠢᠨᠠᠨ ᠶᠠᠷᠢᠯᠴᠠᠬᠤ ᠶᠠᠷᠢᠶ᠎ᠠ ᠢᠯᠡᠳᠭᠡᠯ ᠪᠡᠯᠡᠳᠭᠡᠬᠦ ᠂ ᠰᠠᠨᠠᠯ ᠵᠥᠪᠯᠡᠯᠭᠡ ᠰᠠᠨᠠᠭᠤᠯᠭ᠎ᠠ ᠳᠤᠷᠠᠳᠭᠤ᠎ᠳᠤ ᠰᠠᠭᠤᠷᠢ᠎ᠶ᠋ᠢ ᠰᠠᠢᠨ ᠲᠠᠯᠪᠢᠵᠦ᠍ ᠦᠭ᠌ᠪᠡ᠃ ᠱᠢᠶᠠᠩᠭᠠᠩ᠂ ᠣᠣᠮᠧᠨ᠂ ᠲᠠᠢᠸᠠᠨ᠂ ᠴᠢᠯᠥᠭᠡᠯᠡᠬᠦ᠌ ᠴᠡᠷᠢᠭ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠣᠷᠣᠨ ᠨᠤᠲᠤᠭ᠎ᠲᠤ ᠣᠴᠢᠭᠤᠯᠤᠨ ᠪᠠᠢᠴᠠᠭᠠᠨ ᠦᠵᠡᠭᠦᠯᠵᠦ᠍᠂ ᠪᠠᠢᠴᠠᠭᠠᠨ ᠰᠤᠳᠤᠯᠤᠯᠲᠠ ᠬᠢᠯᠭᠡᠪᠡ᠃ ᠲᠥᠯᠥᠭᠡᠯᠡᠭ᠌ᠴᠢᠳ᠎ᠤᠨ ᠲᠤᠬᠠᠶ᠎ᠶ᠋ᠢᠨ ᠭᠠᠵᠠᠷ᠎ᠲᠤᠨᠢ ᠪᠠ ᠦᠢᠷ᠎ᠡ ᠬᠠᠪᠢ᠎ᠳᠤᠨᠢ ᠪᠠᠢᠯᠭᠠᠬᠤ ᠵᠠᠷᠴᠢᠮ ᠶᠣᠰᠣᠭᠠᠷ ᠲᠥᠯᠥᠭᠡᠯᠡᠭ᠌ᠴᠢᠳ᠎ᠤᠨ ᠳᠤᠭᠤᠢᠯᠠᠩ ᠂ ᠲᠥᠯᠥᠭᠡᠯᠡᠭ᠌ᠴᠢᠳ᠎ᠤᠨ ᠭᠡᠷ ᠥᠷᠲᠡᠭᠡ ᠵᠡᠷᠭᠡ ᠠᠵᠢᠯᠯᠠᠭ᠎ᠠ᠎ᠳᠤ ᠤᠷᠤᠯᠴᠠᠭᠤᠯᠵᠤ᠂ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠰᠣᠨᠣᠰᠴᠤ᠌ ᠲᠤᠰᠭᠠᠨ᠂ ᠨᠠᠮ᠎ᠤᠨ ᠲᠥᠪ ᠬᠤᠷᠢᠶᠠᠨ᠎ᠤ ᠦᠨᠳᠦᠰᠦᠨ ᠪᠤᠳᠤᠯᠭ᠎ᠠ ᠴᠢᠭ᠌ᠯᠡᠯᠲᠡ᠂ ᠦᠨᠳᠦᠰᠦᠨ ᠬᠠᠤᠯᠢ ᠬᠠᠤᠯᠢ ᠴᠠᠭᠠᠵᠠ ᠪᠠ ᠤᠯᠤᠰ᠎ᠤᠨ ᠠᠵᠢᠯ᠎ᠤᠨ ᠪᠠᠢᠷᠢᠯᠠᠭᠤᠯᠤᠯᠲᠠ᠎ᠶ᠋ᠢ ᠲᠦᠷᠦᠭᠦᠯᠡᠨ ᠤᠬᠠᠭᠤᠯᠤᠨ ᠲᠤᠭᠤᠱᠢᠯᠠᠭᠤᠯᠬᠤ᠎ᠶ᠋ᠢ ᠵᠣᠬᠢᠶᠠᠨ ᠪᠠᠢᠭᠤᠯᠬᠤ ᠪᠠ ᠳᠡᠮᠵᠢᠪᠡ᠃ ᠲᠥᠯᠥᠭᠡᠯᠡᠭ᠌ᠴᠢᠳ᠎ᠤᠨ ᠲᠤᠰᠭᠠᠭ᠍ᠰᠠᠨ ᠠᠷᠠᠳ ᠤᠯᠠᠨ᠎ᠤ ᠰᠠᠨᠠᠯ ᠱᠠᠭᠠᠷᠳᠠᠯᠭ᠎ᠠ᠎ᠶ᠋ᠢ ᠱᠢᠢᠳᠪᠦᠷᠢᠯᠡᠭ᠌ᠰᠡᠨ ᠪᠠᠢᠳᠠᠯ᠎ᠢ ᠬᠠᠷᠢᠭᠤ ᠲᠤᠰᠭᠠᠬᠤ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠪᠡ᠃

ᠲᠥᠯᠥᠭᠡᠯᠡᠭ᠌ᠴᠢ᠎ᠶ᠋ᠢᠨ ᠰᠠᠨᠠᠯ ᠵᠥᠪᠯᠡᠯᠭᠡ ᠪᠠ ᠰᠠᠨᠠᠭᠤᠯᠭ᠎ᠠ ᠳᠤᠷᠠᠳᠭᠤ ᠠᠵᠢᠯ᠎ᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠠᠷᠭ᠎ᠠ᠂ ᠲᠥᠯᠥᠭᠡᠯᠡᠭ᠌ᠴᠢᠳ᠎ᠤᠨ ᠰᠠᠨᠠᠭᠤᠯᠭ᠎ᠠ᠂ ᠱᠢᠭᠦᠮᠵᠢᠯᠡᠯ ᠪᠠ ᠰᠠᠨᠠᠯ᠎ᠢ ᠱᠢᠢᠳᠪᠦᠷᠢᠯᠡᠬᠦ᠌ ᠠᠷᠭ᠎ᠠ᠎ᠳᠤ ᠵᠠᠰᠠᠪᠤᠷᠢ ᠣᠷᠣᠭᠤᠯᠪᠠ᠃ ᠰᠠᠨᠠᠯ ᠵᠥᠪᠯᠡᠯᠭᠡ ᠪᠠ ᠰᠠᠨᠠᠭᠤᠯᠭ᠎ᠠ᠎ᠶ᠋ᠢᠨ ᠠᠭᠤᠯᠭ᠎ᠠ᠎ᠶ᠋ᠢ ᠴᠢᠨᠠᠷ ᠰᠠᠢᠲᠠᠶ᠂ ᠱᠢᠢᠳᠪᠦᠷᠢᠯᠡᠯᠲᠡ᠎ᠶ᠋ᠢ ᠴᠢᠨᠠᠷ ᠰᠠᠢᠲᠠᠶ ᠪᠠᠢᠯᠭᠠᠬᠤ᠎ᠶ᠋ᠢ ᠪᠠᠷᠢᠮᠲᠠᠯᠠᠵᠤ᠂ ᠲᠥᠯᠥᠭᠡᠯᠡᠭ᠌ᠴᠢᠳ᠎ᠢ ᠬᠠᠪᠰᠤᠷᠤᠨ ᠤᠯᠤᠰ ᠲᠥᠷᠥ᠎ᠶ᠋ᠢᠨ ᠪᠣᠭᠤᠮᠲᠠ᠂ ᠬᠠᠤᠯᠢ ᠴᠠᠭᠠᠵᠠ᠎ᠶ᠋ᠢᠨ ᠪᠣᠭᠤᠮᠲᠠ᠂ ᠶᠠᠰᠤ ᠴᠢᠨᠠᠷ᠎ᠤᠨ ᠪᠣᠭᠤᠮᠲᠠ᠎ᠶ᠋ᠢ ᠰᠠᠢᠲᠤᠷ ᠠᠳᠭᠤᠵᠤ᠂ ᠲᠥᠯᠥᠭᠡᠯᠡᠭ᠌ᠴᠢᠳ᠎ᠤᠨ ᠰᠠᠨᠠᠭᠤᠯᠭ᠎ᠠ᠎ᠶ᠋ᠢ ᠲᠤᠱᠢᠶᠠᠨ ᠥᠭ᠌ᠴᠦ ᠱᠢᠢᠳᠪᠦᠷᠢᠯᠡᠭᠦᠯᠬᠦ᠌ ᠬᠤᠷᠠᠯ᠂ ᠠᠵᠢᠯ᠎ᠢ ᠱᠢᠢᠳᠪᠦᠷᠢᠯᠡᠬᠦ᠌ ᠶᠠᠷᠢᠯᠴᠠᠬᠤ ᠬᠤᠷᠠᠯ ᠵᠡᠷᠭᠡ᠎ᠶ᠋ᠢ ᠬᠤᠷᠠᠯᠳᠤᠭᠤᠯᠵᠦ᠍᠂ ᠱᠢᠪᠠᠳᠠᠨ ᠱᠢᠢᠳᠪᠦᠷᠢᠯᠡᠭᠦᠯᠬᠦ᠌ ᠠᠵᠢᠯ᠎ᠢ ᠬᠠᠤᠯᠢ ᠶᠣᠰᠣᠭᠠᠷ ᠴᠢᠩᠭᠠᠳᠭᠠᠪᠠ᠃ ᠬᠤᠷᠢᠶᠠᠨ ᠲᠠᠷᠤᠭ᠎ᠠ ᠨᠠᠷ᠎ᠤᠨ ᠬᠤᠷᠠᠯᠳᠣᠭᠠᠨ ᠳᠡᠭᠡᠷ᠎ᠡ 23 ᠵᠦᠢᠯ᠎ᠤᠨ ᠭᠤᠣᠯᠳᠠᠯᠭ᠎ᠠ᠎ᠲᠠᠢ ᠱᠢᠪᠠᠳᠠᠨ ᠱᠢᠢᠳᠪᠦᠷᠢᠯᠡᠭᠦᠯᠬᠦ᠌ ᠰᠠᠨᠠᠭᠤᠯᠭ᠎ᠠ᠎ᠶ᠋ᠢ ᠰᠤᠳᠤᠯᠤᠨ ᠲᠣᠭ᠍ᠲᠠᠭᠠᠵᠤ᠂ 20  ᠨᠢᠭᠡᠴᠢ᠎ᠳᠤ ᠲᠤᠱᠢᠶᠠᠨ ᠥᠭ᠌ᠴᠦ ᠲᠦᠷᠦᠭᠦᠯᠡᠭᠦᠯᠦᠨ ᠱᠢᠢᠳᠪᠦᠷᠢᠯᠡᠭᠦᠯᠵᠦ᠍᠂ 10 ᠲᠤᠰᠭᠠᠶ ᠵᠥᠪᠯᠡᠯ᠎ᠢᠶᠠᠷ ᠬᠠᠷᠢᠭᠤᠴᠠᠭᠤᠯᠤᠨ ᠱᠢᠪᠠᠳᠠᠨ ᠱᠢᠢᠳᠪᠦᠷᠢᠯᠡᠭᠦᠯᠪᠡ᠃ ᠡᠯ᠎ᠡ ᠳᠠᠭᠠᠭᠠᠨ ᠠᠪᠴᠤ᠌ ᠱᠢᠢᠳᠪᠦᠷᠢᠯᠡᠬᠦ᠌ ᠨᠢᠭᠡᠴᠢ᠎ᠨᠢ ᠲᠥᠯᠥᠭᠡᠯᠡᠭ᠌ᠴᠢᠳ᠎ᠯᠦᠭᠡ᠎ᠶ᠋ᠢᠨ ᠬᠠᠷᠢᠯᠴᠠᠭ᠎ᠠ ᠨᠡᠪᠲᠡᠷᠡᠯᠴᠡᠭᠡ᠎ᠪᠠᠨ ᠴᠢᠩᠭᠠᠳᠭᠠᠵᠤ᠂ ᠲᠥᠯᠥᠭᠡᠯᠡᠭ᠌ᠴᠢᠳ᠎ᠢ ᠤᠷᠢᠵᠤ ᠶᠠᠷᠢᠯᠴᠠᠬᠤ ᠬᠤᠷᠠᠯ ᠪᠠ ᠪᠠᠢᠴᠠᠭᠠᠨ ᠰᠤᠳᠤᠯᠤᠯᠲᠠ᠎ᠳᠤ ᠣᠷᠣᠯᠴᠠᠭᠤᠯᠵᠤ᠂ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠬᠢᠨᠠᠨ ᠶᠠᠷᠢᠯᠴᠠᠵᠤ ᠱᠢᠢᠳᠪᠦᠷᠢᠯᠡᠬᠦ᠌ ᠶᠠᠪᠤᠳᠠᠯ᠎ᠢ ᠠᠵᠢᠯ᠎ᠢᠶᠠᠨ ᠴᠢᠩᠭᠠᠳᠭᠠᠨ ᠰᠠᠢᠵᠢᠷᠠᠭᠤᠯᠬᠤ ᠶᠠᠪᠤᠳᠠᠯ᠎ᠲᠠᠢ ᠨᠢᠭ᠍ᠲᠠ ᠤᠶᠠᠯᠳᠤᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯᠳᠤᠭᠠᠨ᠎ᠤ ᠬᠤᠭᠤᠴᠠᠭᠠᠨ᠎ᠳᠤ ᠲᠥᠯᠥᠭᠡᠯᠡᠭ᠌ᠴᠢᠳ᠎ᠤᠨ ᠳᠤᠷᠠᠳᠤᠭ᠍ᠰᠠᠨ 269 ᠬᠤᠪᠢ ᠰᠠᠨᠠᠯ ᠵᠥᠪᠯᠡᠯᠭᠡ᠎ᠶ᠋ᠢ ᠨᠢᠭᠡᠨᠲᠡ ᠬᠢᠨᠠᠨ ᠶᠠᠷᠢᠯᠴᠠᠵᠤ ᠳᠠᠭᠤᠰᠭᠠᠭᠠᠳ ᠲᠥᠯᠥᠭᠡᠯᠡᠭ᠌ᠴᠢᠳ᠎ᠲᠤ ᠬᠠᠷᠢᠭᠤ ᠥᠭ᠌ᠪᠡ᠂ ᠡᠭᠦᠨ᠎ᠳᠤ ᠬᠤᠯᠪᠣᠭ᠍ᠳᠠᠭ᠍ᠰᠠᠨ 27 ᠬᠠᠤᠯᠢ ᠲᠣᠭ᠍ᠲᠠᠭᠠᠬᠤ ᠲᠥᠰᠥᠯ᠎ᠢ ᠨᠢᠭᠡᠨᠲᠡ ᠬᠢᠨᠠᠨ ᠶᠠᠷᠢᠯᠴᠠᠵᠤ ᠪᠠᠲᠤᠯᠠᠭ᠍ᠰᠠᠨ ᠪᠤᠶᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠵᠦ᠍᠂ 50 ᠬᠠᠤᠯᠢ ᠲᠣᠭ᠍ᠲᠠᠭᠠᠬᠤ ᠲᠥᠰᠥᠯ᠎ᠢ ᠨᠢᠭᠡᠨᠲᠡ ᠬᠠᠤᠯᠢ ᠲᠣᠭ᠍ᠲᠠᠭᠠᠬᠤ ᠲᠥᠯᠥᠪᠵᠢᠭᠦᠯᠭᠡ ᠪᠤᠶᠤ ᠲᠥᠯᠥᠪᠯᠡᠭᠡ᠎ᠳᠤ ᠣᠷᠣᠭᠤᠯᠪᠠ᠃ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭᠠᠨ᠎ᠳᠤ ᠳᠤᠷᠠᠳᠤᠭ᠍ᠰᠠᠨ 9160 ᠬᠤᠪᠢ ᠰᠠᠨᠠᠭᠤᠯᠭ᠎ᠠ᠂ ᠬᠤᠷᠠᠯ ᠲᠡᠭᠦᠰᠦᠭ᠌ᠰᠡᠨ ᠬᠤᠭᠤᠴᠠᠭᠠᠨ᠎ᠳᠤ ᠳᠤᠷᠠᠳᠤᠭ᠍ᠰᠠᠨ 150 ᠬᠤᠪᠢ ᠰᠠᠨᠠᠭᠤᠯᠭ᠎ᠠ᠎ᠶ᠋ᠢ ᠴᠥᠮ ᠱᠢᠢᠳᠪᠦᠷᠢᠯᠡᠵᠦ᠍ ᠳᠠᠭᠤᠰᠭᠠᠭ᠍ᠰᠠᠨ ᠪᠥᠭᠡᠳ ᠲᠥᠯᠥᠭᠡᠯᠡᠭ᠌ᠴᠢ᠎ᠳᠤ ᠬᠠᠷᠢᠭᠤ ᠥᠭ᠌ᠪᠡ᠂ ᠡᠭᠦᠨ᠎ᠳᠤ ᠳᠤᠷᠠᠳᠤᠭ᠍ᠰᠠᠨ ᠠᠰᠠᠭᠤᠳᠠᠯ᠎ᠢ ᠱᠢᠢᠳᠪᠦᠷᠢᠯᠡᠭ᠌ᠰᠡᠨ ᠪᠤᠶᠤ ᠠᠯᠬᠤᠮ ᠠᠯᠬᠤᠮ᠎ᠢᠶᠠᠷ ᠱᠢᠢᠳᠪᠦᠷᠢᠯᠡᠬᠦ᠌᠎ᠪᠠᠷ ᠲᠥᠯᠥᠪᠯᠡᠵᠦ᠍ ᠪᠠᠢᠭ᠎ᠠ᠎ᠨᠢ  75.4% ᠎ᠶ᠋ᠢ ᠡᠵᠡᠯᠡᠵᠦ᠍ ᠪᠠᠢᠨ᠎ᠠ᠃

ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠵᠦ᠍ ᠪᠠᠲᠤᠯᠠᠭ᠎ᠠ ᠬᠠᠨᠭ᠌ᠭᠠᠬᠤ᠎ᠶ᠋ᠢ ᠴᠢᠩᠭᠠᠳᠭᠠᠪᠠ᠃ ᠲᠥᠯᠥᠭᠡᠯᠡᠭ᠌ᠴᠢᠳ᠎ᠤᠨ ᠲᠤᠰᠭᠠᠶ ᠰᠡᠳᠦᠪᠲᠦ ᠰᠤᠷᠤᠯᠴᠠᠬᠤ ᠠᠩᠭᠢ᠎ᠶ᠋ᠢ 5 ᠬᠤᠭᠤᠴᠠᠭ᠎ᠠ ᠡᠷᠬᠢᠯᠡᠵᠦ᠍ ᠂ 1000 ᠭᠠᠷᠤᠶ ᠬᠥᠮᠦᠨ ᠤᠳᠠᠭ᠎ᠠ᠎ᠶ᠋ᠢᠨ ᠲᠥᠯᠥᠭᠡᠯᠡᠭ᠌ᠴᠢ ᠰᠤᠷᠤᠯᠴᠠᠯᠭ᠎ᠠ ᠪᠣᠯᠪᠠᠰᠤᠷᠠᠭᠤᠯᠤᠯ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠣᠯᠢᠯᠴᠠᠭ᠎ᠠ᠎ᠳᠤ ᠣᠷᠣᠯᠴᠠᠪᠠ᠃ ᠱᠢᠶᠠᠩᠭᠠᠩ ᠂ ᠣᠣᠮᠧᠨ᠎ᠤ ᠲᠥᠯᠥᠭᠡᠯᠡᠭ᠌ᠴᠢᠳ᠎ᠲᠤ ᠲᠤᠰᠭᠠᠶ ᠰᠡᠳᠦᠪᠲᠦ ᠲᠠᠢᠯᠤᠮᠵᠢ ᠬᠢᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠤᠨ ᠠᠵᠢᠯ᠎ᠤᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠢ ᠣᠶᠤᠨᠴᠢᠯᠠᠨ ᠳᠡᠰ ᠳᠡᠪᠱᠢᠬᠦᠯᠬᠦ᠌᠎ᠶ᠋ᠢ ᠠᠬᠢᠭᠤᠯᠵᠤ᠂ ᠲᠥᠯᠥᠭᠡᠯᠡᠭ᠌ᠴᠢᠳ᠎ᠲᠤ ᠴᠠᠭ ᠲᠤᠬᠠᠶ᠎ᠳᠤᠨᠢ ᠮᠡᠳᠡᠭᠡ ᠵᠠᠩᠭᠢ ᠎ᠶ᠋ᠢᠨ  ᠮᠠᠲ᠋ᠧᠷᠢᠶᠠᠯ  ᠬᠠᠩᠭᠠᠵᠤ ᠂ ᠲᠥᠯᠥᠭᠡᠯᠡᠭ᠌ᠴᠢᠳ᠎ᠤᠨ ᠪᠠᠢᠳᠠᠯ᠎ᠢ ᠮᠡᠳᠡᠵᠦ᠍ ᠵᠠᠰᠠᠭ᠎ᠢ ᠣᠢᠯᠠᠭᠠᠬᠤ᠎ᠶ᠋ᠢ ᠪᠠᠲᠤᠯᠠᠪᠠ᠃ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠤᠨ ᠲᠡᠮᠳᠡᠭ᠌ᠯᠡᠯ᠎ᠢ ᠰᠠᠢᠲᠤᠷ ᠬᠢᠵᠦ᠍᠂ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠪᠠ᠃

ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠪᠡ᠃ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠤᠨ ᠲᠤᠬᠠᠶ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠤᠨ 7 ᠮᠡᠳᠡᠭᠦᠯᠦᠯᠲᠡ᠎ᠶ᠋ᠢ ᠬᠢᠨᠠᠨ ᠶᠠᠷᠢᠯᠴᠠᠵᠤ ᠪᠠᠲᠤᠯᠠᠨ᠂ ᠬᠠᠤᠯᠢ ᠶᠣᠰᠣᠭᠠᠷ 7  ᠲᠥᠯᠥᠭᠡᠯᠡᠭ᠌ᠴᠢ᠎ᠶ᠋ᠢ  ᠨᠥᠬᠦᠨ ᠰᠣᠩᠭᠤᠵᠤ᠂ 58 ᠲᠥᠯᠥᠭᠡᠯᠡᠭ᠌ᠴᠢ᠎ᠶ᠋ᠢᠨ ᠬᠢᠷᠢ ᠬᠡᠮ᠎ᠢ ᠡᠴᠦᠰᠯᠡᠭᠦᠯᠪᠡ᠃ ᠣᠳᠣᠬᠠᠨ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠣᠲᠠᠲᠠᠢ ᠪᠠᠢᠬᠤ ᠲᠥᠯᠥᠭᠡᠯᠡᠭ᠌ᠴᠢ  2878  ᠬᠥᠮᠦᠨ ᠪᠠᠢᠨ᠎ᠠ᠃

ᠲᠠᠪᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ  ᠬᠠᠷᠢᠯᠴᠠᠭᠠᠨ᠎ᠤ ᠣᠨᠴᠠᠯᠢᠭ ᠳᠠᠪᠠᠭᠤᠯᠢᠭ᠎ᠢ ᠪᠠᠳᠠᠷᠠᠭᠤᠯᠵᠤ᠂ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠭᠡ ᠲᠠᠯ᠎ᠠ᠎ᠳᠤ ᠰᠠᠨᠠᠭᠠᠴᠢᠯᠠᠭ᠎ᠠ  ᠡᠴᠨ᠎ᠪᠠᠨ ᠦᠢᠯᠡᠴᠢᠯᠡᠪᠡ

ᠰᠢ᠎ᠶ᠋ᠢᠨ ᠫᠢᠩ ᠎ᠤᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠦ᠍᠂ ᠨᠠᠮ᠎ᠤᠨ ᠲᠥᠪ ᠬᠤᠷᠢᠶᠠᠨ᠎ᠤ ᠭᠠᠳᠠᠭᠠᠳᠤ ᠬᠠᠷᠢᠯᠴᠠᠭᠠᠨ᠎ᠤ ᠦᠨᠳᠦᠰᠦᠨ ᠪᠤᠳᠤᠯᠭ᠎ᠠ ᠴᠢᠭ᠌ᠯᠡᠯᠲᠡ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠲᠡᠷᠢᠭᠦᠨ᠎ᠤ ᠭᠠᠳᠠᠭᠠᠳᠤ ᠬᠠᠷᠢᠯᠴᠠᠭᠠᠨ᠎ᠤ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠳ᠋ᠦᠢᠱᠢᠶᠠᠩ ᠥᠷᠭᠡᠨ ᠳᠡᠯᠭᠡᠷ᠂ ᠠᠭᠤᠯᠭ᠎ᠠ ᠪᠠᠶᠠᠯᠢᠭ᠂ ᠬᠡᠯᠪᠡᠷᠢ ᠣᠯᠠᠨ ᠶᠠᠩᠵᠤ ᠵᠡᠷᠭᠡ ᠣᠨᠴᠠᠯᠢᠭ ᠪᠠ ᠳᠠᠪᠠᠭᠤᠯᠢᠭ᠎ᠢ ᠪᠠᠳᠠᠷᠠᠭᠤᠯᠵᠤ᠂ ᠤᠯᠠᠨ ᠲᠡᠰ ᠳᠠᠪᠬᠤᠷᠭ᠎ᠠ ᠤᠯᠠᠨ ᠠᠷᠭ᠎ᠠ ᠵᠠᠮ ᠤᠯᠠᠨ ᠬᠦᠷᠢᠶᠡᠨ᠎ᠳᠠᠬᠢ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠶᠠᠪᠤᠯᠴᠠᠭ᠎ᠠ᠎ᠶ᠋ᠢ ᠪᠠᠬᠢᠵᠢᠭᠦᠯᠦᠨ ᠭᠦᠨᠵᠡᠭᠡᠢᠷᠡᠭᠦᠯᠪᠡ᠃ ᠨᠢᠭᠡ ᠵᠢᠯ᠎ᠤᠨ ᠲᠤᠷᠰᠢ᠂ ᠨᠡᠢᠲᠡ 59 ᠪᠦᠯᠬᠦᠮ ᠳᠤᠭᠤᠢᠯᠠᠩ ᠲᠣᠮᠢᠯᠠᠵᠤ 58 ᠤᠯᠤᠰ᠎ᠲᠤ ᠠᠢᠯᠴᠢᠯᠠᠯᠲᠠ ᠬᠢᠯᠭᠡᠭ᠌ᠰᠡᠨ ᠪᠤᠶᠤ ᠣᠯᠠᠨ ᠤᠯᠤᠰ᠎ᠤᠨ ᠬᠤᠷᠠᠯ᠎ᠳᠤ ᠣᠷᠣᠯᠴᠠᠭᠤᠯᠵᠤ᠂ ᠳᠤᠮᠳᠠᠳᠤ ᠤᠯᠤᠰ᠎ᠲᠤ ᠠᠢᠯᠴᠢᠯᠠᠷ᠎ᠠ ᠢᠷᠡᠭ᠌ᠰᠡᠨ ᠪᠤᠶᠤ ᠰᠤᠳᠤᠯᠤᠨ ᠶᠠᠷᠢᠯᠴᠠᠬᠤ ᠠᠩᠭᠢ᠎ᠳᠤ ᠣᠷᠣᠯᠴᠠᠬᠤ᠎ᠪᠠᠷ ᠢᠷᠡᠭ᠌ᠰᠡᠨ 69 ᠤᠯᠤᠰ᠂ ᠣᠯᠠᠨ ᠤᠯᠤᠰ᠎ᠤᠨ ᠪᠠ ᠭᠠᠵᠠᠷ ᠣᠷᠣᠨ᠎ᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠶ᠋ᠢᠨ 92 ᠪᠦᠯᠬᠦᠮ ᠳᠤᠭᠤᠢᠯᠠᠩ᠎ᠢ ᠬᠦᠯᠢᠶᠡᠨ ᠠᠪᠴᠤ᠌ ᠵᠣᠴᠢᠯᠠᠪᠠ᠃

ᠬᠤᠶᠠᠷ ᠲᠠᠯᠠᠲᠦ ᠶᠠᠪᠤᠯᠴᠠᠭ᠎ᠠ᠎ᠶ᠋ᠢ ᠢᠳᠡᠪᠬᠢᠲᠡᠢ ᠥᠷᠭᠡᠳᠭᠡᠪᠡ᠃ ᠬᠤᠷᠢᠶᠠᠨ ᠳᠠᠷᠤᠭ᠎ᠠ ᠨᠠᠷ᠎ᠤᠨ ᠬᠤᠷᠠᠯᠳᠤᠭᠠᠨ᠎ᠤ ᠪᠦᠷᠢᠯᠳᠦᠬᠦᠨ ᠪᠦᠯᠬᠦᠮ ᠳᠠᠭᠠᠭᠤᠯᠤᠨ 25 ᠤᠯᠤᠰ᠎ᠲᠤ ᠠᠢᠯᠴᠢᠯᠠᠵᠤ᠂ ᠤᠯᠤᠰ᠎ᠤᠨ ᠳᠣᠲᠣᠭᠠᠳᠤ᠎ᠶ᠋ᠢᠨ 162  ᠲᠠᠯᠠᠪᠤᠷ ᠤᠳᠠᠭ᠎ᠠ᠎ᠶ᠋ᠢᠨ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠳᠤ ᠣᠷᠣᠯᠴᠠᠪᠠ᠃ ᠲᠤᠰᠭᠠᠶ ᠵᠥᠪᠯᠡᠯ᠂ ᠨᠥᠬᠦᠷᠰᠡᠭ ᠳᠤᠭᠤᠢᠯᠠᠩ᠂ ᠠᠵᠢᠯ᠎ᠤᠨ ᠪᠠᠢᠭᠤᠯᠤᠮᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ ᠪᠠ ᠵᠥᠪᠯᠡᠯᠭᠡᠨ᠎ᠤ ᠭᠡᠱᠢᠭᠦᠳ᠎ᠤᠨ ᠬᠤᠭᠤᠷᠣᠨᠳᠣᠬᠢ ᠠᠵᠢᠯ ᠲᠦᠷᠦᠯ᠎ᠤᠨ ᠰᠣᠯᠢᠯᠴᠠᠭ᠎ᠠ᠎ᠶ᠋ᠢ ᠭᠦᠨᠵᠡᠭᠡᠶ ᠥᠷᠨᠢᠭᠦᠯᠪᠡ᠃ 12   ᠤᠯᠤᠰ᠎ᠤᠨ ᠵᠥᠪᠯᠡᠯᠭᠡᠨ᠎ᠤ ᠬᠤᠷᠠᠯ ᠪᠠ ᠧᠦ᠋ᠷᠣᠫᠠ᠎ᠶ᠋ᠢᠨ ᠵᠥᠪᠯᠡᠯᠭᠡᠨ᠎ᠤ ᠬᠤᠷᠠᠯ᠎ᠯᠤᠭ᠎ᠠ ᠲᠣᠭ᠍ᠲᠠᠴᠠ᠎ᠶ᠋ᠢᠨ ᠴᠢᠨᠠᠷᠲᠠᠶ ᠬᠤᠷᠠᠯ ᠬᠢᠪᠡ᠃ ᠳᠤᠮᠳᠠᠳᠤ ᠤᠷᠤᠰ᠎ᠤᠨ ᠵᠥᠪᠯᠡᠯᠭᠡᠨ᠎ᠤ ᠬᠤᠷᠠᠯ᠎ᠤᠨ ᠬᠠᠮᠲᠤᠷᠠᠯᠴᠠᠭᠠᠨ᠎ᠤ ᠵᠥᠪᠯᠡᠯ᠎ᠤᠨ ᠠᠷᠪᠠᠳᠤᠭᠠᠷ ᠤᠳᠠᠭᠠᠨ᠎ᠤ ᠬᠤᠷᠠᠯᠳᠤᠭᠠᠨ ᠪᠣᠯᠣᠨ ᠬᠤᠶᠠᠷ ᠤᠳᠠᠭᠠᠨ᠎ᠤ ᠬᠠᠮᠲᠤᠷᠠᠭ᠍ᠰᠠᠨ ᠠᠵᠢᠯᠯᠠᠬᠤ ᠳᠤᠭᠤᠢᠯᠠᠩ᠎ᠤᠨ ᠬᠤᠷᠠᠯᠳᠤᠭᠠᠨ᠎ᠢ ᠬᠤᠷᠠᠯᠳᠤᠭᠤᠯᠪᠠ; ᠠᠮᠧᠷᠢᠺᠠ᠎ᠶ᠋ᠢᠨ ᠤᠯᠤᠰ᠎ᠤᠨ ᠬᠤᠷᠠᠯ᠎ᠤᠨ ᠲᠤᠤᠷᠠᠳᠤ ᠵᠥᠪᠯᠡᠯᠭᠡᠨ᠎ᠤ ᠭᠡᠱᠢᠭᠦᠳ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠠᠢᠯᠴᠢᠯᠠᠷ᠎ᠠ ᠢᠷᠡᠭ᠌ᠰᠡᠨ᠎ᠢ ᠬᠦᠯᠢᠶᠡᠨ ᠠᠪᠴᠤ᠌ ᠵᠣᠴᠢᠯᠠᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠠᠯᠠᠭᠤ ᠲᠥᠯᠥᠭᠡᠯᠡᠭ᠌ᠴᠢᠳ᠎ᠤᠨ ᠪᠦᠯᠬᠦᠮ᠎ᠢ ᠵᠤᠬᠢᠶᠠᠨ ᠪᠠᠢᠭᠤᠯᠤᠨ ᠲᠣᠮᠢᠯᠠᠵᠤ ᠠᠮᠧᠷᠢᠺᠠ᠎ᠳᠤ ᠠᠢᠯᠴᠢᠯᠠᠯᠲᠠ ᠬᠢᠯᠭᠡᠪᠡ; ᠧᠦ᠋ᠷᠣᠫᠠ᠎ᠶ᠋ᠢᠨ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠯᠤᠭ᠎ᠠ ᠥᠷᠭᠡᠨ᠎ᠢᠶᠠᠷ ᠶᠠᠷᠢᠯᠴᠠᠨ ᠰᠣᠯᠢᠯᠴᠠᠵᠤ᠂ ᠧᠦ᠋ᠷᠣᠫᠠ᠎ᠶ᠋ᠢᠨ ᠵᠥᠪᠯᠡᠯᠭᠡᠨ᠎ᠤ ᠬᠤᠷᠠᠯ᠎ᠯᠤᠭ᠎ᠠ ᠬᠡᠪ᠎ᠤᠨ ᠶᠠᠪᠤᠯᠴᠠᠭ᠎ᠠ᠎ᠪᠠᠨ ᠰᠡᠷᠭᠦᠭᠡᠪᠡ; ᠡᠷᠬᠢᠨ ᠲᠣᠭᠤᠷᠢᠨ᠎ᠤ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠯᠤᠭ᠎ᠠ᠎ᠶ᠋ᠢᠨ ᠨᠥᠬᠦᠷᠰᠡᠭ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠯᠤᠭ᠎ᠠ᠎ᠶ᠋ᠢᠨ ᠪᠦᠯᠬᠦᠮᠳᠡᠯ ᠬᠠᠮᠲᠤᠷᠠᠯᠴᠠᠭ᠎ᠠ᠎ᠪᠠᠨ ᠨᠢᠭ᠍ᠲᠠᠷᠠᠭᠤᠯᠵᠤ᠂ ᠣᠢᠯᠠᠭᠠᠯᠴᠠᠭ᠎ᠠ ᠢᠲᠡᠭᠡᠯᠴᠡᠭᠡ᠎ᠪᠠᠨ ᠨᠡᠮᠡᠭ᠌ᠳᠡᠭᠦᠯᠬᠦ᠂ ᠪᠣᠳᠠᠲᠠᠶ᠎ᠶ᠋ᠢ ᠡᠷᠬᠢᠮᠯᠡᠬᠦ᠌ ᠬᠠᠮᠲᠤᠷᠠᠯᠴᠠᠭ᠎ᠠ᠎ᠶ᠋ᠢ ᠠᠬᠢᠭᠤᠯᠬᠤ᠂ ᠠᠷᠠᠳ ᠲᠦᠮᠡᠨ᠎ᠤ ᠨᠥᠬᠦᠷᠯᠡᠯ᠎ᠢ ᠪᠠᠬᠢᠵᠢᠭᠦᠯᠬᠦ᠂ ᠭᠤᠣᠯᠯᠠᠬᠤ ᠠᠱᠢᠭ ᠲᠤᠰᠠ᠎ᠶ᠋ᠢ ᠬᠠᠮᠠᠭᠠᠯᠠᠬᠤ᠎ᠳᠤ ᠢᠳᠡᠪᠬᠢᠲᠡᠶ ᠦᠢᠯᠡᠳᠦᠯ᠎ᠢᠶᠠᠨ ᠪᠠᠳᠠᠷᠠᠭᠤᠯᠪᠠ᠃

ᠤᠯᠠᠨ ᠲᠠᠯᠠᠲᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠎ᠶ᠋ᠢ ᠠᠬᠢᠭᠤᠯᠪᠠ᠃ ᠵᠢᠷᠭᠤᠳᠤᠭᠠᠷ ᠤᠳᠠᠭᠠᠨ᠎ᠤ ᠳᠡᠯᠡᠬᠡᠶ᠎ᠶ᠋ᠢᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠶᠡᠭᠡ ᠬᠤᠷᠠᠯ᠎ᠳᠤ ᠣᠷᠣᠯᠴᠠᠵᠤ᠂ ᠪᠦᠯᠬᠦᠮ ᠲᠣᠮᠢᠯᠠᠨ ᠡᠯ᠎ᠡ ᠤᠯᠤᠰ᠎ᠤᠨ ᠵᠥᠪᠯᠡᠯᠭᠡᠨ᠎ᠤ ᠬᠤᠷᠠᠯ᠎ᠤᠨ ᠬᠤᠯᠪᠣᠭᠠᠨ᠎ᠤ ᠶᠡᠭᠡ ᠬᠤᠷᠠᠯ᠂ BRICS  ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠤᠨ ᠶᠠᠷᠢᠯᠴᠠᠭᠠᠨ᠎ᠤ ᠲᠠᠪᠴᠠᠩ᠂ ᠬᠤᠷᠢᠨ ᠤᠯᠤᠰ᠎ᠤᠨ ᠪᠦᠯᠦᠭ᠌ᠯᠡᠯ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠤᠷᠠᠯᠳᠤᠭᠠᠨ᠂ ᠵᠥᠪᠯᠡᠯᠭᠡᠨ᠎ᠤ ᠬᠤᠷᠠᠯ᠎ᠤᠨ ᠳᠡᠯᠡᠬᠡᠢ᠎ᠶ᠋ᠢᠨ ᠠᠷᠠᠯᠵᠢᠶᠠᠨ᠎ᠤ ᠶᠡᠭᠡ ᠬᠤᠷᠠᠯ᠎ᠤᠨ ᠵᠢᠯᠣᠭᠤᠳᠭᠤ ᠵᠥᠪᠯᠡᠯ᠎ᠤᠨ ᠬᠤᠷᠠᠯ᠂ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠵᠥᠪᠯᠡᠯᠭᠡᠨ᠎ᠤ ᠬᠤᠷᠠᠯ᠎ᠤᠨ ᠬᠡᠷᠡᠴᠢᠯᠡᠭᠡ ᠰᠣᠨᠣᠰᠭᠤ ᠬᠤᠷᠠᠯ ᠵᠡᠷᠭᠡ ᠤᠯᠠᠨ ᠲᠠᠯᠠᠲᠤ ᠠᠵᠢᠯᠯᠠᠭ᠎ᠠ᠎ᠳᠤ ᠣᠷᠣᠯᠴᠠᠭᠤᠯᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠬᠦ᠂ ᠡᠵᠡᠷᠬᠡᠭ᠌ᠯᠡᠬᠦ᠌ ᠡᠵᠡᠷᠬᠡᠭ᠌ᠯᠡᠨ ᠬᠠᠷᠭᠢᠰᠯᠠᠬᠤ ᠡᠵᠡᠷᠬᠡᠭ᠌ᠯᠡᠨ ᠳᠠᠷᠤᠯᠠᠬᠤ᠎ᠶ᠋ᠢ ᠡᠰᠡᠷᠭᠦᠴᠡᠬᠦ᠂ ᠤᠯᠠᠨ ᠤᠯᠤᠰ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ᠂ ᠳᠡᠯᠡᠬᠡᠢ᠎ᠶ᠋ᠢᠨ ᠡᠩᠬᠡ ᠲᠠᠢᠪᠤᠩ ᠬᠥᠭ᠌ᠵᠢᠯᠲᠡ᠎ᠶ᠋ᠢ ᠠᠬᠢᠭᠤᠯᠬᠤ ᠡᠷᠡᠰ ᠪᠠᠲᠤ ᠵᠣᠭ᠍ᠰᠣᠯᠲᠠ᠎ᠪᠠᠨ ᠢᠯᠡᠷᠭᠡᠢᠯᠡᠪᠠ᠃ ᠠᠽᠢᠶ᠎ᠠ ᠲᠢᠪ᠎ᠤᠨ ᠵᠥᠪᠯᠡᠯᠭᠡᠨ᠎ᠤ ᠬᠤᠷᠠᠯ᠎ᠤᠨ ᠶᠡᠭᠡ ᠬᠤᠷᠠᠯ᠎ᠤᠨ ᠣᠨ᠎ᠤ ᠬᠤᠷᠠᠯ᠎ᠳᠤ ᠣᠷᠣᠯᠴᠠᠵᠤ᠂ ᠠᠵᠢᠭ᠍ᠯᠠᠭ᠍ᠴᠢ᠎ᠶ᠋ᠢᠨ ᠬᠤᠪᠢ᠎ᠪᠠᠷ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠣᠭ᠎ᠠ᠎ᠶ᠋ᠢᠨ ᠡᠯ᠎ᠡ ᠤᠯᠤᠰ᠎ᠤᠨ ᠵᠥᠪᠯᠡᠯᠭᠡᠨ᠎ᠤ ᠬᠤᠷᠠᠯ᠎ᠤᠨ ᠬᠤᠭᠤᠷᠤᠨᠳᠤᠬᠢ ᠶᠡᠭᠡ ᠬᠤᠷᠠᠯ᠎ᠤᠨ ᠣᠨ᠎ᠤ ᠬᠤᠷᠠᠯ᠎ᠳᠤ ᠣᠷᠣᠯᠴᠠᠨ᠂ ᠯᠠᠲ᠋ᠢᠨ ᠠᠮᠧᠷᠢᠺᠠ᠎ᠶ᠋ᠢᠨ ᠵᠥᠪᠯᠡᠯᠭᠡᠨ᠎ᠤ ᠬᠤᠷᠠᠯ᠂ ᠳᠤᠮᠳᠠᠳᠤ ᠠᠮᠧᠷᠢᠺᠠ ᠲᠢᠪ᠎ᠤᠨ ᠵᠥᠪᠯᠡᠯᠭᠡᠨ᠎ᠤ ᠬᠤᠷᠠᠯ᠎ᠲᠠᠢ ᠬᠠᠷᠢᠯᠴᠠᠭ᠎ᠠ᠎ᠪᠠᠨ ᠴᠢᠩᠭᠠᠳᠭᠠᠵᠦ᠍᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠬᠤ᠂ ᠬᠠᠮᠲᠤ᠎ᠶ᠋ᠢᠨ ᠴᠡᠴᠡᠭ᠌ᠯᠡᠯ ᠬᠥᠭ᠌ᠵᠢᠯ᠎ᠢ ᠠᠬᠢᠭᠤᠯᠬᠤ ᠲᠤᠬᠠᠶ ᠭᠦᠨᠵᠡᠭᠡᠶ ᠰᠣᠯᠢᠯᠴᠠᠭ᠎ᠠ ᠬᠢᠪᠡ᠃ ᠵᠠᠯᠠᠭᠤᠴᠤᠳ᠂ ᠬᠥᠮᠦᠨ ᠠᠮᠠ᠂ ᠠᠭᠤᠷ ᠠᠮᠢᠰᠭᠤᠯ᠎ᠤᠨ ᠬᠤᠪᠢᠷᠠᠯᠲᠠ᠂ ᠲᠦᠢᠯ᠎ᠤᠨ ᠣᠷᠣᠨ᠎ᠤ ᠵᠠᠰᠠᠯᠲᠠ᠂ ᠰᠦᠯᠵᠢᠶᠡᠨ᠎ᠤ ᠠᠮᠤᠷ ᠲᠦᠪᠱᠢᠨ᠂ ᠵᠤᠬᠢᠶᠠᠮᠡᠯ ᠣᠶᠤᠡᠯᠢᠬ ᠵᠡᠷᠭᠡ ᠲᠤᠰᠭᠠᠢ ᠰᠡᠳᠦᠪᠲᠦ ᠶᠠᠷᠢᠯᠴᠠᠭ᠎ᠠ᠎ᠳᠤ ᠢᠳᠡᠪᠬᠢᠲᠡᠢ᠎ᠪᠠᠷ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠳᠤᠮᠳᠠᠳᠤ ᠤᠯᠤᠰ᠎ᠤᠨ ᠲᠤᠷᠱᠢᠯᠭ᠎ᠠ᠎ᠶ᠋ᠢ ᠬᠤᠪᠢᠶᠠᠯᠴᠠᠵᠦ᠍᠂ ᠳᠤᠮᠳᠠᠳᠤ ᠤᠯᠤᠰ᠎ᠤᠨ ᠲᠥᠰᠦᠯ᠎ᠢ ᠨᠡᠮᠡᠷᠢᠯᠡᠪᠡ᠃

ᠭᠠᠳᠠᠭᠠᠳᠤ᠎ᠳᠤ ᠤᠬᠠᠭᠤᠯᠤᠨ ᠲᠠᠨᠢᠯᠴᠠᠭᠤᠯᠬᠤ᠎ᠶ᠋ᠢ ᠦᠷᠭᠦᠯᠵᠢᠯᠡᠨ ᠴᠢᠩᠭᠠᠳᠭᠠᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠰᠠᠨᠠᠭᠠᠴᠢᠯᠠᠭ᠎ᠠ᠂  《ᠨᠢᠭᠡ ᠪᠦᠰᠡ ᠨᠢᠭᠡ ᠵᠠᠮ》 ᠎ᠢ ᠴᠢᠨᠠᠷ ᠰᠠᠢᠲᠠᠢ᠎ᠪᠠᠷ ᠬᠠᠮᠲᠤ᠎ᠪᠠᠷ ᠪᠠᠢᠭᠤᠯᠬᠤ ᠵᠡᠷᠭᠡ ᠤᠢ᠍ᠢᠯᠠᠭᠠᠭ᠍ᠳᠠᠬᠤᠨ ᠵᠣᠷᠢᠯᠲᠠ ᠪᠠ ᠠᠮᠵᠢᠯᠲᠠ᠎ᠲᠠᠢ ᠦᠢᠯᠡᠳᠦᠯᠭᠡ᠎ᠶ᠋ᠢ ᠢᠳᠡᠪᠬᠢᠲᠡᠢ ᠤᠬᠠᠭᠤᠯᠤᠨ ᠲᠠᠢᠯᠪᠤᠷᠢᠯᠠᠵᠤ᠂《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠠ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠤᠬᠠᠭᠤᠯᠤᠨ ᠲᠠᠨᠢᠯᠴᠠᠭᠤᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠨᠦᠭᠦᠳ᠎ᠢ ᠲᠠᠨᠢᠯᠴᠠᠭᠤᠯᠪᠠ᠃ ᠬᠥᠭ᠌ᠵᠢᠵᠦ᠍ ᠪᠠᠢᠭ᠎ᠠ ᠤᠯᠤᠰ᠎ᠤᠳ᠎ᠲᠤ ᠬᠠᠨᠳᠤᠭᠤᠯᠤᠨ 6 ᠬᠤᠭᠤᠴᠠᠭᠠᠨ᠎ᠤ ᠵᠥᠪᠯᠡᠯᠭᠡᠨ᠎ᠤ ᠭᠡᠱᠢᠭᠦᠳ᠎ᠤᠨ ᠰᠤᠳᠤᠯᠤᠨ ᠶᠠᠷᠢᠯᠴᠠᠬᠤ ᠠᠩᠭᠢ ᠡᠷᠬᠢᠯᠡᠵᠦ᠍᠂ ᠠᠩᠬᠠᠳᠠᠭ᠍ᠴᠢ ᠤᠳᠠᠭ᠎ᠠ ᠠᠹᠷᠢᠺᠠ ᠲᠢᠪ᠎ᠤᠨ ᠡᠮᠡᠭ᠌ᠲᠡᠶ ᠵᠥᠪᠯᠡᠯᠭᠡᠨ᠎ᠤ ᠭᠡᠱᠢᠭᠦᠳ᠎ᠤᠨ ᠰᠤᠳᠤᠯᠤᠨ ᠶᠠᠷᠢᠯᠴᠠᠬᠤ ᠠᠩᠭᠢ᠎ᠶ᠋ᠢ ᠡᠷᠭᠢᠯᠡᠵᠦ᠍᠂ 48 ᠤᠯᠤᠰ᠂ ᠣᠯᠠᠨ ᠤᠯᠤᠰ᠎ᠤᠨ ᠪᠠ ᠭᠠᠵᠠᠷ ᠣᠷᠣᠨ᠎ᠤ ᠵᠥᠪᠯᠡᠯᠭᠡᠨ᠎ᠤ ᠵᠣᠬᠢᠶᠠᠨ ᠪᠠᠢᠭᠤᠯᠤᠯᠲᠠ᠎ᠶ᠋ᠢᠨ 187 ᠵᠥᠪᠯᠡᠯᠭᠡᠨ᠎ᠤ ᠭᠡᠱᠢᠭᠦᠨ ᠪᠠ ᠵᠥᠪᠯᠡᠯᠭᠡᠨ᠎ᠤ ᠬᠤᠷᠠᠯ᠎ᠤᠨ ᠲᠤᠱᠢᠶᠠᠯᠲᠠᠨ ᠤᠷᠢᠯᠭ᠎ᠠ᠎ᠪᠠᠷ ᠣᠷᠣᠯᠴᠠᠵᠠᠶ᠃ ᠠᠢᠯᠴᠢᠯᠠᠷ᠎ᠠ ᠢᠷᠡᠭ᠌ᠰᠡᠨ ᠪᠦᠯᠬᠦᠮ ᠳᠤᠭᠤᠢᠯᠠᠩ᠎ᠢ ᠣᠷᠣᠨ ᠨᠤᠲᠤᠭ᠎ᠲᠤ ᠰᠤᠷᠪᠤᠯᠵᠢᠯᠠᠭᠤᠯᠬᠤ᠎ᠪᠠᠷ ᠲᠣᠬᠢᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠤᠨ ᠭᠡᠷ ᠥᠷᠲᠡᠭᠡ᠂ ᠦᠨᠳᠦᠰᠦᠨ ᠱᠠᠲᠤᠨ᠎ᠤ ᠬᠠᠷᠢᠯᠴᠠᠬᠤ ᠴᠡᠭ ᠵᠡᠷᠭᠡ᠎ᠶ᠋ᠢ ᠲᠣᠭᠤᠷᠢᠭᠤᠯᠤᠨ ᠦᠵᠡᠭᠦᠯᠵᠦ᠍᠂ ᠦᠨᠳᠦᠰᠦᠨ ᠱᠠᠲᠤᠨ᠎ᠤ ᠲᠥᠯᠥᠭᠡᠯᠡᠭ᠌ᠴᠢᠳ᠂ ᠣᠯᠠᠨ ᠲᠦᠮᠡᠨ᠎ᠲᠠᠢ ᠨᠢᠭᠤᠷᠳᠠᠨ ᠶᠠᠷᠢᠯᠴᠠᠭᠤᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠳᠠᠪᠠᠭᠤᠯᠢᠭ ᠦᠢᠯᠡᠳᠦᠯ ᠴᠢᠳᠠᠪᠤᠷᠢ᠎ᠶ᠋ᠢ ᠠᠮᠢᠳᠤᠯᠢᠭ᠎ᠢᠶᠠᠷ ᠢᠯᠡᠷᠡᠭᠦᠯᠪᠡ᠃ ᠤᠯᠤᠰ᠎ᠤᠨ ᠭᠤᠣᠯᠯᠠᠬᠤ ᠠᠱᠢᠭ ᠲᠤᠰᠠ᠎ᠳᠤ ᠬᠤᠯᠪᠣᠭ᠍ᠳᠠᠬᠤ ᠠᠰᠠᠭᠤᠳᠠᠯ᠎ᠤᠨ ᠳᠤᠭᠤᠷᠢᠨ᠎ᠳᠤ᠂ ᠬᠠᠮᠢᠶ᠎ᠠ ᠪᠦᠬᠦᠢ ᠤᠯᠤᠰ᠎ᠤᠨ ᠵᠥᠪᠯᠡᠯᠭᠡᠨ᠎ᠤ ᠬᠤᠷᠠᠯ᠂ ᠵᠥᠪᠯᠡᠯᠭᠡᠨ᠎ᠤ ᠭᠡᠱᠢᠭᠦᠨ᠎ᠤ ᠠᠵᠢᠯ᠎ᠢ ᠰᠠᠨᠠᠭᠠᠴᠢᠯᠠᠭ᠎ᠠ᠎ᠠᠴᠠ᠎ᠪᠠᠨ ᠬᠢᠵᠦ᠍᠂ ᠵᠠᠷᠴᠢᠮ ᠵᠣᠭ᠍ᠰᠣᠯᠲᠠ᠎ᠪᠠᠨ ᠲᠣᠳᠣᠷᠬᠠᠢᠯᠠᠨ᠂ ᠡᠷᠡᠰ ᠲᠡᠮᠡᠴᠡᠯ ᠥᠷᠨᠢᠭᠦᠯᠪᠡ᠃

ᠵᠢᠷᠭᠤᠭ᠎ᠠ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠬᠢᠷᠢ  ᠬᠡᠮᠵᠢᠶ᠎ᠡ  ᠪᠠᠨ ᠲᠠᠰᠤᠷᠠᠯᠲᠠ ᠦᠭᠡᠢ  ᠳᠡᠭᠡᠭ᠌ᠰᠢᠯᠡᠭᠦᠯᠪᠡ

《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠤᠬᠠᠮᠰᠠᠷ᠎ᠠᠴᠠ᠎ᠪᠠᠨ ᠪᠠᠷᠢᠮᠲᠠᠯᠠᠬᠤ ᠤᠯᠤᠰ ᠲᠦᠷᠦ᠍᠎ᠶ᠋ᠢᠨ ᠪᠠᠢᠭᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ ᠲᠦᠷᠦ᠍᠎ᠶ᠋ᠢᠨ ᠡᠷᠬᠡᠲᠦ ᠪᠠᠢᠭᠤᠯᠭ᠎ᠠ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠤᠭ᠍ᠰᠠᠨ ᠡᠯ᠎ᠡ ᠵᠦᠢᠯ᠎ᠤᠨ ᠲᠤᠱᠢᠶᠠᠯ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠡᠭᠦᠷᠭᠡᠯᠡᠬᠦ᠌ ᠠᠵᠢᠯ᠎ᠤᠨ ᠪᠠᠢᠭᠤᠯᠭ᠎ᠠ᠂ ᠢᠮᠠᠭ᠍ᠲᠠ ᠠᠷᠠᠳ ᠤᠯᠠᠨ᠎ᠯᠤᠭ᠎ᠠ ᠨᠢᠭ᠍ᠲᠠ ᠬᠠᠷᠢᠯᠴᠠᠭ᠎ᠠ᠎ᠪᠠᠨ ᠪᠠᠲᠤᠯᠠᠬᠤ ᠲᠥᠯᠥᠭᠡᠯᠡᠬᠦ᠌ ᠪᠠᠢᠭᠤᠯᠭ᠎ᠠ》 ᠎ᠶ᠋ᠢᠨ ᠱᠠᠭᠠᠷᠳᠠᠯᠭ᠎ᠠ ᠶᠣᠰᠣᠭᠠᠷ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠨᠠᠮ᠎ᠤᠨ ᠪᠠᠢᠭᠤᠯᠤᠯᠲᠠ ᠪᠠ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠠᠵᠢᠯ᠎ᠤᠨ ᠴᠢᠨᠠᠷ ᠴᠢᠨᠰᠠᠭ᠎ᠠ᠎ᠪᠠᠨ ᠳᠡᠭᠡᠭ᠌ᠰᠢᠯᠡᠭᠦᠯᠬᠦ᠌ ᠳᠡᠭᠡᠷ᠎ᠡ ᠬᠦᠴᠦ᠍ ᠲᠠᠯᠪᠢᠵᠤ᠂ ᠨᠠᠮ ᠪᠠ ᠠᠷᠠᠳ ᠲᠦᠮᠡᠨ᠎ᠤ ᠳᠠᠭᠠᠭᠠᠯᠭᠠᠭ᠍ᠰᠠᠨ ᠡᠭᠦᠷᠭᠡ ᠬᠠᠷᠢᠭᠤᠴᠠᠯᠭ᠎ᠠ᠎ᠶ᠋ᠢ ᠨᠡᠩ ᠰᠠᠢᠲᠤᠷ ᠡᠭᠦᠷᠭᠡᠯᠡᠪᠡ᠃

ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠰᠢ᠎ᠶ᠋ᠢᠨ ᠫᠢᠩ ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠭᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠰᠠᠨᠠᠭ᠎ᠠ᠎ᠶ᠋ᠢ ᠨᠢᠭ᠍ᠲᠠᠷᠠᠭᠤᠯᠤᠨ ᠰᠦᠭ ᠰᠦᠯᠳᠡ᠎ᠶ᠋ᠢ ᠪᠣᠰᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠤᠬᠠᠮᠰᠠᠷ᠎ᠠᠴᠠ᠎ᠪᠠᠨ ᠬᠠᠮᠠᠭᠠᠯᠠᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠬᠠᠤᠯᠢ ᠶᠣᠰᠤᠭᠠᠷ ᠤᠯᠤᠰ᠎ᠢᠶᠠᠨ ᠵᠠᠰᠠᠬᠤ᠎ᠶ᠋ᠢ ᠪᠠᠷᠢᠮᠲᠠᠯᠠᠪᠠ᠃ ᠶᠡᠭᠡ ᠲᠠᠯ᠎ᠠ᠎ᠶ᠋ᠢᠨ ᠦᠵᠡᠯᠲᠡ᠂ ᠭᠦᠢᠴᠡᠳᠭᠡᠬᠦ᠌ ᠬᠦᠴᠦᠨ᠎ᠢᠶᠠᠨ ᠴᠢᠩᠭᠠᠳᠭᠠᠵᠤ᠂ ᠨᠠᠮ᠎ᠤᠨ ᠤᠨᠤᠯ᠂ ᠱᠤᠭᠤᠮ᠂ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠤ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠶ᠋ᠢ ᠪᠠᠲᠤᠯᠠᠪᠠ᠃ ᠣᠨᠣᠯ᠎ᠤᠨ ᠰᠤᠷᠤᠯᠴᠠᠯᠭ᠎ᠠ᠎ᠶ᠋ᠢ ᠭᠦᠨᠵᠡᠭᠡᠢᠷᠡᠭᠦᠯᠵᠦ᠍᠂ ᠪᠠᠢᠩᠭᠤ᠎ᠶ᠋ᠢᠨ ᠬᠤᠷᠢᠶᠠᠨ᠎ᠤ ᠲᠤᠰᠭᠠᠶ ᠰᠡᠳᠦᠪᠲᠦ ᠲᠠᠢᠯᠤᠮᠵᠢ᠎ᠶ᠋ᠢ 6 ᠤᠳᠠᠭ᠎ᠠ ᠡᠷᠬᠢᠯᠡᠵᠦ᠍ ᠂ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢ 6 ᠤᠳᠠᠭ᠎ᠠ ᠥᠷᠨᠢᠭᠦᠯᠵᠦ᠍᠂ ᠲᠤᠰᠭᠠᠶ ᠵᠥᠪᠯᠡᠯ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠪᠠᠢᠩᠭᠤᠵᠢᠭ᠍ᠰᠠᠨ ᠰᠤᠷᠤᠯᠴᠠᠬᠤ ᠲᠣᠭ᠍ᠲᠠᠴᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠦᠵᠡᠯ ᠰᠠᠨᠠᠭ᠎ᠠ ᠣᠨᠣᠯ᠎ᠤᠨ ᠬᠢᠷᠢ ᠬᠡᠮᠵᠢᠶ᠎ᠡ᠎ᠶ᠋ᠢᠨ ᠳᠡᠭᠡᠭ᠌ᠰᠢᠯᠡᠯᠲᠡ᠎ᠪᠠᠷ ᠤᠯᠤᠰ ᠲᠥᠷᠥ᠎ᠶ᠋ᠢᠨ ᠴᠢᠳᠠᠪᠤᠷᠢ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠪᠠ᠃

ᠰᠤᠷᠲᠠᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠪᠠ᠃ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠱᠢᠯᠢᠳᠡᠭ ᠰᠤᠷᠲᠠᠯ᠎ᠢᠶᠠᠷ ᠰᠡᠳᠭᠢᠯ᠎ᠢᠶᠠᠨ ᠨᠢᠭ᠍ᠲᠠᠷᠠᠭᠤᠯᠤᠨ ᠬᠦᠴᠦᠨ᠎ᠢᠶᠠᠨ ᠲᠥᠪᠯᠡᠷᠡᠭᠦᠯᠵᠦ᠍᠂ ᠦᠨᠡᠨ ᠬᠦ᠌ ᠠᠳᠭᠤᠨ ᠪᠣᠳᠠᠲᠠᠶ᠎ᠪᠠᠷ ᠬᠢᠪᠡ᠃ ᠰᠠᠬᠢᠯᠭ᠎ᠠ ᠪᠠᠲᠤ ᠶᠣᠰᠣ ᠳᠦᠷᠢᠮ᠎ᠢ ᠴᠢᠩᠳᠠᠯᠠᠵᠤ᠂ ᠬᠤᠷᠠᠯ᠎ᠤᠨ ᠰᠤᠷᠲᠠᠯ ᠪᠠ ᠵᠣᠬᠢᠶᠠᠯ᠎ᠤᠨ ᠰᠤᠷᠲᠠᠯ᠎ᠢ ᠰᠠᠢᠵᠢᠷᠠᠭᠤᠯᠵᠤ᠂ ᠪᠢᠴᠢᠭ ᠮᠠᠲ᠋ᠧᠷᠢᠶᠠᠯ᠎ᠢ ᠴᠣᠮᠬᠠᠳᠭᠠᠵᠤ ᠬᠤᠷᠠᠯ᠎ᠢ ᠴᠥᠭᠡᠳᠭᠡᠭ᠌ᠰᠡᠨ ᠪᠠ ᠠᠷᠪᠢᠯᠠᠨ ᠭᠠᠮᠨᠠᠬᠤ᠎ᠶ᠋ᠢ ᠴᠢᠩᠭ᠎ᠠ ᠬᠡᠷᠡᠭ᠌ᠵᠢᠭᠦᠯᠦᠭ᠌ᠰᠡᠨ ᠦᠷ᠎ᠡ ᠪᠦᠲᠦᠭᠡᠯ᠎ᠢ ᠪᠠᠬᠢᠵᠢᠭᠦᠯᠵᠦ᠍᠂ ᠬᠡᠯᠪᠡᠷᠢ᠎ᠶ᠋ᠢᠨ ᠦᠵᠡᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠪᠡ᠃ ᠦᠨᠡᠨ᠎ᠠᠴᠠ ᠵᠥᠪ᠎ᠢ  ᠡᠷᠢᠬᠦ᠂ ᠦᠨᠡᠨ᠎ᠢ  ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠲᠤᠱᠢᠶᠠᠯ ᠬᠠᠷᠢᠭᠤᠴᠠᠯᠭ᠎ᠠ᠎ᠪᠠᠨ ᠬᠢᠴᠢᠶᠡᠩᠭᠦ᠋ᠢᠯᠡᠨ ᠭᠦᠢᠴᠡᠳᠭᠡᠵᠦ᠍᠂ ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠬᠦ᠋ᠢᠯᠡᠨ ᠭᠦᠢᠴᠡᠳᠭᠡᠵᠦ᠍᠂ ᠮᠡᠷᠡᠢᠨ ᠴᠢᠷᠮᠠᠢᠵᠤ ᠪᠣᠳᠠᠲᠠᠶ ᠠᠵᠢᠯ᠎ᠢ ᠬᠢᠵᠦ᠍᠂ ᠪᠣᠳᠠᠲᠠᠶ ᠠᠷᠭ᠎ᠠ ᠤᠬᠠᠭᠠᠨ ᠰᠦᠪᠡᠭ᠌ᠴᠢᠯᠡᠵᠦ᠍᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠪᠡ᠃ ᠣᠯᠠᠨ ᠲᠦᠮᠡᠨ᠎ᠲᠠᠢ ᠨᠢᠭ᠍ᠲᠠ ᠬᠠᠷᠢᠯᠴᠠᠵᠤ᠂ ᠣᠯᠠᠨ ᠲᠦᠮᠡᠨ᠎ᠯᠦᠭᠡ᠎ᠶ᠋ᠢᠨ ᠬᠠᠢᠷ᠎ᠠ ᠰᠡᠳᠭᠢᠯᠭᠡ᠎ᠪᠠᠨ ᠨᠡᠮᠡᠭ᠌ᠳᠡᠭᠦᠯᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠪᠣᠳᠠᠲᠠᠶ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠥᠷᠨᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠠᠷᠠᠳ᠎ᠤᠨ ᠰᠠᠨᠠᠭ᠎ᠠ᠎ᠶ᠋ᠢᠨ ᠰᠠᠭᠤᠷᠢ᠎ᠶ᠋ᠢ ᠪᠠᠲᠤᠳᠭᠠᠪᠠ᠃

ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠨ᠎ᠤ ᠤᠬᠠᠭᠤᠯᠭ᠎ᠠ ᠪᠠ ᠤᠨᠤᠯ᠎ᠤᠨ ᠰᠤᠳᠤᠯᠭᠠᠨ᠎ᠤ ᠠᠵᠢᠯ᠎ᠢ ᠴᠢᠩᠭᠠᠳᠭᠠᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠦᠷᠢᠮ᠎ᠤᠨ ᠪᠠᠢᠭᠤᠯᠤᠯᠲᠠ ᠪᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠷᠠᠯᠳᠤᠭᠠᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠭᠦᠨᠵᠡᠭᠡᠶ ᠤᠬᠠᠭᠤᠯᠤᠨ ᠮᠡᠳᠡᠭᠡᠯᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠢᠯᠠᠩᠭᠤᠶ᠎ᠠ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠲᠤᠬᠠᠶ ᠤᠬᠠᠭᠤᠯᠭ᠎ᠠ᠎ᠪᠠᠨ ᠴᠢᠩᠭᠠᠳᠭᠠᠪᠠ᠃ ᠳᠤᠮᠳᠠᠳᠤ ᠤᠯᠤᠰ᠎ᠲᠤ ᠠᠢᠯᠴᠢᠯᠠᠷ᠎ᠠ ᠢᠷᠡᠭ᠌ᠰᠡᠨ ᠭᠠᠳᠠᠭᠠᠳᠤ᠎ᠶ᠋ᠢᠨ 12 ᠵᠥᠪᠯᠡᠯᠭᠡᠨ᠎ᠤ ᠳᠠᠷᠤᠭ᠎ᠠ᠎ᠶ᠋ᠢ ᠲᠤᠰᠭᠠᠢᠯᠠᠨ ᠰᠤᠷᠪᠤᠯᠵᠢᠯᠠᠵᠤ᠂ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠶᠠᠪᠤᠯᠴᠠᠭ᠎ᠠ ᠦᠷᠨᠢᠬᠦᠯᠦᠭ᠌ᠰᠡᠨ ᠦᠷ᠎ᠡ ᠪᠦᠲᠦᠭᠡᠯ᠎ᠢᠶᠠᠨ ᠴᠠᠭ ᠲᠤᠬᠠᠶ᠎ᠳᠤᠨᠢ ᠲᠤᠰᠭᠠᠪᠠ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠢ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠡᠯ᠎ᠤᠨ ᠶᠠᠷᠢᠶ᠎ᠠ ᠬᠡᠯᠡᠯᠴᠡᠭᠡᠨ᠎ᠤ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 32 ᠳ᠋ᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠡᠯ᠎ᠤᠨ ᠱᠠᠩᠨᠠᠯ᠎ᠢ ᠱᠢᠯᠭᠠᠷᠠᠭᠤᠯᠬᠤ ᠠᠵᠢᠯᠯᠠᠭ᠎ᠠ᠎ᠶ᠋ᠢ ᠥᠷᠨᠢᠭᠦᠯᠪᠡ᠃ ᠮᠠᠨ᠎ᠤ ᠤᠯᠤᠰ᠎ᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠤᠬᠠᠭᠤᠯᠵᠤ᠂ ᠦᠨᠳᠦᠰᠦᠨ ᠬᠠᠤᠯᠢ᠎ᠶ᠋ᠢᠨ ᠤᠯᠠᠨ ᠬᠡᠯᠡᠨ᠎ᠤ ᠣᠷᠴᠢᠭᠤᠯᠭ᠎ᠠ᠎ᠶ᠋ᠢᠨ ᠳᠡᠪᠲᠡᠷ ᠪᠠ 21 ᠬᠠᠤᠯᠢ ᠴᠠᠭᠠᠵᠠ᠂ ᠲᠣᠭ᠍ᠲᠠᠭᠠᠯ᠎ᠤᠨ ᠠᠩᠭ᠌ᠯᠢ ᠬᠡᠯᠡᠨ᠎ᠤ ᠣᠷᠴᠢᠭᠤᠯᠭ᠎ᠠ᠎ᠶ᠋ᠢᠨ ᠳᠡᠪᠲᠡᠷ᠎ᠢ ᠭᠠᠷᠭᠠᠪᠠ᠃ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ ᠪᠠ ᠦᠢᠯᠡᠳᠦᠯᠭᠡ᠎ᠶ᠋ᠢᠨ ᠰᠤᠳᠤᠯᠭᠠᠨ᠎ᠢ ᠴᠢᠩᠭᠠᠳᠭᠠᠬᠤ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃

ᠲᠤᠰᠭᠠᠶ ᠵᠥᠪᠯᠡᠯ᠂ ᠠᠵᠢᠯ᠎ᠤᠨ ᠵᠥᠪᠯᠡᠯ ᠪᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠡᠯ᠎ᠡ ᠲᠤᠰᠭᠠᠶ ᠵᠥᠪᠯᠠᠯ᠂ ᠠᠵᠢᠯ᠎ᠤᠨ ᠵᠥᠪᠯᠠᠯ ᠬᠠᠤᠯᠢ᠎ᠳᠤ ᠲᠣᠭ᠍ᠲᠠᠭᠠᠭ᠍ᠰᠠᠨ ᠳᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠬᠠᠤᠯᠢ ᠴᠠᠭᠠᠵᠠ᠎ᠶ᠋ᠢᠨ ᠲᠥᠰᠦᠯ᠎ᠢ ᠲᠦᠷᠦᠭᠦᠯᠡᠨ ᠲᠤᠭᠤᠷᠪᠢᠬᠤ᠂ ᠬᠢᠨᠠᠯᠲᠠ ᠲᠠᠯᠪᠢᠬᠤ ᠳᠥᠰᠥᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠂ ᠰᠠᠨᠠᠯ ᠵᠥᠪᠯᠡᠯᠭᠡ ᠪᠠ ᠮᠡᠳᠡᠭᠦᠯᠦᠯᠲᠡ᠎ᠶ᠋ᠢ ᠬᠢᠨᠠᠨ ᠶᠠᠷᠢᠯᠴᠠᠬᠤ᠂ ᠲᠥᠯᠥᠭᠡᠯᠡᠭ᠌ᠴᠢ᠎ᠲᠠᠢ ᠬᠠᠷᠢᠯᠴᠠᠬᠤ ᠪᠠ ᠲᠡᠳᠡᠨ᠎ᠳᠤ ᠦᠢᠯᠡᠴᠢᠯᠡᠬᠦ᠂ ᠭᠠᠳᠠᠭᠠᠳᠤ᠎ᠲᠠᠢ ᠶᠠᠪᠤᠯᠴᠠᠬᠤ ᠠᠵᠢᠯ᠎ᠢ ᠥᠷᠨᠢᠭᠦᠯᠬᠦ᠌ ᠵᠡᠷᠭᠡ ᠲᠠᠯ᠎ᠠ᠎ᠪᠠᠷ ᠶᠡᠭᠡ ᠬᠡᠮᠵᠢᠶᠡᠨ᠎ᠤ ᠯᠠᠪᠳᠠᠭᠤᠨ ᠪᠠᠳᠤᠳᠠᠢ ᠪᠥᠭᠡᠳ ᠪᠦᠲᠦᠮᠵᠢᠲᠡᠶ ᠠᠵᠢᠯ᠎ᠢ ᠬᠢᠭ᠌ᠰᠡᠨ ᠪᠠᠢᠨ᠎ᠠ᠃ ᠶᠡᠭᠡ ᠬᠤᠷᠠᠯ᠎ᠡᠴᠨ ᠡᠮᠦᠨ᠎ᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠲᠣᠪᠴᠢ᠎ᠶ᠋ᠢᠨ ᠲᠥᠰᠦᠯ ᠪᠠ ᠣᠨ᠎ᠤ ᠲᠥᠯᠥᠪᠯᠡᠭᠡ᠂ ᠲᠥᠰᠦᠪ᠎ᠤᠨ ᠲᠥᠰᠦᠯ᠎ᠢ ᠬᠠᠤᠯᠢ ᠶᠣᠰᠣᠭᠠᠷ ᠠᠩᠬ᠎ᠠ ᠠᠯᠬᠤᠮ ᠬᠢᠨᠠᠨ ᠪᠠᠢᠴᠠᠭᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠨᠢᠭ᠍ᠲᠠᠷᠠᠯ᠎ᠤᠨ ᠬᠦᠴᠦᠨ ᠳᠠᠢᠴᠢᠨ ᠬᠦᠴᠦᠨ᠎ᠢ ᠴᠢᠩᠭᠠᠳᠭᠠᠵᠤ᠂ ᠥᠨᠳᠥᠷ ᠬᠡᠪ ᠴᠢᠨᠠᠷ ᠪᠦᠬᠦᠢ ᠲᠤᠰᠭᠠᠢᠵᠢᠭ᠍ᠰᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠶ᠋ᠢ ᠪᠤᠢ ᠪᠤᠯᠭᠠᠪᠠ᠃ ᠶᠡᠭᠡ ᠬᠤᠷᠠᠯ᠂ ᠪᠠᠢᠩᠭᠤ᠎ᠶ᠋ᠢᠨ ᠬᠤᠷᠢᠶ᠎ᠠ ᠵᠢᠨ ᠬᠤᠷᠠᠯ᠂ ᠲᠤᠰᠭᠠᠶ ᠵᠥᠪᠯᠠᠯ᠎ᠤᠨ ᠬᠤᠷᠠᠯᠳᠤᠭᠠᠨ᠎ᠢ ᠵᠣᠬᠢᠶᠠᠨ ᠪᠠᠢᠭᠤᠯᠵᠤ ᠪᠡᠯᠡᠳᠭᠡᠬᠦ᠌ ᠠᠵᠢᠯ᠎ᠢ ᠨᠠᠷᠢᠨ ᠨᠢᠮᠪᠠᠶ ᠰᠠᠢᠲᠤᠷ ᠬᠢᠵᠦ᠍᠂ ᠲᠥᠯᠥᠭᠡᠯᠡᠭ᠌ᠴᠢᠳ᠂ ᠭᠡᠱᠢᠭᠦᠳ᠎ᠤᠨ ᠬᠤᠷᠠᠯ᠎ᠳᠤ ᠣᠷᠣᠯᠴᠠᠵᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠭᠡ ᠪᠠᠲᠤᠯᠠᠭ᠎ᠠ ᠬᠠᠩᠭᠠᠪᠠ᠃

ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠬᠠᠷᠢᠯᠴᠠᠭ᠎ᠠ ᠬᠠᠮᠵᠢᠯᠴᠠᠭ᠎ᠠ᠎ᠪᠠᠨ ᠴᠢᠩᠭᠠᠳᠭᠠᠪᠠ᠃ ᠪᠦᠬᠦ᠌ ᠤᠯᠤᠰ᠎ᠤᠨ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠷᠢᠭᠤᠴᠠᠯᠭᠠᠲᠠᠨ ᠨᠥᠬᠦᠳ᠎ᠤᠨ 4 ᠬᠤᠭᠤᠴᠠᠭᠠᠨ᠎ᠤ ᠰᠤᠷᠤᠯᠴᠠᠬᠤ ᠠᠩᠬᠢ᠂ 2 ᠬᠤᠭᠤᠴᠠᠭᠠᠨ᠎ᠤ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠪᠣᠯᠪᠠᠰᠤᠷᠠᠯ᠎ᠤᠨ ᠠᠩᠬᠢ ᠵᠡᠷᠭᠡ᠎ᠶ᠋ᠢ ᠡᠷᠬᠢᠯᠡᠪᠡ᠃ ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠬᠤᠯᠪᠣᠭ᠍ᠳᠠᠯ ᠪᠦᠬᠦᠢ ᠠᠵᠢᠯ᠎ᠤᠨ ᠪᠠᠢᠳᠠᠯ᠎ᠢᠶᠠᠨ ᠴᠠᠭ ᠲᠤᠬᠠᠶ᠎ᠳᠤᠨᠢ ᠮᠡᠳᠡᠭ᠌ᠳᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠲᠤᠬᠠᠶ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠣᠨᠣᠰᠪᠠ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠨᠢ ᠪᠥᠭᠦ᠌ ᠤᠯᠤᠰ᠎ᠤᠨ ᠠᠷᠠᠳ᠎ᠤᠨ ᠳᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠳᠤ ᠬᠠᠮᠵᠢᠨ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢᠳ᠎ᠤᠨ᠂ ᠭᠠᠳᠠᠭᠠᠳᠤ ᠬᠠᠷᠢᠯᠴᠠᠭ᠎ᠠ ᠵᠡᠷᠭᠡ ᠠᠵᠢᠯ᠎ᠢ ᠥᠷᠨᠢᠭᠦᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠪᠦᠬᠦᠯᠢ ᠴᠣᠭ᠍ᠴᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠳᠤ ᠬᠤᠪᠢ ᠨᠡᠮᠡᠷᠢ ᠦᠵᠡᠭᠦᠯᠪᠡ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠣᠯᠤᠭ᠍ᠰᠠᠨ ᠠᠮᠵᠢᠯᠲᠠ ᠪᠦᠲᠦᠮᠵᠢ ᠪᠤᠯ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ᠂ ᠡᠯ᠎ᠡ ᠲᠤᠰᠭᠠᠶ ᠵᠥᠪᠯᠡᠯ᠎ᠤᠨ ᠪᠦᠷᠢᠯᠳᠦᠬᠦᠨ ᠪᠠ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠠᠵᠢᠯᠲᠠᠳ ᠳᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠱᠢᠷᠭᠠᠭᠤ ᠬᠠᠲᠠᠭᠤᠵᠢᠯᠲᠠᠶ ᠠᠵᠢᠯᠯᠠᠭ᠍ᠰᠠᠨ᠎ᠤ ᠦᠷ᠎ᠡ ᠳ᠋ᠦᠩ ᠮᠥᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠨᠢᠭ᠍ᠲᠠ ᠬᠠᠮᠵᠢᠯᠴᠠᠨ᠂ ᠬᠦᠴᠦ᠍᠎ᠪᠠᠨ ᠬᠠᠮᠲᠤᠳᠭᠠᠨ ᠬᠠᠮᠳᠤᠷᠠᠨ ᠠᠵᠢᠯᠯᠠᠭ᠍ᠰᠠᠨ᠎ᠤ ᠦᠷ᠎ᠡ ᠳ᠋ᠦᠩ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠭᠦᠢᠴᠡᠳ ᠢᠲᠡᠭᠡᠵᠦ᠍᠂ ᠢᠳᠡᠪᠬᠢᠲᠡᠶ ᠳᠡᠮᠵᠢᠭ᠌ᠰᠡᠨ᠎ᠤ ᠦᠷ᠎ᠡ ᠳ᠋ᠦᠩ ᠮᠥᠨ᠃ ᠡ᠊ᠨᠳᠡ᠂ ᠪᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!

ᠠᠵᠢᠯ᠎ᠤᠨ ᠳᠤᠮᠳᠠ ᠪᠠᠰᠠ ᠡᠳᠦᠶ ᠲᠡᠳᠦᠶ ᠵᠥᠷᠢᠶ᠎ᠡ ᠪᠠ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠬᠤ᠎ᠶ᠋ᠢ ᠪᠢᠳᠡ ᠰᠡᠷᠭᠡᠭ᠎ᠢᠶᠠᠷ ᠲᠠᠨᠢᠵᠤ ᠤᠯᠪᠠ᠃ ᠬᠠᠤᠯᠢ ᠲᠣᠭ᠍ᠲᠠᠭᠠᠬᠤ ᠶᠠᠰᠤ ᠴᠢᠨᠠᠷ᠎ᠢ ᠮᠥᠨ ᠬᠦ᠌ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠵᠤ᠂ ᠬᠢᠨᠠᠯᠲᠠ ᠲᠠᠯᠪᠢᠬᠤ ᠠᠵᠢᠯ᠎ᠤᠨ ᠪᠣᠳᠠᠲᠤ ᠪᠦᠲᠦᠮᠵᠢ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠶ ᠪᠠᠢᠨ᠎ᠠ᠂ ᠲᠥᠯᠥᠭᠡᠯᠡᠭ᠌ᠴᠢᠳ᠎ᠤᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠤᠢ᠍ᠢᠯᠠᠴᠢᠯᠠᠵᠥ᠍ ᠪᠠᠳᠤᠯᠠᠭ᠎ᠠ ᠬᠠᠨᠭ᠌ᠭᠠᠬᠤ ᠴᠢᠳᠠᠪᠤᠷᠢ ᠪᠠ ᠬᠢᠷᠢ ᠬᠡᠮᠵᠢᠶ᠎ᠡ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠴᠢᠬᠤᠯᠠᠲᠠᠶ ᠪᠠᠢᠵᠥ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡᠨ᠎ᠤ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠬᠤ ᠴᠢᠬᠤᠯᠠᠲᠠᠶ ᠪᠠᠢᠨ᠎ᠠ᠃ ᠪᠠᠢᠩᠭᠤ᠎ᠶ᠋ᠢᠨ ᠬᠤᠷᠢᠶ᠎ᠠ ᠡᠳᠡᠭᠡᠷ ᠠᠰᠠᠭᠤᠳᠠᠯ᠎ᠢ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠍᠂ ᠲᠥᠯᠥᠭᠡᠯᠡᠭ᠌ᠴᠢᠳ ᠪᠠ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ ᠳᠠᠷᠤᠤ ᠬᠢᠴᠢᠶᠡᠩᠭᠦᠶ᠎ᠪᠠᠷ ᠰᠣᠨᠣᠰᠴᠤ᠌᠂ ᠠᠷᠠᠳ ᠲᠦᠮᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠠᠵᠢᠯ᠎ᠢᠶᠠᠨ ᠲᠠᠰᠤᠷᠠᠯᠲᠠ ᠦᠭᠡᠢ ᠴᠢᠩᠭᠠᠳᠭᠠᠨ ᠰᠠᠢᠵᠢᠷᠠᠭᠤᠯᠬᠤ ᠪᠤᠯᠤᠨ᠎ᠠ᠃


ᠬᠤᠢᠱᠢᠳᠠ᠎ᠶ᠋ᠢᠨ ᠨᠢᠭᠡ ᠵᠢᠯ᠎ᠤᠨ ᠡᠭᠦᠷᠭᠡ


2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠃ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠠ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠥᠭᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠳᠥᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠳᠥᠷᠪᠡᠳᠦᠭᠡᠷ ᠪᠥᠬᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠥ᠍᠂ 《ᠬᠤᠶᠠᠷ᠎ᠢ ᠳᠤᠭ᠍ᠳᠠᠭᠠᠭ᠍ᠰᠠᠨ》 ᠎ᠤ ᠱᠢᠢᠳᠪᠦᠷᠢᠯᠡᠭ᠌ᠴᠢ ᠴᠢᠨᠠᠷᠳᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ ᠂ 《ᠳᠥᠷᠪᠡᠨ ᠤᠬᠠᠮᠰᠠᠷ 》 ᠎ᠢᠶᠠᠨ ᠴᠢᠩᠭᠠᠳᠭᠠᠵᠥ᠍᠂ 《ᠳᠥᠷᠪᠡᠨ ᠢᠲᠡᠭᠡᠯ》 ᠎ᠢᠶᠠᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠥ᠍᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠥ᠍᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ᠌᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠪᠦᠬᠦ ᠲᠠᠯ᠎ᠠ ᠪᠡᠷ ᠬᠠᠤᠯᠢ ᠶᠤᠰᠤᠭᠠᠷ ᠤᠯᠤᠰ᠎ᠢᠶᠡᠨ ᠵᠠᠰᠠᠬᠤ ᠪᠠᠢᠷᠢᠯᠠᠭᠤᠯᠤᠯᠳᠠ ᠵᠢᠨ ᠱᠠᠭᠠᠷᠳᠠᠯᠭ᠎ᠠ ᠵᠢ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠥ᠍᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠠᠵᠢᠯᠯᠠᠭᠤᠯᠵᠤ᠂ ᠲᠣᠭ᠍ᠲᠠᠭᠤᠨ ᠪᠠᠢᠯᠭᠠᠬᠤ᠎ᠶ᠋ᠢᠨ ᠵᠠᠷᠭᠡ᠎ᠳᠤ ᠤᠷᠤᠭ᠍ᠰᠢᠯᠠᠭᠤᠯᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠳᠥᠯᠥᠪᠵᠢᠭᠦᠯᠭᠡ᠎ᠶ᠋ᠢᠨ ᠰᠠᠢᠨ ᠡᠬᠢᠯᠡᠯᠲᠡ᠎ᠶ᠋ᠢ ᠪᠡᠶᠡᠯᠡᠭᠦᠯᠬᠦ᠌᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠭᠦ᠌ ᠭᠡᠷᠡᠭ᠌ᠳᠡᠢ᠃

(ᠨᠢᠭᠡ) ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠳᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠤᠨ᠎ᠠ᠃ ᠦᠨᠳᠦᠰᠦᠨ ᠬᠠᠤᠯᠢ᠎ᠪᠠᠷ ᠠᠵᠢᠯᠯᠠᠭᠠᠨ᠎ᠤ ᠦᠨᠳᠦᠰᠦᠨ ᠪᠠᠷᠢᠮᠵᠢᠶ᠎ᠠ ᠪᠣᠯᠭᠠᠬᠤ᠎ᠶ᠋ᠢ ᠪᠠᠷᠢᠮᠳᠠᠯᠠᠵᠤ᠂ ᠦᠨᠳᠦᠰᠦᠨ ᠬᠠᠤᠯᠢ᠎ᠶ᠋ᠢ ᠴᠢᠩᠭ᠎ᠠ ᠵᠢᠷᠤᠮᠯᠠᠨ ᠡᠷᠭᠡ᠎ᠪᠠᠨ ᠭᠡᠷᠡᠭ᠌ᠵᠢᠬᠦᠯᠦᠨ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠱᠢᠨᠵᠢᠯᠡᠬᠦ᠌ ᠤᠬᠠᠭᠠᠨᠴᠢ ᠪᠥᠭᠡᠳ ᠪᠦᠲᠦᠮᠵᠢᠲᠡᠶ᠂ ᠱᠢᠰᠲ᠋ᠧᠮ᠎ᠨᠢ ᠪᠦᠷᠢᠨ ᠲᠡᠭᠦᠯᠳᠡᠷ ᠪᠠᠢᠭᠤᠯᠤᠯ᠎ᠤᠨ ᠱᠢᠰᠲ᠋ᠧᠮ᠎ᠢᠶᠠᠷ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠶ᠋ᠢ ᠪᠠᠳᠤᠯᠠᠨ᠎ᠠ᠃ ᠦᠨᠳᠦᠰᠦᠨ ᠬᠠᠤᠯᠢ ᠪᠠ ᠬᠠᠤᠯᠢ ᠴᠠᠭᠠᠵᠠ ᠵᠢ ᠵᠢᠷᠤᠮᠯᠠᠨ ᠬᠠᠤᠯᠢ ᠲᠤᠬᠳᠠᠭᠠᠬᠤ ᠵᠢ ᠪᠠᠷᠢᠮᠳᠠᠯᠠᠵᠤ᠂ᠦᠨᠳᠦᠰᠦᠨ ᠬᠠᠤᠯᠢ᠎ᠶ᠋ᠢᠨ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠪᠠᠢᠭᠤᠯᠤᠯ᠎ᠢ ᠲᠡᠭᠦᠯᠳᠡᠷᠵᠢᠭᠦᠯᠵᠦ᠍᠂ ᠦᠨᠳᠦᠰᠦᠨ ᠬᠠᠤᠯᠢ᠎ᠶ᠋ᠢᠨ ᠬᠠᠤᠯᠢ ᠲᠣᠭ᠍ᠲᠠᠭᠠᠯᠳᠠ ᠳᠤᠮᠳᠠᠭᠢ ᠭᠤᠤᠯᠯᠠᠬᠤ ᠪᠠᠢᠷᠢ ᠰᠠᠭᠤᠷᠢ ᠪᠠ ᠴᠢᠳᠠᠮᠵᠢ᠎ᠶ᠋ᠢ ᠪᠦᠬᠦ᠌ ᠲᠠᠯ᠎ᠠ᠎ᠪᠠᠷ ᠪᠠᠳᠠᠷᠠᠭᠤᠯᠵᠤ᠂ ᠬᠠᠤᠯᠢ ᠲᠤᠬᠳᠠᠭᠠᠬᠤ ᠭᠤᠬᠴᠤᠭ᠎ᠠ ᠪᠦᠷᠢ᠎ᠳᠡᠬᠢ ᠦᠨᠳᠦᠰᠦᠨ ᠬᠠᠤᠯᠢ ᠵᠢᠨ ᠪᠤᠭᠤᠮᠳᠠ ᠵᠢ ᠴᠢᠩᠳᠠᠯᠠᠨ᠎ᠠ᠃ ᠦᠨᠳᠦᠰᠦᠨ ᠬᠠᠤᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ᠂ ᠲᠠᠩᠰᠠᠯᠠᠵᠤ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠵᠦ᠍᠂ ᠤᠯᠤᠰ᠎ᠤᠨ ᠬᠠᠤᠯᠢ᠎ᠪᠠᠷ ᠵᠠᠰᠠᠬᠤ᠎ᠶ᠋ᠢᠨ ᠨᠢᠭᠡᠳᠦᠯ᠎ᠢ ᠬᠠᠮᠠᠭᠠᠯᠠᠬᠤ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠦᠨᠳᠦᠰᠦᠨ ᠬᠠᠤᠯᠢ᠎ᠶ᠋ᠢᠨ ᠳᠤᠬᠠᠢ  ᠤᠬᠠᠭᠤᠯᠭ᠎ᠠ ᠬᠥᠮᠦᠵᠢᠯ ᠪᠠ ᠤᠨᠤᠯ᠎ᠤᠨ ᠰᠤᠳᠤᠯᠭᠠᠨ᠎ᠢ ᠴᠢᠩᠭᠠᠳᠭᠠᠵᠤ᠂  ᠦᠨᠳᠦᠰᠦᠨ ᠬᠠᠤᠯᠢ᠎ᠳᠦ ᠲᠠᠩᠭᠠᠷᠢᠬᠯᠠᠬᠤ ᠲᠦᠷᠢᠮ᠎ᠢ ᠰᠠᠢᠳᠤᠷ ᠬᠡᠷᠡᠭᠵᠢᠬᠦᠯᠵᠦ᠂ ᠤᠯᠤᠰ᠎ᠦᠨ ᠦᠨᠳᠦᠰᠦᠨ ᠬᠠᠤᠯᠢ ᠵᠢᠨ ᠡᠳᠦᠷ᠎ᠦᠨ ᠠᠵᠢᠯᠯᠠᠭ᠎ᠠ ᠵᠢ  ᠪᠠᠶᠠᠯᠢᠬᠵᠢᠭᠤᠯᠵᠤ᠂ ᠳᠤᠮᠳᠠᠳᠤ ᠤᠯᠤᠰ᠎ᠤᠨ ᠦᠨᠳᠦᠰᠦᠨ ᠬᠠᠤᠯᠢ᠎ᠶ᠋ᠢᠨ ᠦᠯᠢᠭᠡᠷ᠎ᠢ ᠰᠠᠢᠳᠤᠷ ᠶᠠᠷᠢᠨ᠎ᠠ᠃

(ᠬᠤᠶᠠᠷ) ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠬᠠᠤᠯᠢ᠎ᠪᠠᠷ ᠵᠠᠰᠠᠬᠤ ᠬᠢᠭᠡᠳ ᠥᠭᠡᠷᠡᠴᠢᠯᠡᠯᠲᠡ ᠬᠢᠬᠦ᠂ ᠬᠥᠭ᠌ᠵᠢᠬᠦᠯᠬᠦ᠂ ᠲᠣᠭ᠍ᠲᠠᠭᠤᠨ ᠪᠠᠢᠯᠭᠠᠬᠤ᠎ᠶ᠋ᠢ ᠬᠠᠷᠢᠯᠴᠠᠨ ᠬᠠᠮᠵᠢᠯᠴᠠᠭᠤᠯᠬᠤ᠎ᠶ᠋ᠢ ᠨᠠᠩ ᠢᠯᠡᠬᠦᠦ ᠴᠢᠬᠤᠯᠠᠴᠢᠯᠠᠵᠤ᠂ ᠨᠡᠢᠭᠡᠮ᠎ᠤᠨ ᠲᠥᠪ ᠭᠤᠤᠯᠴᠢ ᠱᠢᠳᠤᠷᠭᠤ ᠶᠣᠰᠣ᠎ᠶ᠋ᠢ ᠪᠠᠲᠤᠯᠠᠬᠤ ᠪᠠ ᠠᠬᠢᠭᠤᠯᠬᠤ᠎ᠶ᠋ᠢ ᠨᠡᠩ ᠢᠯᠡᠬᠦᠦ ᠴᠢᠬᠤᠯᠠᠴᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠪᠠᠲᠤᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠭᠤᠤᠯᠳᠠᠯᠭ᠎ᠠ᠎ᠲᠠᠢ ᠬᠦᠷᠢᠶ᠎ᠡ᠂ ᠱᠢᠨ᠎ᠡ᠎ᠪᠠᠷ ᠭᠥᠭ᠌ᠵᠢᠭ᠌ᠰᠡᠨ ᠬᠦᠷᠢᠶ᠎ᠡ᠂ ᠭᠠᠳᠠᠭᠠᠳᠤ᠎ᠳᠤ ᠬᠤᠯᠪᠣᠭ᠍ᠳᠠᠬᠤ ᠬᠦᠷᠢᠶᠡᠨ᠎ᠳᠠᠬᠢ ᠬᠠᠤᠯᠢ ᠲᠣᠭ᠍ᠲᠠᠭᠠᠯᠳᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠬᠤ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠦᠨ᠎ᠡ᠃ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠬᠤ᠎ᠶ᠋ᠢᠨ ᠳᠤᠭᠤᠷᠢᠨ᠎ᠳᠤ᠂ ᠤᠯᠤᠰ᠎ᠤᠨ ᠥᠮᠴᠢᠯᠡᠯ᠎ᠤᠨ ᠪᠡᠯᠨ ᠬᠦᠷᠦᠩᠭᠡ᠎ᠶ᠋ᠢᠨ ᠬᠠᠤᠯᠢ᠎ᠶ᠋ᠢ ᠲᠣᠭ᠍ᠲᠠᠭᠠᠵᠤ᠂ ᠠᠵᠤ ᠠᠬᠤᠢᠯᠠᠯ᠎ᠤᠨ ᠳᠠᠮᠫᠤᠷᠠᠯ᠎ᠤᠨ ᠬᠠᠤᠯᠢ᠂ ᠭᠠᠢᠯᠢ ᠲᠠᠲᠠᠪᠤᠷᠢ ᠲᠠᠲᠠᠪᠤᠷᠢᠯᠠᠬᠤ ᠬᠠᠮᠢᠶᠠᠷᠤᠯᠲᠠ᠎ᠶ᠋ᠢᠨ ᠬᠠᠤᠯᠢ᠂ ᠠᠵᠤ ᠠᠬᠤᠢᠯᠠᠯ᠎ᠤᠨ ᠤᠯᠤᠰ᠎ᠤᠨ ᠥᠮᠴᠢᠯᠡᠯ᠎ᠤᠨ ᠪᠠᠯᠨ ᠬᠦᠷᠦᠩᠭᠡ᠎ᠶ᠋ᠢᠨ ᠬᠠᠤᠯᠢ᠂ ᠳᠠᠩᠰᠠᠯᠠᠭᠤᠯᠤᠭ᠍ᠰᠠᠨ ᠨᠢᠭ᠍ᠲᠠᠯᠠᠨ ᠪᠤᠳᠤᠭ᠍ᠴᠢ᠎ᠶ᠋ᠢᠨ ᠬᠠᠤᠯᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠭᠥᠯᠢᠶᠠᠭᠦ᠌ ᠬᠠᠤᠯᠢ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠂ ᠦᠨ᠎ᠡ ᠬᠠᠩᠰᠢ᠎ᠶ᠋ᠢᠨ ᠬᠠᠤᠯᠢ᠂ ᠲᠠᠸᠠᠷ᠎ᠤᠨ ᠲᠡᠮᠳᠡᠭ᠌ᠲᠦ᠍᠎ᠶ᠋ᠢᠨ ᠬᠠᠤᠯᠢ᠂ ᠬᠤᠳᠠ᠎ᠶ᠋ᠢᠨ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠮᠥᠩᠭᠦᠨ ᠭᠦᠢᠯᠭᠡᠭᠡᠨ᠎ᠤ ᠬᠦᠴᠦᠷᠬᠡᠭ ᠤᠯᠤᠰ᠎ᠢ ᠲᠦᠷᠭᠡᠯᠠᠨ ᠪᠠᠢᠭᠤᠯᠬᠤ᠎ᠶ᠋ᠢᠨ ᠳᠤᠭᠤᠷᠢᠨ᠎ᠳᠤ᠂ ᠮᠥᠩᠭᠦᠨ ᠭᠦᠢᠯᠭᠡᠭᠡᠨ᠎ᠤ ᠬᠠᠤᠯᠢ᠂ ᠮᠥᠩᠭᠦᠨ ᠭᠦᠢᠯᠭᠡᠭᠡ᠎ᠶ᠋ᠢ ᠲᠣᠭ᠍ᠲᠠᠭᠤᠨ ᠪᠠᠢᠯᠭᠠᠬᠤ ᠬᠠᠤᠯᠢ᠎ᠶ᠋ᠢ ᠲᠣᠭ᠍ᠲᠠᠭᠠᠵᠤ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠬᠠᠤᠯᠢ᠂ ᠪᠠᠩᠬᠢ᠎ᠶ᠋ᠢᠨ ᠦᠢᠯᠡᠰ᠎ᠤᠨ ᠬᠢᠨᠠᠠ ᠬᠠᠮᠢᠶᠠᠷᠬᠤ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠲᠠᠷᠢᠶᠠᠯᠠᠩ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠳᠤᠭᠤᠷᠢᠨ᠎ᠳᠤ᠂ ᠲᠠᠷᠢᠶᠠᠨ ᠭᠠᠵᠠᠷ᠎ᠢ ᠬᠠᠮᠠᠭᠠᠯᠠᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠠᠤᠯᠢ᠎ᠶ᠋ᠢ ᠲᠣᠭ᠍ᠲᠠᠭᠠᠵᠤ᠂ ᠲᠠᠷᠢᠶᠠᠯᠠᠩ᠎ᠤᠨ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠴᠢᠩᠭᠠᠳᠭᠠᠬᠤ᠎ᠶ᠋ᠢᠨ ᠳᠤᠭᠤᠷᠢᠨ᠎ᠳᠤ᠂ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠬᠠᠤᠯᠢ᠂ ᠨᠠᠢᠳᠠᠠ ᠰᠠᠭᠠᠲᠠᠭᠤᠯᠬᠤ ᠦᠢᠯᠡᠴᠢᠯᠡᠭᠡᠨ᠎ᠤ ᠬᠠᠤᠯᠢ᠂ ᠨᠡᠢᠭᠡᠮ᠎ᠤᠨ ᠠᠪᠤᠷᠠᠨ ᠲᠤᠰᠠᠯᠠᠬᠤ ᠬᠠᠤᠯᠢ᠂ ᠳᠤᠮᠳᠠᠳᠤ᠎ᠶ᠋ᠢᠨ ᠬᠠᠷᠢᠶᠠᠲᠤ ᠨᠠᠷ᠎ᠤᠨ ᠡᠷᠬᠡ ᠠᠱᠢᠭ᠎ᠢ ᠬᠠᠮᠠᠭᠠᠯᠠᠬᠤ ᠬᠠᠤᠯᠢ᠂ ᠤᠯᠤᠰ᠎ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠳᠠᠨ᠎ᠤ ᠬᠠᠤᠯᠢ᠂ ᠠᠵᠤ ᠦᠢᠯᠡᠰ᠎ᠤᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠬᠠᠤᠯᠢ᠎ᠶ᠋ᠢ ᠲᠣᠭ᠍ᠲᠠᠭᠠᠵᠤ᠂ ᠪᠠᠭ᠍ᠰᠢ᠎ᠶ᠋ᠢᠨ ᠬᠠᠤᠯᠢ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠠᠬᠢᠭᠤᠯᠬᠤ᠎ᠶ᠋ᠢᠨ ᠳᠤᠭᠤᠷᠢᠨ᠎ᠳᠤ᠂ ᠪᠠᠢᠴᠠᠭᠠᠬᠤ ᠪᠠᠢᠭᠤᠯᠭ᠎ᠠ᠎ᠶ᠋ᠢᠨ ᠨᠡᠢᠲᠡ᠎ᠶ᠋ᠢᠨ ᠠᠱᠢᠭ ᠳᠤᠰᠠ᠎ᠶ᠋ᠢᠨ ᠵᠠᠷᠭᠤ᠎ᠶ᠋ᠢᠨ ᠬᠠᠤᠯᠢ᠎ᠶ᠋ᠢ ᠲᠣᠭ᠍ᠲᠠᠭᠠᠵᠤ᠂ ᠡᠷᠡᠭᠦᠤ᠎ᠶ᠋ᠢᠨ ᠵᠠᠷᠭᠤ᠎ᠶ᠋ᠢᠨ ᠬᠠᠤᠯᠢ᠂ ᠭᠢᠨᠳᠠᠨ᠎ᠤ ᠬᠠᠤᠯᠢ᠂ ᠲᠠᠯᠠᠢ᠎ᠶ᠋ᠢᠨ ᠭᠡᠷᠡᠭ᠎ᠤᠨ ᠵᠠᠷᠭᠤ᠎ᠶ᠋ᠢᠨ ᠳᠤᠰᠭᠠᠢ ᠵᠢᠷᠤᠮ᠎ᠤᠨ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠢᠯᠵᠢᠷᠠᠯ᠎ᠢ ᠡᠰᠡᠷᠭᠦᠴᠡᠬᠦ᠌ ᠳᠤᠬᠠᠢ ᠤᠯᠤᠰ᠎ᠤᠨ ᠬᠠᠤᠯᠢ ᠲᠣᠭ᠍ᠲᠠᠭᠠᠯᠲᠠ᠎ᠶ᠋ᠢ ᠠᠬᠢᠭᠤᠯᠬᠤ᠎ᠶ᠋ᠢᠨ ᠳᠤᠭᠤᠷᠢᠨ᠎ᠳᠤ᠂ ᠬᠢᠯᠢ ᠠᠯᠤᠰᠯᠠᠭ᠍ᠰᠠᠨ ᠢᠯᠵᠢᠷᠠᠯ᠎ᠢ ᠡᠰᠡᠷᠭᠦᠴᠡᠬᠦ᠌ ᠬᠠᠤᠯᠢ᠎ᠶ᠋ᠢ ᠲᠣᠭ᠍ᠲᠠᠭᠠᠨ᠎ᠠ᠃ ᠠᠮᠢ ᠠᠬᠤᠶ᠎ᠶ᠋ᠢᠨ ᠣᠷᠴᠢᠨ ᠨᠥᠭᠦᠴᠠᠯ᠎ᠢ ᠬᠠᠮᠠᠭᠠᠯᠠᠬᠤ᠎ᠶ᠋ᠢᠨ ᠳᠤᠭᠤᠷᠢᠨ᠎ᠳᠤ᠂ ᠡᠮᠦᠨᠡᠲᠦ ᠲᠦᠢᠯ᠎ᠳᠠᠬᠢ ᠠᠵᠢᠯᠯᠠᠭ᠎ᠠ ᠪᠠ ᠣᠷᠴᠢᠨ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠤᠯᠢ᠎ᠶ᠋ᠢ ᠲᠣᠭ᠍ᠲᠠᠭᠠᠵᠤ᠂ ᠤᠰᠤᠨ᠎ᠤ ᠬᠠᠤᠯᠢ᠂ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠵᠣᠬᠢᠶᠠᠮᠠᠯ ᠤᠶᠤᠡᠯᠢᠬ ᠵᠡᠷᠭᠡ ᠬᠦᠷᠢᠶᠡᠨ᠎ᠳᠠᠬᠢ ᠬᠠᠤᠯᠢ ᠲᠣᠭ᠍ᠲᠠᠭᠠᠬᠤ ᠰᠤᠳᠤᠯᠭᠠᠨ᠎ᠢ ᠴᠢᠩᠭᠠᠳᠭᠠᠵᠤ᠂ ᠰᠢᠨ᠎ᠡ ᠴᠢᠨᠠᠷ᠎ᠦᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ ᠬᠠᠮᠢᠶ᠎ᠠ ᠪᠦᠬᠦᠢ ᠬᠠᠤᠯᠢ ᠲᠤᠬᠳᠠᠭᠠᠬᠤ ᠠᠵᠢᠯ᠎ᠢ  ᠠᠬᠢᠭᠤᠯᠤᠨ᠎ᠠ᠃ ᠴᠢᠬᠤᠯᠠ ᠶᠡᠭᠡ  ᠥᠭᠡᠷᠡᠴᠢᠯᠡᠯᠲᠡ᠎ᠶ᠋ᠢᠨ ᠠᠷᠭ᠎ᠠ  ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠡᠷᠬᠡ ᠣᠯᠭᠤᠬᠤ ᠲᠣᠭ᠍ᠲᠠᠭᠠᠯ ᠪᠤᠶᠤ ᠥᠭᠡᠷᠡᠴᠢᠯᠡᠯᠲᠡ᠎ᠶ᠋ᠢᠨ ᠲᠣᠭ᠍ᠲᠠᠭᠠᠯ᠎ᠢ ᠬᠠᠤᠯᠢ ᠶᠣᠰᠣᠭᠠᠷ ᠴᠠᠭ ᠲᠤᠬᠠᠶ᠎ᠳᠤᠨᠢ ᠭᠠᠷᠭᠠᠨ᠎ᠠ᠃ ᠠᠮᠢ ᠠᠬᠤᠶ᠎ᠶ᠋ᠢᠨ ᠣᠷᠴᠢᠨ ᠨᠥᠭᠦᠴᠠᠯ᠎ᠤᠨ ᠬᠠᠤᠯᠢ᠎ᠶ᠋ᠢᠨ ᠪᠢᠴᠢᠭ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠵᠡᠷᠭᠡ ᠬᠠᠤᠯᠢ᠎ᠶ᠋ᠢ ᠰᠤᠷᠤᠯᠴᠠᠨ ᠤᠬᠠᠭᠤᠯᠬᠤ᠂ ᠰᠤᠳᠤᠯᠤᠨ ᠲᠠᠢᠯᠪᠤᠷᠢᠯᠠᠬᠤ᠂ ᠲᠤᠭᠤᠱᠢᠯᠠᠭᠤᠯᠤᠨ ᠬᠡᠷᠡᠭ᠌ᠵᠢᠭᠦᠯᠬᠦ᠌  ᠠᠵᠢᠯ᠎ᠢ ᠰᠠᠢᠲᠤᠷ ᠬᠢᠨ᠎ᠠ᠃

(ᠭᠤᠷᠪᠠ) ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ ᠪᠠ ᠪᠦᠳᠦᠮᠵᠢᠳᠦ ᠴᠢᠨᠠᠷ᠎ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ᠎ᠡᠴᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠣᠯᠭᠤᠭ᠍ᠰᠠᠨ ᠬᠢᠨᠠᠯᠲᠠ ᠲᠠᠯᠪᠢᠬᠤ ᠡᠷᠬᠡ᠎ᠶ᠋ᠢ ᠬᠢᠨᠠᠮᠠᠭᠠᠢ ᠬᠡᠷᠡᠭ᠌ᠵᠢᠭᠦᠯᠵᠦ᠍᠂ ᠬᠠᠤᠯᠢ᠎ᠪᠠᠷ ᠲᠣᠭ᠍ᠲᠠᠭᠠᠭ᠍ᠰᠠᠨ ᠬᠢᠨᠠᠯᠲᠠ ᠲᠠᠯᠪᠢᠬᠤ ᠠᠷᠭ᠎ᠠ ᠮᠠᠶᠢᠭ᠎ᠢ ᠨᠢᠭᠡᠳᠦᠯᠲᠡᠶ ᠲᠥᠯᠥᠪᠯᠡᠨ ᠬᠡᠷᠡᠭ᠌ᠯᠡᠵᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠤᠪᠤᠢᠮ᠎ᠠ ᠵᠥᠷᠢᠴᠡᠯ ᠪᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠤᠨ᠂ ᠡᠯ᠎ᠡ ᠲᠠᠯ᠎ᠠ᠎ᠶ᠋ᠢᠨ ᠠᠵᠢᠯ᠎ᠢ ᠬᠠᠤᠯᠢ᠎ᠪᠠᠷ ᠵᠠᠰᠠᠬᠤ᠎ᠶ᠋ᠢ ᠠᠬᠢᠭᠤᠯᠤᠨ᠎ᠠ᠃ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠬᠠᠤᠯᠢ᠂ ᠵᠢᠭᠤᠯᠴᠢᠯᠠᠯ᠎ᠤᠨ ᠬᠠᠤᠯᠢ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠬᠠᠤᠯᠢ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠬᠠᠤᠯᠢ᠂ ᠰᠠᠭᠠᠳ ᠦᠭᠡᠢ ᠣᠷᠴᠢᠨ ᠨᠥᠭᠦᠴᠠᠯ᠎ᠢ ᠪᠦᠲᠦᠭᠡᠨ ᠪᠠᠢᠭᠤᠯᠬᠤ ᠬᠠᠤᠯᠢ᠂ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢ ᠬᠠᠮᠠᠭᠠᠯᠠᠬᠤ ᠬᠠᠤᠯᠢ ᠵᠡᠷᠭᠡ 6 ᠬᠠᠤᠯᠢ ᠴᠠᠭᠠᠵᠠ᠎ᠶ᠋ᠢ ᠬᠡᠷᠡᠭ᠌ᠵᠢᠭᠦᠯᠵᠥ᠍ ᠪᠠᠢᠭ᠎ᠠ ᠪᠠᠢᠳᠠᠯ᠎ᠳᠤ ᠪᠠᠢᠴᠠᠭᠠᠯᠳᠠ ᠭᠢᠨ᠎ᠠ᠃ ᠡᠳ᠋᠎ᠤᠨ ᠵᠠᠰᠠᠭ ᠠᠵᠤ ᠠᠬᠤᠢ᠎ᠶ᠋ᠢᠨ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠲᠥᠯᠥᠪᠯᠡᠭᠡ᠎ᠶ᠋ᠢ  ᠭᠦᠢᠴᠡᠳᠭᠡᠬᠦ᠂ ᠲᠥᠰᠦᠪ᠎ᠢ  ᠭᠦᠢᠴᠡᠳᠭᠡᠬᠦ᠂ ᠲᠥᠰᠦᠪ᠎ᠤᠨ ᠭᠦᠢᠴᠡᠳᠭᠡᠯ᠂ ᠬᠢᠨᠠᠨ ᠪᠤᠳᠤᠬᠤ᠂ ᠮᠥᠩᠭᠦᠨ ᠭᠦᠢᠯᠭᠡᠭᠡ᠂ ᠤᠯᠤᠰ᠎ᠤᠨ ᠥᠮᠴᠢᠯᠡᠯ᠎ᠤᠨ ᠪᠡᠯᠨ ᠬᠦᠷᠦᠩᠭᠡ᠎ᠶ᠋ᠢᠨ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠂ ᠡᠳ᠋᠎ᠤᠨ ᠵᠠᠰᠠᠭ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠪᠡᠯᠡ ᠮᠥᠩᠭᠦ᠎ᠶ᠋ᠢᠨ ᠬᠤᠪᠢᠶᠠᠷᠢᠯᠠᠯᠳᠠ ᠪᠠ ᠬᠡᠷᠡᠭ᠌ᠯᠡᠯᠳᠠ ᠵᠡᠷᠭᠡ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠡᠳ᠋᠎ᠤᠨ ᠵᠠᠰᠠᠭ᠎ᠤᠨ ᠲᠥᠰᠦᠪ᠎ᠤᠨ ᠵᠦᠢᠯᠡᠰ᠎ᠢ ᠲᠠᠩᠰᠠᠯᠠᠵᠤ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠨ᠎ᠠ᠃ ᠪᠦᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠪᠠᠢᠭᠤᠯᠬᠤ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ᠂ ᠰᠣᠶᠣᠯ᠎ᠤᠨ ᠪᠦᠲᠦᠭᠡᠭ᠌ᠳᠡᠬᠦᠨ ᠪᠣᠯᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠠᠯᠪᠠᠨ᠎ᠡᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠥᠭᠡᠷᠡᠴᠢᠯᠡᠯᠲᠡ ᠪᠣᠯᠤᠨ ᠬᠥᠭ᠌ᠵᠢᠯᠲᠡ᠎ᠶ᠋ᠢ ᠠᠭᠢᠭᠤᠯᠬᠤ᠂ ᠡᠮᠨᠡᠯᠭᠡ᠎ᠶ᠋ᠢᠨ ᠳᠠᠭᠠᠳᠭᠠᠯ᠂ ᠣᠷᠴᠢᠨ ᠠᠬᠤᠢ᠎ᠶ᠋ᠢᠨ ᠬᠠᠮᠠᠭᠠᠯᠠᠯᠲᠠ᠂ 《ᠨᠠᠢ᠍ᠮᠠᠳᠤᠭᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ᠌ ᠱᠢᠢᠳᠪᠦᠷᠢ᠎ᠶ᠋ᠢ ᠬᠡᠷᠡᠭ᠌ᠵᠢᠭᠦᠯᠬᠦ᠂ ᠬᠢᠨᠠᠨ ᠪᠠᠢᠴᠠᠭᠠᠬᠤ ᠺᠠᠳ᠋ᠷ᠎ᠤᠨ ᠡᠩᠨᠡᠭᠡ᠎ᠶ᠋ᠢᠨ ᠪᠠᠢᠭᠤᠯᠤᠯᠲᠠ᠂ ᠠᠷᠠᠳ᠎ᠤᠨ ᠬᠠᠪᠰᠤᠷᠤᠨ ᠱᠢᠭᠦᠭ᠌ᠴᠢ᠎ᠶ᠋ᠢᠨ ᠠᠵᠢᠯ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠪᠠᠢᠴᠠᠭᠠᠬᠤ ᠠᠵᠢᠯ ᠵᠡᠷᠭᠡ᠎ᠶ᠋ᠢᠨ ᠲᠣᠭᠤᠷᠢᠨ᠎ᠳᠤ 《ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ》 ᠎ᠶ᠋ᠢᠨ ᠲᠤᠰᠭᠠᠶ ᠠᠵᠢᠯ᠎ᠤᠨ ᠢᠯᠠᠳᠭᠡᠯ᠎ᠢ ᠰᠣᠨᠣᠰᠴᠤ᠌ ᠬᠢᠨᠠᠨ ᠶᠠᠷᠢᠯᠴᠠᠨ᠎ᠠ᠃ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠂ ᠳᠤᠮᠳᠠᠳᠤ᠎ᠶ᠋ᠢᠨ ᠬᠠᠷᠢᠶᠠᠲᠤ ᠨᠠᠷ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ ᠨᠠᠷ ᠪᠠ ᠬᠠᠷᠢᠶᠠᠲᠤ ᠨᠠᠷ᠎ᠤᠨ ᠬᠡᠷ ᠪᠦᠯᠢ᠎ᠶ᠋ᠢᠨ ᠡᠷᠬᠡ ᠠᠱᠢᠭ᠎ᠢ ᠬᠠᠮᠠᠭᠠᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠤᠯᠤᠰ᠎ᠤᠨ ᠥᠮᠴᠢᠯᠡᠯ᠎ᠤᠨ ᠬᠤᠳᠠᠯᠳᠤᠭᠠᠨ᠎ᠤ ᠪᠠᠩᠬᠢ᠎ᠶ᠋ᠢᠨ ᠡᠷᠡᠭᠦᠯ ᠪᠤᠰᠤ ᠡᠳ᠋ ᠬᠥᠷᠥᠩᠭᠡ᠎ᠶ᠋ᠢᠨ ᠬᠠᠮᠢᠶᠠᠷᠤᠯᠲᠠ᠂ ᠤᠯᠤᠰ᠎ᠤᠨ ᠤᠰᠤᠨ᠎ᠤ ᠲᠣᠤᠷ᠎ᠤᠨ ᠪᠥᠲᠥᠭᠡᠨ ᠪᠠᠢᠭᠤᠯᠤᠯᠲᠠ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ᠎ᠤ ᠪᠠᠢᠭᠤᠯᠤᠯᠲᠠ᠂ ᠬᠢᠯᠢ᠎ᠶ᠋ᠢᠨ ᠭᠠᠳᠠᠨᠠᠬᠢ ᠬᠥᠮᠦᠰ᠎ᠤᠨ ᠬᠢᠯᠢ᠎ᠳᠤ ᠣᠷᠣᠵᠤ ᠢᠷᠠᠨ ᠠᠮᠢᠳᠤᠷᠠᠬᠤ᠎ᠳᠤ ᠲᠥᠬᠦᠮ ᠦᠵᠡᠭᠦᠯᠬᠦ᠌ ᠲᠦᠷᠢᠮ᠎ᠢ ᠲᠡᠭᠦᠯᠳᠡᠷᠵᠢᠭᠦᠯᠬᠦ᠌ ᠵᠡᠷᠭᠡ᠎ᠶ᠋ᠢᠨ ᠲᠣᠭᠤᠷᠢᠨ᠎ᠳᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠤᠨ᠎ᠠ᠃

(ᠳᠥᠷᠪᠡ) ᠲᠥᠯᠥᠭᠡᠯᠡᠭ᠌ᠴᠢ᠎ᠶ᠋ᠢᠨ ᠬᠠᠤᠯᠢ ᠶᠣᠰᠣᠭᠠᠷ ᠳᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠦ᠎ᠳᠤ ᠤᠢ᠍ᠢᠯᠠᠴᠢᠯᠠᠵᠥ᠍ ᠪᠠᠳᠤᠯᠠᠭ᠎ᠠ ᠬᠠᠨᠭ᠌ᠭᠠᠨ᠎ᠠ᠃ ᠪᠠᠢᠩᠭᠤ ᠵᠢᠨ ᠬᠤᠷᠢᠶ᠎ᠠ ᠲᠦᠯᠦᠬᠡᠯᠡᠭᠴᠢ ᠲᠠᠢ ᠪᠠᠨ ᠬᠠᠷᠢᠯᠴᠠᠬᠤ᠂ ᠲᠦᠯᠦᠬᠡᠯᠡᠭᠴᠢ ᠠᠷᠠᠳ ᠲᠦᠮᠡᠨ ᠲᠠᠢ ᠪᠠᠨ ᠬᠠᠷᠢᠯᠴᠠᠬᠤ ᠶ᠋ᠢ ᠭᠦᠨᠵᠡᠭᠡᠢ ᠠᠬᠢᠭᠤᠯᠬᠤ᠎ᠪᠠᠷ ᠭᠠᠷᠳᠠᠴᠠ ᠪᠣᠯᠭᠠᠵᠤ᠂ ᠲᠥᠯᠥᠭᠡᠯᠡᠭ᠌ᠴᠢᠳ᠎ᠤᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯᠯᠠᠭ᠎ᠠ᠎ᠶ᠋ᠢᠨ ᠲᠥᠯᠥᠪᠯᠡᠭᠡᠲᠦ ᠴᠢᠨᠠᠷ᠂ ᠵᠣᠬᠢᠶᠠᠨ ᠪᠠᠢᠭᠤᠯᠤᠯᠳᠠᠲᠤ ᠴᠢᠨᠠᠷ᠂ ᠵᠢᠷᠤᠮᠵᠢᠯᠳᠦ ᠴᠢᠨᠠᠷ᠂ ᠪᠦᠲᠦᠮᠵᠢᠲᠦ ᠴᠢᠨᠠᠷ᠎ᠢ ᠨᠡᠮᠡᠭ᠌ᠳᠡᠭᠦᠯᠦᠨ᠎ᠡ᠃ ᠣᠯᠠᠨ ᠵᠦᠢᠯ᠎ᠤᠨ ᠠᠷᠭ᠎ᠠ ᠮᠠᠶᠢᠭ᠎ᠢᠶᠠᠷ ᠳᠠᠮᠵᠢᠭᠤᠯᠤᠨ ᠲᠥᠯᠥᠭᠡᠯᠡᠭ᠌ᠴᠢᠳ᠎ᠲᠤ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠪᠠᠢᠳᠠᠯ᠎ᠢ ᠮᠡᠳᠡᠭ᠌ᠳᠡᠵᠦ᠍᠂ ᠲᠥᠯᠥᠭᠡᠯᠡᠭ᠌ᠴᠢᠳ᠎ᠤᠨ ᠰᠠᠨᠠᠯ ᠰᠠᠨᠠᠭᠤᠯᠭ᠎ᠠ᠎ᠶ᠋ᠢ ᠪᠠᠢᠩᠭᠤ᠎ᠶ᠋ᠢᠨ ᠴᠢᠨᠠᠷᠲᠠᠶ ᠰᠣᠨᠣᠰᠴᠤ᠌ ᠂ ᠲᠥᠯᠥᠭᠡᠯᠡᠭ᠌ᠴᠢᠳ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠳᠤ ᠣᠷᠣᠯᠴᠠᠬᠤ᠎ᠶ᠋ᠢ ᠭᠦᠨᠵᠡᠭᠡᠢᠷᠡᠭᠦᠯᠤᠨ᠎ᠠ᠃ ᠲᠥᠯᠥᠭᠡᠯᠡᠭ᠌ᠴᠢᠳ᠎ᠤᠨ ᠠᠷᠠᠳ ᠤᠯᠠᠨ᠎ᠲᠠᠢ ᠨᠢᠭ᠍ᠲᠠ ᠬᠠᠷᠢᠯᠴᠠᠵᠤ᠂ ᠠᠷᠠᠳ᠎ᠤᠨ ᠰᠠᠨᠠᠭ᠎ᠠ ᠠᠷᠠᠳ᠎ᠤᠨ ᠤᠶᠤᠨ ᠤᠬᠠᠭᠠᠨ᠎ᠢ ᠰᠠᠨᠠᠯ ᠵᠥᠪᠯᠡᠯᠭᠡ ᠰᠠᠨᠠᠭᠤᠯᠭ᠎ᠠ ᠪᠠ ᠬᠢᠨᠠᠨ ᠶᠠᠷᠢᠯᠴᠠᠬᠤ ᠶᠠᠷᠢᠶᠠᠨ᠎ᠤ ᠳᠤᠮᠳᠠ᠎ᠪᠠᠨ ᠨᠡᠩ ᠰᠠᠢᠨ ᠲᠤᠰᠭᠠᠬᠤ᠎ᠶ᠋ᠢ ᠳᠠᠮᠵᠢᠨ᠎ᠠ᠃ ᠲᠥᠯᠥᠭᠡᠯᠡᠭ᠌ᠴᠢᠳ᠎ᠤᠨ ᠪᠠᠢᠴᠠᠭᠠᠨ ᠦᠵᠡᠵᠦ᠍ ᠪᠠᠢᠴᠠᠭᠠᠨ ᠰᠤᠳᠤᠯᠤᠯᠳᠠ ᠭᠢᠭᠦ᠎ᠶ᠋ᠢ ᠰᠠᠢᠲᠤᠷ ᠵᠣᠬᠢᠶᠠᠨ ᠪᠠᠢᠭᠤᠯᠤᠨ᠎ᠠ᠃ ᠲᠦᠯᠦᠭᠡᠯᠡᠭᠴᠢ ᠵᠢᠨ ᠪᠤᠯᠪᠠᠰᠤᠷᠠᠯ᠎ᠦᠨ ᠠᠵᠢᠯ᠎ᠢ ᠦᠨᠡᠨ᠎ᠬᠦ ᠰᠠᠢᠳᠤᠷ ᠬᠢᠨ᠎ᠠ ᠃ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠪᠠ ᠰᠠᠨᠠᠭᠤᠯᠭ᠎ᠠ ᠳᠤᠷᠠᠳᠭᠤ ᠠᠵᠢᠯ᠎ᠢ ᠴᠢᠨᠠᠷ ᠰᠠᠢᠲᠠᠶ ᠰᠠᠢᠲᠤᠷ ᠬᠢᠨ᠎ᠠ᠃ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠵᠥ᠍ ᠪᠠᠲᠤᠯᠠᠭ᠎ᠠ ᠬᠠᠨᠭ᠌ᠭᠠᠬᠤ ᠪᠠ ᠬᠢᠨᠠᠯᠲᠠ ᠳᠠᠯᠪᠢᠵᠥ᠍ ᠬᠠᠮᠢᠶᠠᠷᠬᠤ᠎ᠪᠠᠨ ᠴᠢᠩᠭᠠᠳᠭᠠᠨ᠎ᠠ᠃ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ ᠪᠠ ᠰᠣᠩᠭᠤᠭᠤᠯᠢ᠎ᠶ᠋ᠢᠨ ᠬᠠᠤᠯᠢ ᠵᠡᠷᠭᠡ ᠬᠠᠤᠯᠢ ᠴᠠᠭᠠᠵᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠨᠢᠭᠡ ᠡᠭᠡᠯᠵᠢ᠎ᠶ᠋ᠢᠨ ᠪᠦᠬᠦ᠌ ᠤᠯᠤᠰ᠎ᠤᠨ ᠱᠢᠶᠠᠨ ᠱᠢᠶᠠᠩ ᠬᠤᠶᠠᠷ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠤᠭᠤᠯᠢ᠎ᠶ᠋ᠢᠨ ᠬᠤᠯᠪᠣᠭ᠍ᠳᠠᠯ ᠪᠦᠬᠦᠢ ᠠᠵᠢᠯ᠎ᠢ ᠰᠠᠢᠲᠤᠷ ᠬᠢᠨ᠎ᠠ᠃ ᠰᠤᠩᠭᠤᠭᠤᠯᠢ ᠵᠢᠨ ᠠᠵᠢᠯ ᠎ᠦᠨ ᠲᠦᠪ ᠭᠤᠤᠯᠴᠢ ᠪᠠᠢᠬᠤ ᠪᠤᠯᠤᠨ ᠰᠤᠩᠭᠤᠭᠤᠯᠢ ᠵᠢᠨ ᠦᠷ᠎ᠡ ᠎ᠳ᠋ᠦᠩ ᠎ᠳᠦ ᠠᠷᠠᠳ ᠲᠦᠮᠡᠨ ᠰᠡᠳᠬᠢᠯ ᠬᠠᠨᠤᠮᠵᠢᠳᠠᠢ ᠪᠠᠢᠬᠤ ᠵᠢ ᠪᠠᠳᠤᠯᠠᠨ᠎ᠠ᠃

(ᠲᠠᠪᠤ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠢᠳᠡᠪᠬᠢᠲᠡᠶ ᠥᠷᠨᠢᠭᠦᠯᠤᠨ᠎ᠠ᠃ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠷᠦᠩᠬᠡᠶ ᠪᠠᠢᠷᠢᠯᠠᠭᠤᠯᠤᠯᠲᠠ᠎ᠶ᠋ᠢᠨ ᠲᠣᠭᠤᠷᠢᠨ᠎ᠳᠤ᠂ ᠤᠯᠤᠰ᠎ᠤᠨ ᠲᠡᠷᠢᠭᠦᠨ᠎ᠤ ᠭᠠᠳᠠᠭᠠᠳᠤ ᠬᠠᠷᠢᠯᠴᠠᠭ᠎ᠠ᠎ᠪᠠᠷ ᠭᠥᠳᠤᠯᠤᠨ ᠳᠠᠭᠠᠭᠤᠯᠭ᠎ᠠ ᠪᠣᠯᠭᠠᠬᠤ᠎ᠶ᠋ᠢ ᠪᠠᠷᠢᠮᠳᠠᠯᠠᠵᠥ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠭᠦᠷᠭᠡ ᠴᠢᠳᠠᠪᠤᠷᠢ ᠲᠤᠱᠢᠶᠠᠯ ᠬᠠᠷᠢᠭᠤᠴᠠᠯᠭ᠎ᠠ᠎ᠳᠤ ᠰᠠᠭᠤᠷᠢᠯᠠᠨ᠂ ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ᠂ ᠤᠯᠠᠨ ᠤᠯᠤᠰ᠎ᠤᠨ ᠪᠠ ᠭᠠᠵᠠᠷ ᠤᠷᠤᠨ᠎ᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠨ᠎ᠠ᠃ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠭ᠌ᠰᠡᠨ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ ᠭᠠᠳᠠᠭᠠᠳᠤ ᠤᠬᠠᠭᠤᠯᠭ᠎ᠠ ᠲᠠᠨᠢᠯᠴᠠᠭᠤᠯᠭ᠎ᠠ᠎ᠶ᠋ᠢ ᠪᠦᠲᠦᠮᠵᠢᠲᠡᠢ ᠥᠷᠨᠢᠭᠦᠯᠵᠦ᠍᠂ ᠲᠤᠰᠭᠠᠢ ᠰᠡᠳᠦᠪᠲᠦ ᠴᠢᠨᠠᠷᠲᠠᠢ᠂ ᠲᠤᠰᠭᠠᠢ ᠮᠡᠷᠭᠡᠵᠢᠯ᠎ᠤᠨ ᠴᠢᠨᠠᠷᠲᠠᠢ ᠰᠣᠯᠢᠯᠴᠠᠭ᠎ᠠ᠎ᠶ᠋ᠢ ᠠᠬᠢᠭᠤᠯᠤᠨ᠎ᠠ᠃ ᠰᠠᠨᠠᠭᠠᠴᠢᠯᠠᠭ᠎ᠠ᠎ᠠᠴᠠ᠎ᠪᠠᠨ ᠥᠵᠠᠯ ᠪᠤᠳᠤᠯ᠎ᠢᠶᠠᠨ ᠢᠯᠠᠷᠭᠡᠢᠯᠠᠵᠥ᠍ ᠂ ᠵᠣᠷᠢᠭ᠍ᠲᠠᠢ᠎ᠪᠠᠷ ᠲᠡᠮᠡᠴᠡᠯ ᠭᠢᠵᠥ᠍ ᠴᠢᠳᠠᠮᠠᠭᠠᠢ᠎ᠪᠠᠷ ᠲᠡᠮᠡᠴᠡᠯ ᠭᠢᠵᠥ᠍᠂ᠬᠦᠴᠦᠷᠬᠡᠬᠯᠡᠯ᠎ᠦᠨ ᠦᠵᠡᠯ ᠪᠠ ᠬᠦᠴᠦᠷᠬᠡᠭᠯᠡᠯ᠎ᠦᠨ ᠤᠯᠤᠰ ᠲᠦᠷᠦ ᠵᠢ ᠡᠰᠡᠷᠬᠦᠴᠡᠨ᠎ᠡ᠃ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠨ᠎ᠠ᠃

(ᠵᠢᠷᠭᠤᠭ᠎ᠠ) 《ᠳᠥᠷᠪᠡᠨ ᠪᠠᠢᠭᠤᠯᠭ᠎ᠠ》 ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶ᠋ᠢᠨ ᠡᠯ᠎ᠡ ᠵᠦᠢᠯ᠎ᠤᠨ ᠳᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠨᠠᠮ᠎ᠤᠨ ᠱᠢᠨ᠎ᠡ ᠡᠭᠦᠳᠥᠯᠳᠠ᠎ᠶ᠋ᠢᠨ ᠤᠨᠤᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠱᠢᠭᠤᠷᠬᠠᠢ ᠪᠥᠭᠡᠳ ᠬᠦᠴᠦᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ᠃ ᠵᠠᠰᠠᠭ᠎ᠤᠨ ᠠᠵᠢᠯ᠎ᠤᠨ ᠠᠮᠵᠢᠯᠳᠠ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠦᠮᠦᠵᠢᠯ᠎ᠢ ᠨᠠᠷᠢᠨ ᠬᠢᠨᠠᠮᠠᠭᠠᠶ ᠥᠷᠨᠢᠭᠦᠯᠵᠦ᠍᠂ ᠠᠷᠠᠳ ᠲᠦᠮᠡᠨ᠎ᠤ ᠲᠥᠯᠥᠭᠡ ᠠᠵᠢᠯ᠎ᠤᠨ ᠠᠮᠵᠢᠯᠳᠠ ᠭᠠᠷᠭᠠᠬᠤ᠂ ᠪᠣᠳᠠᠲᠠᠶ ᠠᠵᠢᠯᠯᠠᠵᠥ᠍ ᠠᠵᠢᠯ᠎ᠤᠨ ᠠᠮᠵᠢᠯᠳᠠ ᠭᠠᠷᠭᠠᠬᠤ᠎ᠶ᠋ᠢ ᠪᠠᠷᠢᠮᠲᠠᠯᠠᠵᠤ᠂ ᠪᠣᠳᠠᠲᠠᠢ᠎ᠠᠴᠠ ᠡᠬᠦᠰᠤᠨ᠂ ᠵᠢᠮ᠎ᠡ  ᠶᠣᠰᠣ᠎ᠪᠠᠷ ᠠᠵᠢᠯ ᠶᠠᠪᠤᠳᠠᠯ ᠭᠢᠵᠥ᠍ ᠂ ᠠᠵᠢᠯ᠎ᠤᠨ ᠶᠠᠰᠤ ᠴᠢᠨᠠᠷ ᠦᠷ᠎ᠡ ᠪᠥᠳᠤᠮᠵᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠪᠦᠷᠢᠨ ᠵᠠᠭᠤᠴᠢᠯᠠᠭᠤᠷ᠎ᠤᠨ ᠠᠭᠤᠯᠭ᠎ᠠ᠎ᠶ᠋ᠢᠨ ᠬᠠᠩᠭᠠᠯᠭ᠎ᠠ᠎ᠶ᠋ᠢ ᠪᠠᠶᠠᠯᠢᠭ᠍ᠵᠢᠭᠤᠯᠤᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠠᠯ᠎ᠤᠨ ᠤᠬᠠᠭᠤᠯᠭ᠎ᠠ᠎ᠶ᠋ᠢᠨ ᠤᠯᠠᠮᠵᠢᠯᠠᠠ ᠳᠠᠷᠬᠠᠭᠠᠬᠤ ᠬᠦᠴᠦᠨ᠂ ᠨᠥᠯᠥᠭᠡᠯᠡᠬᠦ᠌ ᠬᠦᠴᠦᠨ᠎ᠢ ᠨᠡᠮᠡᠭ᠌ᠳᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠳᠤᠬᠠᠢ ᠤᠨᠤᠯ ᠪᠠ ᠦᠢᠯᠡᠳᠦᠯᠭᠡ᠎ᠶ᠋ᠢᠨ ᠰᠤᠳᠤᠯᠭᠠᠨ᠎ᠢ ᠴᠢᠩᠭᠠᠳᠭᠠᠨ᠎ᠠ᠃ ᠳ᠋ᠢᠵᠢᠲ᠋ᠠᠯᠴᠢᠯᠠᠭ᠍ᠰᠠᠨ᠂ ᠤᠶᠤᠨᠴᠢᠯᠠᠭ᠍ᠰᠠᠨ ᠠᠷᠭ᠎ᠠ ᠪᠠᠷᠢᠯ᠎ᠢᠶᠠᠷ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠥᠵᠠᠯ ᠤᠬᠠᠮᠰᠠᠷ᠎ᠤᠨ ᠬᠥᠮᠦᠵᠢᠯ᠎ᠢ ᠴᠢᠩᠭᠠᠳᠭᠠᠵᠤ᠂ ᠰᠤᠷᠲᠠᠯ᠎ᠤᠨ ᠪᠠᠢᠭᠤᠯᠤᠯᠲᠠ᠂ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠪᠠ ᠤᠷᠳᠤ ᠬᠤᠭᠤᠴᠠᠭᠠᠨ᠎ᠤ ᠪᠦᠲᠦᠮᠵᠢᠲᠡᠢ ᠪᠠᠢᠯᠭᠠᠬᠤ᠎ᠶ᠋ᠢ ᠠᠬᠢᠭᠤᠯᠤᠨ᠎ᠠ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠠᠵᠢᠯ᠎ᠤᠨ ᠬᠠᠷᠢᠯᠴᠠᠭ᠎ᠠ ᠪᠠ ᠬᠠᠮᠵᠢᠯᠴᠠᠭ᠎ᠠ᠎ᠪᠠᠨ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠢᠷᠢ ᠬᠡᠮᠵᠢᠶ᠎ᠡ᠎ᠶ᠋ᠢ ᠬᠠᠮᠲᠤ᠎ᠪᠠᠷ ᠳᠡᠭᠡᠭ᠌ᠰᠢᠯᠡᠭᠦᠯᠤᠨ᠎ᠠ᠃

ᠲᠥᠯᠥᠭᠡᠯᠡᠭ᠌ᠴᠢᠳ ᠡ!

ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠠ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠠᠭᠦᠥ ᠨᠢᠭ᠍ᠲᠠᠷᠠᠨ ᠪᠦᠯᠬᠦᠮᠳᠡᠵᠦ᠍᠂ ᠢᠲᠡᠭᠡᠯ ᠵᠣᠷᠢᠭ᠎ᠢᠶᠠᠨ ᠪᠠᠲᠤᠳᠭᠠᠨ᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠤᠷᠤᠭ᠍ᠰᠢᠯᠠᠵᠤ᠂ ᠢᠷᠮᠠᠭᠦᠠ ᠵᠤᠷᠢᠭ᠍ᠳᠠᠢ᠎ᠪᠠᠷ ᠤᠷᠤᠭ᠍ᠰᠢᠯᠠᠨ ᠳᠠᠪᠱᠢᠵᠥ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠬᠦᠳᠦᠨ ᠨᠡᠭᠡᠬᠡᠭᠦ᠎ᠶ᠋ᠢᠨ ᠲᠥᠯᠥᠭᠡ ᠬᠠᠮᠲᠤ᠎ᠪᠠᠷ ᠲᠡᠮᠡᠴᠡᠵᠡᠭᠡᠶ᠎ᠡ!


(ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 15 ᠤ᠋ ᠴᠡᠬᠢᠯᠭᠠᠨ ᠮᠡᠳᠡᠭᠡ᠂ ᠲᠤᠮᠳᠠᠳᠤ ᠤᠯᠤᠰ᠎ᠤᠨ ᠦᠨᠳᠦᠰᠦᠳᠠᠨ᠎ᠦ ᠬᠡᠯᠡᠨ᠎ᠦ  ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号