ᠲᠢᠩ · ᠪᠠᠭᠠᠲᠤᠷ ᠭᠡᠱᠢᠭᠦᠨ ᠄ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ ᠎ᠦ ᠰᠡᠳᠭᠢᠯ ᠵᠢᠷᠦᠬᠡᠨ᠎ᠳᠦᠨᠢ ᠬᠦᠷᠭᠡᠨ᠎ᠡ
2026-03-18 10:08:26
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 12 ᠎ᠤ᠋ᠨ ᠡᠳᠦᠷ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠎ᠦ ᠭᠡᠱᠢᠭᠦᠨ᠂ ᠱᠢᠯᠢ᠎ᠶ᠋ᠢᠨ ᠭᠤᠤᠯ ᠠᠢᠮᠠᠭ᠎ᠤᠨ ᠠᠪᠠᠭ᠎ᠠ ᠬᠣᠱᠢᠭᠤᠨ᠎ᠤ ᠬᠣᠩᠭᠣᠷᠭᠤᠤᠯ ᠪᠠᠯᠭᠠᠰᠤᠨ ᠎ᠤ ᠰᠠᠷᠠᠭᠤᠯᠲᠤᠶᠠᠭ᠎ᠠ ᠭᠠᠴᠠᠭᠠᠨ᠎ᠤ ᠤᠤᠯ᠎ᠤᠨ ᠨᠠᠮ᠎ᠤᠨ ᠡᠭᠦᠷ᠎ᠦᠨ ᠱᠦᠵᠢ ᠲᠢᠩ·ᠪᠠᠭᠠᠲᠤᠷ᠂ ᠪᠥᠬᠥ᠌ ᠤᠯᠤᠰ᠎ᠤᠨ ᠬᠣᠶᠠᠷ ᠬᠤᠷᠠᠯ ᠲᠡᠭᠦᠰᠴᠤ ᠨᠤᠲᠤᠭ ᠲᠠᠭᠠᠨ ᠪᠤᠴᠠᠭᠰᠠᠨ᠎ᠦ ᠳᠠᠷᠠᠭ᠎ᠠ᠂ ᠺᠠᠳ᠋ᠷ ᠣᠯᠠᠨ ᠲᠦᠮᠡᠨ᠎ᠳᠦ ᠬᠣᠶᠠᠷ ᠬᠤᠷᠠᠯ ᠎ᠤᠨ ᠵᠣᠷᠢᠭ ᠰᠠᠨᠠᠭ᠎ᠠ ᠎ᠶ᠋ᠢ ᠲᠡᠷᠡ ᠳᠠᠷᠤᠶ᠎ᠳᠤᠨᠢ ᠤᠯᠠᠮᠵᠢᠯᠠᠵᠤ᠂ ᠡᠭᠦᠷᠭᠡ ᠲᠤᠱᠢᠶᠠᠯ ᠵᠢᠨᠨ ᠭᠦᠶ᠋ᠴᠡᠳᠭᠡᠭ᠌ᠰᠡᠨ ᠣᠯᠤᠯᠲᠠ᠎ᠪᠠᠨ ᠬᠤᠪᠢᠶᠠᠯᠴᠠᠨ᠂ ᠲᠥᠷᠥ᠎ᠶ᠋ᠢᠨ ᠪᠣᠳᠣᠯᠭ᠎ᠠ᠎ᠶ᠋ᠢᠨ 《ᠰᠠᠢᠨ ᠲᠠᠭᠤᠨ》  ᠢ᠋ ᠳᠠᠮᠵᠢᠭᠤᠯᠪᠠ᠃

ᠲᠤᠰ ᠡᠳᠦᠷ᠂ ᠠᠪᠠᠭ᠎ᠠ ᠬᠣᠱᠢᠭᠤᠨ᠎ᠤ ᠬᠣᠩᠭᠣᠷᠭᠣᠣᠯ ᠪᠠᠯᠭᠠᠰᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ ᠎ᠤ ᠦᠢᠯᠡᠳᠦᠯᠭᠡ᠎ᠶ᠋ᠢᠨ ᠭᠠᠵᠠᠷ᠎ᠤᠨ ᠰᠤᠷᠤᠯᠴᠠᠯᠭ᠎ᠠ᠎ᠶ᠋ᠢᠨ ᠶᠡᠬᠡ ᠬᠢᠴᠢᠶᠡᠯ᠎ᠦᠨ ᠲᠠᠩᠬᠢᠮ᠎ᠳᠤ ᠬᠦᠮᠦᠰ ᠲᠦᠭᠦᠷᠡᠲᠡᠯ᠎ᠡ ᠰᠠᠭᠤᠯᠴᠠᠵᠤ᠂ ᠪᠠᠯᠭᠠᠰᠤᠨ᠎ᠤ ᠪᠠᠢᠭᠤᠯᠭ᠎ᠠ᠎ᠶ᠋ᠢᠨ ᠺᠠᠳ᠋ᠷ᠂ ᠭᠠᠴᠠᠭᠠᠨ ᠎ᠤ 《ᠬᠣᠶᠠᠷ ᠵᠥᠪᠯᠡᠯ》 ᠤ᠋ᠨ ᠪᠦᠷᠢᠯᠳᠦᠬᠦᠨ᠂ ᠮᠠᠯᠴᠢᠨ ᠨᠠᠮ᠎ᠤᠨ ᠭᠡᠱᠢᠭᠦᠨ ᠵᠢᠴᠢ ᠮᠠᠯᠴᠢᠳ ᠎ᠤᠨ ᠲᠥᠯᠥᠭᠡᠯᠡᠭ᠌ᠴᠢ ᠨᠢᠭᠡ ᠲᠠᠩᠬᠢᠮ᠎ᠳᠤ ᠴᠤᠭ᠍ᠯᠠᠷᠠᠵᠤ᠂ ᠤᠬᠠᠭᠤᠯᠤᠨ ᠲᠠᠢᠯᠪᠤᠷᠢᠯᠠᠯᠲᠠ ᠎ᠶ᠋ᠢ ᠨᠠᠷᠢᠨ ᠬᠢᠨᠠᠮᠠᠭᠠᠢ ᠰᠣᠨᠣᠰᠪᠠ᠃ ᠲᠢᠩ·ᠪᠠᠭᠠᠲᠤᠷ ᠬᠤᠷᠠᠯ᠎ᠳᠤ ᠣᠷᠣᠯᠴᠠᠭ᠍ᠰᠠᠨ ᠲᠤᠬᠠᠢ ᠦᠪᠡᠷ ᠎ᠤᠨ ᠲᠥᠷᠥᠭ᠌ᠳᠡᠯ ᠪᠠ ᠡᠭᠦᠷᠭᠡ ᠬᠠᠷᠢᠭᠤᠴᠠᠯᠭ᠎ᠠ ᠎ᠪᠠᠨ ᠭᠦᠶ᠋ᠴᠡᠳᠭᠡᠭ᠌ᠰᠡᠨ ᠦᠶ᠋ᠯᠡᠳᠦᠯᠭᠡ᠎ᠲᠡᠶ᠎ᠪᠡᠨ ᠤᠶᠠᠯᠳᠤᠭᠤᠯᠤᠨ᠂ ᠮᠠᠯᠵᠢᠬᠤ ᠣᠷᠣᠨ ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠡᠭᠡᠯ ᠪᠣᠷᠣᠭ᠍ᠵᠢᠭᠤᠨ ᠦᠭᠡ ᠬᠡᠯᠡ᠂ ᠠᠮᠢᠳᠤᠯᠢᠭ ᠬᠡᠷᠡᠭ᠎ᠦᠨ ᠵᠢᠱ᠌ᠢᠶ᠎ᠡ᠎ᠪᠡᠷ ᠬᠣᠶᠠᠷ ᠬᠤᠷᠠᠯ ᠡᠴᠡ ᠳᠤᠷᠠᠳᠤᠭ᠍ᠰᠠᠨ ᠱᠢᠨ᠎ᠡ ᠲᠥᠷᠥ᠎ᠶ᠋ᠢᠨ ᠪᠣᠳᠣᠯᠭ᠎ᠠ᠂ ᠱᠢᠨ᠎ᠡ ᠣᠢᠯᠠᠭᠠᠭ᠍ᠳᠠᠬᠤᠨ᠂ ᠱᠢᠨ᠎ᠡ ᠱᠠᠭᠠᠷᠳᠠᠯᠭ᠎ᠠ᠎ᠶ᠋ᠢ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ ᠎ᠦ  ᠰᠡᠳᠭᠢᠯ᠎ᠵᠢᠷᠦᠬᠡᠨ ᠎ᠳᠤ ᠣᠨᠣᠪᠴᠢᠲᠠᠶ ᠬᠦᠷᠭᠡᠵᠡᠶ᠃

《ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠂ ᠬᠡᠭᠡᠷ᠎ᠡ᠎ᠶ᠋ᠢᠨ ᠠᠮᠢᠲᠠᠨ᠎ᠤ ᠬᠠᠮᠠᠭᠠᠯᠠᠯᠲᠠ᠂ ᠤᠷᠭᠤᠮᠠᠯ ᠎ᠤᠨ ᠬᠠᠮᠠᠭᠠᠯᠠᠯᠲᠠ᠂ ᠭᠤᠤᠯ ᠮᠥᠷᠡᠨ᠎ᠦ ᠬᠠᠮᠠᠭᠠᠯᠠᠯᠲᠠ ᠪᠣᠯ ᠨᠤᠲᠤᠭ ᠪᠡᠯᠴᠢᠭᠡᠷ᠎ᠦᠨ ᠠᠵᠢᠯ᠎ᠤᠨ ᠭᠤᠤᠯᠳᠠᠯᠭ᠎ᠠ ᠮᠥᠨ᠂ ᠪᠢᠳᠡ ᠬᠠᠮᠠᠭᠠᠯᠠᠬᠤ ᠳᠤᠮᠳᠠ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠲᠠᠯ᠎ᠠ ᠵᠢᠨ ᠮᠠᠯᠴᠢᠨ ᠲᠠᠷᠢᠶᠠᠴᠢᠨ᠎ᠤ ᠠᠮᠢᠳᠤᠷᠠᠯ᠎ᠢ ᠨᠠᠩ ᠰᠠᠢᠨ ᠪᠤᠯᠭᠠᠬᠤ ᠬᠡᠷᠡᠭ᠌ᠲᠡᠶ᠃ ᠡᠭᠦᠨ᠎ᠦ ᠬᠠᠮᠲᠤ᠂ ᠡᠷᠬᠡᠪᠰᠢ ᠠᠮᠢ ᠠᠬᠤᠢ ᠣᠷᠴᠢᠨ ᠲᠣᠭᠣᠷᠢᠨ᠎ᠤ ᠪᠦᠳᠦᠬᠡᠨ ᠪᠠᠢᠭᠤᠯᠤᠯᠲᠠ᠎ᠶ᠋ᠢ ᠴᠢᠬᠤᠯᠠᠴᠢᠯᠠᠵᠤ᠂  〈ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠦᠨ〉 ᠬᠡᠳᠡᠭ ᠎ᠢ ᠢᠮᠠᠭ᠍ᠲᠠ ᠪᠠᠲᠤ ᠴᠡᠭᠡᠵᠢᠯᠡᠬᠦ᠌ ᠬᠡᠷᠡᠭ᠌ᠲᠡᠢ》᠃ ᠲᠢᠩ·ᠪᠠᠭᠠᠲᠤᠷ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠮᠠᠯᠴᠢᠨ ᠲᠠᠷᠢᠶᠠᠴᠢᠨ᠎ᠤ ᠠᠮᠢᠳᠤᠷᠠᠯ᠎ᠢ ᠨᠠᠩ ᠰᠠᠨᠠᠭ᠎ᠠ ᠠᠮᠤᠷ᠂ ᠨᠠᠩ ᠬᠦᠰᠡᠯ ᠡᠷᠡᠮᠡᠯᠵᠡᠯ᠎ᠲᠡᠶ ᠪᠣᠯᠭᠠᠬᠤ ᠬᠡᠷᠡᠭ᠌ᠲᠡᠶ ᠭᠡᠵᠦ᠍ ᠬᠡᠯᠡᠪᠡ᠃

ᠤᠬᠠᠭᠤᠯᠤᠨ ᠲᠠᠢᠯᠪᠤᠷᠢᠯᠠᠬᠤ ᠳᠤᠮᠳᠠ᠂ ᠣᠯᠠᠨ ᠎ᠢᠶᠠᠷ ᠎ᠢᠶᠠᠨ ᠠᠩᠬᠠᠷᠤᠯ᠎ᠢᠶᠠᠨ ᠲᠥᠪᠯᠡᠷᠡᠭᠦᠯᠦᠨ ᠨᠠᠷᠢᠨ ᠬᠢᠨᠠᠮᠠᠭᠠᠢ ᠰᠣᠨᠣᠰᠴᠤ᠌᠂  ᠲᠡᠮᠳᠡᠭ᠌ᠯᠡᠯ ᠎ᠦᠨ ᠳᠡᠪᠲᠡᠷ ᠳᠡᠭᠡᠷ᠎ᠡ ᠪᠡᠨ ᠭᠤᠤᠯᠳᠠᠯᠭ᠎ᠠ ᠲᠠᠢ ᠵᠦᠶ᠋ᠯ ᠎ᠢ ᠪᠠᠢᠨ ᠪᠠᠢᠨ ᠲᠡᠮᠳᠡᠭ᠌ᠯᠡᠵᠦ᠍ ᠪᠠᠢᠯ᠎ᠠ᠃ ᠳᠠᠭᠤᠰᠤᠭ᠍ᠰᠠᠨ᠎ᠤ ᠳᠠᠷᠠᠭ᠎ᠠ᠂ ᠲᠤᠬᠠᠶ᠎ᠶ᠋ᠢᠨ ᠲᠠᠯᠠᠪᠠᠶ ᠎ᠳᠤ  ᠬᠥᠷ ᠬᠥᠭ᠌ᠵᠢᠶᠡᠨ᠎ᠲᠡᠶ ᠶᠠᠷᠢᠯᠴᠠᠨ᠂ ᠺᠠᠳ᠋ᠷ ᠣᠯᠠᠨ ᠲᠦᠮᠡᠨ ᠠᠩᠬᠠᠷᠴᠤ᠌ ᠪᠠᠢᠭ᠎ᠠ ᠰᠡᠳᠦᠪ ᠎ᠦᠨ ᠲᠣᠭᠣᠷᠢᠨ᠎ᠳᠤ ᠰᠠᠨᠠᠯ ᠎ᠢᠶᠡᠨ ᠰᠤᠯᠢᠯᠴᠠᠵᠤ ᠪᠠᠢᠯ᠎ᠠ᠃ ᠬᠤᠷᠠᠯ᠎ᠳᠤ ᠣᠷᠣᠯᠴᠠᠭ᠍ᠰᠠᠳ᠂ ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ᠎ᠨᠢ ᠣᠯᠠᠨ ᠲᠦᠮᠡᠨ᠎ᠲᠡᠶ ᠣᠢᠷᠠᠲᠤᠵᠤ᠂ ᠬᠠᠯᠠᠭᠤᠨ ᠳᠤᠯᠠᠭᠠᠬᠠᠨ ᠪᠠᠢᠵᠤ᠂ ᠰᠣᠨᠣᠰᠤᠭ᠍ᠰᠠᠨ᠎ᠤ ᠳᠠᠷᠠᠭ᠎ᠠ ᠶᠡᠬᠡᠳᠡ ᠵᠣᠷᠢᠭ᠍ᠵᠢᠵᠤ᠂ ᠡᠷᠴᠢ ᠵᠣᠷᠢᠭ ᠳᠠᠬᠢᠨ᠎ᠢᠶᠠᠷ ᠨᠡᠮᠡᠭ᠌ᠳᠡᠵᠠᠢ ᠭᠡᠵᠦ ᠢᠯᠡᠳᠭᠡᠵᠡᠭᠡᠪᠡ᠃

ᠬᠣᠩᠭᠣᠷᠭᠣᠣᠯ ᠪᠠᠯᠭᠠᠰᠤᠨ᠎ᠤ ᠵᠠᠰᠠᠭ᠎ᠤᠨ ᠣᠷᠳᠣᠨ ᠎ᠤ ᠳᠡᠳ᠋ ᠳᠠᠷᠤᠭ᠎ᠠ ᠪᠣᠷᠭᠢᠯ᠄《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠪᠢ  〈ᠵᠠᠰᠠᠭ ᠎ᠤᠨ ᠣᠷᠳᠣᠨ᠎ᠤ ᠠᠵᠢᠯ᠎ᠤᠨ ᠢᠯᠡᠳᠭᠡᠯ〉 ᠪᠣᠯᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠳᠤ ᠨᠡᠩ ᠭᠦᠨᠵᠡᠭᠡᠢ ᠣᠢᠯᠠᠭᠠᠯᠲᠠ᠎ᠲᠠᠶ ᠪᠣᠯᠤᠭ᠍ᠰᠠᠨ ᠪᠥᠭᠡᠳ ᠮᠠᠯᠴᠢᠳ᠎ᠲᠤ ᠬᠠᠷᠠᠭᠠᠯᠵᠠᠯ ᠬᠦᠷᠲᠡᠭᠡᠬᠦ᠌᠂ ᠮᠠᠯᠴᠢᠳ᠎ᠲᠤ ᠠᠱᠢᠭ ᠬᠦᠷᠲᠡᠭᠡᠬᠦ᠌᠂ ᠮᠠᠯ ᠠᠵᠤ ᠠᠬᠤᠢ᠎ᠶ᠋ᠢ ᠬᠦᠴᠦᠷᠬᠡᠭ᠌ᠵᠢᠭᠦᠯᠬᠦ᠌ ᠠᠯᠢ ᠤᠯᠠᠨ ᠲᠦᠷᠦ᠍᠎ᠶ᠋ᠢᠨ ᠪᠤᠳᠤᠯᠭ᠎ᠠ ᠨᠢ ᠦᠨᠳᠦᠰᠦᠨ ᠱᠠᠲᠤᠨ᠎ᠳᠤ ᠱᠢᠭᠤᠳ ᠬᠦᠷᠴᠦ᠂ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠴᠢᠭ᠌ᠯᠡᠯ᠎ᠢ ᠵᠢᠭᠠᠨ ᠥᠭ᠌ᠴᠦ᠂ ᠬᠥᠳᠡᠯᠭᠡᠬᠦ᠌ ᠬᠦᠴᠦᠨ ᠨᠡᠮᠡᠷᠢᠯᠡᠵᠦ᠍᠂ ᠪᠢᠳᠡᠨ᠎ᠢ ᠨᠡᠩ ᠢᠲᠡᠭᠡᠯ ᠲᠡᠭᠦᠯᠳᠡᠷ᠂ ᠨᠡᠩ ᠶᠡᠬᠡ ᠡᠷᠴᠢ ᠬᠦᠴᠦᠨ᠎ᠲᠠᠶ ᠪᠤᠯᠭᠠᠨ᠎ᠠ ᠭᠡᠳᠡᠭ᠎ᠢ ᠭᠦᠨᠵᠡᠭᠡᠢ ᠤᠢᠯᠠᠭᠠᠪᠠ》 ᠭᠡᠵᠡᠢ᠃

ᠠᠪᠠᠭ᠎ᠠ ᠬᠣᠱᠢᠭᠤᠨ᠎ᠤ ᠬᠣᠩᠭᠣᠷᠭᠣᠣᠯ ᠪᠠᠯᠭᠠᠰᠤᠨ ᠎ᠤ ᠰᠠᠷᠠᠭᠤᠯᠲᠤᠶᠠᠭ᠎ᠠ ᠭᠠᠴᠠᠭᠠᠨ᠎ᠤ ᠨᠠᠮ᠎ᠤᠨ ᠡᠭᠦᠷ᠎ᠦᠨ ᠳᠡᠳ᠋ ᠱᠦᠵᠢ ᠪᠦᠷᠢᠨᠪᠢᠯᠢᠭ᠌ᠲᠦ᠄ 《ᠮᠠᠨ ᠎ᠤ ᠮᠠᠯᠴᠢᠳ ᠬᠣᠶᠠᠷ ᠬᠤᠷᠠᠯ᠎ᠤᠨ ᠵᠣᠷᠢᠭ ᠰᠠᠨᠠᠭ᠎ᠠ ᠎ᠶ᠋ᠢ ᠪᠣᠳᠠᠲᠠᠢ ᠠᠵᠢᠯᠯᠠᠬᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠠᠷᠢᠮᠵᠢᠶᠠᠵᠢᠭ᠍ᠰᠠᠨ ᠲᠡᠵᠢᠭᠡᠨ ᠦᠷᠡᠵᠢᠭᠦᠯᠬᠦ᠌ ᠬᠡᠪᠴᠢᠶ᠎ᠡ᠎ᠶ᠋ᠢ ᠥᠷᠭᠡᠳᠭᠡᠵᠦ᠍᠂ ᠣᠶᠤᠨᠴᠢ ᠮᠠᠯᠵᠢᠯ᠎ᠤᠨ ᠲᠠᠯᠠᠪᠠᠢ᠎ᠶ᠋ᠢ ᠪᠠᠢᠭᠤᠯᠵᠤ᠂ ᠢᠨᠲᠸᠷ ᠰᠦᠯᠵᠢᠶ᠎ᠡ᠎ᠶ᠋ᠢ ᠠᠱᠢᠭ᠍ᠯᠠᠨ ᠴᠢᠨᠠᠷ ᠰᠠᠢᠲᠠᠢ ᠮᠠᠯ᠎ᠤᠨ ᠠᠱᠢᠭ ᠱᠢᠮ᠎ᠡ᠎ᠶ᠋ᠢᠨ ᠪᠣᠷᠣᠯᠠᠭᠤᠯᠭ᠎ᠠ᠎ᠶ᠋ᠢᠨ ᠵᠠᠮ᠎ᠢ ᠥᠷᠭᠡᠳᠭᠡᠵᠦ᠍᠂ ᠲᠠᠯ᠎ᠠ ᠨᠤᠲᠤᠭ᠎ᠤᠨ ᠦᠬᠡᠷ ᠬᠤᠨᠢᠨ᠎ᠤ ᠮᠢᠬ᠎ᠠ᠎ᠶ᠋ᠢ ᠲᠠᠯ᠎ᠠ ᠨᠤᠲᠤᠭ᠎ᠡᠴᠡ ᠭᠠᠷᠭᠠᠵᠤ᠂ ᠪᠦᠬᠦ᠌ ᠤᠯᠤᠰ᠎ᠲᠤ ᠳᠡᠯᠭᠡᠷᠡᠭᠦᠯᠬᠦ᠌ ᠬᠡᠷᠡᠭ᠌ᠲᠡᠢ᠃ ᠡᠭᠦᠨ᠎ᠦ ᠬᠠᠮᠲᠤ᠂ ᠮᠠᠯ ᠪᠡᠯᠴᠢᠭᠡᠷ᠎ᠦᠨ ᠲᠡᠩᠴᠡᠭᠦᠷᠢ ᠵᠢ ᠪᠠᠲᠤᠯᠠᠬᠤ᠂ ᠪᠡᠯᠴᠢᠭᠡᠷᠯᠡᠭᠦᠯᠬᠦ᠎ᠵᠢ ᠵᠤᠭᠰᠤᠭᠠᠬᠤ ᠪᠡᠯᠴᠢᠭᠡᠷ᠎ᠢ ᠠᠮᠠᠷᠠᠭᠤᠯᠬᠤ ᠲᠦᠷᠢᠮ ᠎ᠢ ᠴᠢᠩᠭ᠎ᠠ ᠨᠠᠢᠳᠠᠪᠤᠷᠢᠵᠢᠭᠤᠯᠵᠤ᠂ ᠬᠤᠯᠠᠨ ᠱᠢᠷᠭ᠎ᠠ ᠲᠠᠭ᠎ᠠ ᠡᠯᠡᠰᠦᠷᠬᠡᠭ ᠭᠠᠵᠠᠷ᠎ᠤᠨ ᠵᠠᠰᠠᠯᠲᠠ᠎ᠳᠤ ᠢᠳᠡᠪᠬᠢᠲᠡᠶ ᠣᠷᠣᠯᠴᠠᠵᠤ᠂ ᠨᠤᠲᠤᠭ ᠪᠡᠯᠴᠢᠭᠡᠷ᠎ᠢ ᠨᠠᠩ ᠨᠣᠭᠣᠭᠠᠨ᠂ ᠬᠡᠷ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠬᠤ ᠬᠡᠷᠡᠭᠲᠡᠢ》 ᠭᠡᠵᠦ ᠭᠦᠨ ᠲᠦᠷᠦᠭᠳᠡᠯ ᠲᠠᠢ ᠬᠡᠯᠡᠪᠡ᠃

ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ᠎ᠤ ᠳᠠᠷᠠᠭ᠎ᠠ᠂ ᠲᠢᠩ·ᠪᠠᠭᠠᠲᠤᠷ ᠬᠣᠩᠭᠣᠷᠭᠤᠤᠯ ᠪᠠᠯᠭᠠᠰᠤᠨ ᠎ᠤ ᠪᠠᠶᠠᠨ ᠬᠥᠭ᠌ᠵᠢᠯᠲᠦ ᠭᠠᠴᠠᠭᠠᠨ᠎ᠤ ᠦᠬᠡᠷ ᠲᠡᠵᠢᠭᠡᠬᠦ᠌ ᠲᠣᠮᠣ ᠡᠷᠦᠬᠡ ᠢ ᠷᠦᠨ ᠯᠠᠶ᠎ᠶ᠋ᠢᠨ ᠬᠡᠷ᠎ᠲᠦ ᠬᠦᠷᠴᠦ᠍᠂ ᠮᠠᠯᠵᠢᠬᠤ ᠣᠷᠣᠨ᠎ᠤ ᠣᠳᠣᠬᠢᠴᠢᠯᠠᠭ᠍ᠰᠠᠨ ᠬᠥᠭ᠌ᠵᠢᠯᠲᠡ᠎ᠶ᠋ᠢᠨ ᠠᠷᠭ᠎ᠠ ᠵᠠᠮ᠎ᠢ ᠦᠷᠭᠦᠯᠵᠢᠯᠡᠨ ᠰᠤᠳᠤᠯᠤᠨ ᠶᠠᠷᠢᠯᠴᠠᠪᠠ᠃ ᠲᠡᠷᠡ᠄ 《ᠡᠨᠡ ᠤᠳᠠᠭᠠᠨ᠎ᠤ ᠬᠣᠶᠠᠷ ᠬᠤᠷᠠᠯ ᠳᠡᠭᠡᠷ᠎ᠡ᠂ ᠵᠠᠷᠢᠮ ᠭᠡᠱᠢᠭᠦᠨ ᠦᠬᠡᠷ᠎ᠢ ᠰᠠᠢᠬᠠᠨ ᠲᠡᠵᠢᠭᠡᠪᠡᠯ 〈ᠳᠥᠷᠪᠡᠨ ᠬᠥᠯ〉 ᠵᠢᠡᠷ〈ᠳᠥᠷᠪᠡᠨ ᠬᠦᠷᠳᠦ〉 ᠰᠣᠯᠢᠵᠤ ᠪᠣᠯᠤᠨ᠎ᠠ ᠭᠡᠵᠦ᠍ ᠬᠡᠯᠡᠵᠡᠶ᠂ ᠡᠨᠡ ᠨᠢ 1 ᠦᠬᠡᠷ ᠎ᠦᠨ  ᠦᠷ᠎ᠡ ᠠᠱᠢᠭ ᠨᠢ 1 ᠮᠠᠱᠢᠨ ᠲᠡᠷᠭᠡ᠎ᠲᠡᠶ ᠲᠡᠩᠴᠡᠨ᠎ᠡ ᠭᠡᠰᠡᠨ ᠤᠳᠭ᠎ᠠ᠎ᠲᠠᠶ ᠶᠤᠮ᠃ ᠪᠢ ᠪᠤᠳᠤᠪᠠᠯ᠂ ᠡᠨᠡ ᠪᠠᠰᠠ ᠪᠢᠳᠡᠨ᠎ᠦ ᠴᠢᠷᠮᠠᠢᠬᠤ ᠴᠢᠭ᠌ᠯᠡᠯ ᠪᠤᠯᠤᠨ᠎ᠠ》 ᠭᠡᠪᠡ᠃          

 ᠢ ᠷᠦᠨ ᠯᠠᠶ ᠦᠭᠡ ᠵᠢ ᠨᠢ ᠵᠠᠯᠭᠠᠵᠤ᠄ 《ᠶᠠᠭ ᠮᠢᠨᠤ ᠰᠡᠳᠭᠢᠯ᠎ᠤᠨ ᠦᠭᠡ ᠵᠢ ᠶᠠᠷᠢᠯ᠎ᠠ ᠳ᠋ᠠ! ᠡᠳᠡᠭᠡᠷ ᠵᠢᠯ ᠲᠠᠨ ᠤ᠋ ᠵᠢᠭᠠᠭ᠍ᠰᠠᠨ ᠠᠷᠭ᠎ᠠ᠎ᠪᠠᠷ ᠱᠢᠨᠵᠢᠯᠡᠬᠦ᠌ ᠤᠬᠠᠭᠠᠨᠴᠢ᠎ᠪᠠᠷ ᠲᠡᠵᠢᠭᠡᠨ ᠦᠷᠡᠵᠢᠭᠦᠯᠦᠭᠰᠡᠨ ᠡᠴᠡ ᠦᠬᠡᠷ᠎ᠦᠨ ᠴᠢᠨᠠᠷ ᠴᠢᠨᠰᠠᠭ᠎ᠠ ᠤᠯᠠᠮ᠎ᠡᠴᠡ ᠤᠯᠠᠮ ᠰᠠᠢᠨ ᠪᠣᠯᠵᠤ᠂ ᠣᠷᠣᠯᠭ᠎ᠠ ᠪᠠᠰᠠ ᠳᠠᠬᠢᠨ᠎ᠢᠶᠠᠷ ᠨᠡᠮᠡᠭ᠌ᠳᠡᠵᠡᠶ᠃ ᠭᠡᠪᠡᠴᠦ᠍ ᠤᠳᠤ ᠦᠬᠡᠷ᠎ᠦᠨ ᠲᠣᠭ᠎ᠠ ᠲᠣᠯᠣᠭᠠᠢ ᠪᠠᠬᠠᠨ ᠠᠷᠪᠢᠳᠴᠤ᠌ ᠪᠠᠢᠨ᠎ᠠ᠂ ᠡᠨᠡ ᠵᠢᠯ ᠲᠣᠭ᠎ᠠ ᠬᠡᠮᠵᠢᠶ᠎ᠡ ᠎ᠶ᠋ᠢ ᠪᠠᠭᠠᠰᠭᠠᠵᠤ᠂ ᠨᠠᠷᠢᠯᠢᠭ ᠲᠡᠵᠢᠭᠡᠵᠦ᠍ ᠴᠥᠭᠡᠨ ᠲᠡᠵᠢᠭᠡᠬᠦ᠌ ᠵᠠᠮ᠎ᠢᠶᠠᠷ ᠶᠠᠪᠤᠬᠤ ᠰᠠᠨᠠᠭ᠎ᠠ ᠲᠠᠢ》 ᠭᠡᠵᠡᠢ᠃ ᠬᠣᠶᠠᠷ ᠬᠠᠭᠤᠴᠢᠨ ᠨᠠᠢᠵᠠ᠎ᠶ᠋ᠢᠨ ᠶᠠᠷᠢᠯᠴᠠᠭ᠎ᠠ᠎ᠶ᠋ᠢᠨ ᠳᠤᠮᠳᠠ《ᠠᠮᠢ ᠠᠬᠤᠶ ᠱᠢᠯᠢᠳᠡᠭ᠌ᠵᠢᠭ᠌ᠰᠡᠨ᠂ ᠠᠵᠤ ᠦᠶ᠋ᠯᠡᠰ ᠬᠥᠭ᠌ᠵᠢᠭ᠌ᠰᠡᠨ᠂ ᠮᠠᠯᠴᠢᠳ ᠪᠠᠶᠠᠵᠢᠭ᠍ᠰᠠᠨ》 ᠣᠳᠣᠬᠢᠴᠢᠯᠠᠭ᠍ᠰᠠᠨ ᠮᠠᠯ ᠠᠵᠤ ᠠᠬᠤᠶ᠎ᠶ᠋ᠢᠨ ᠵᠢᠷᠤᠭ ᠳᠡᠯᠭᠡᠭ᠌ᠳᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号