ᠮᠠᠨᠵᠤᠤᠷ ᠎ᠤᠨ ᠲᠡᠮᠤᠷ ᠵᠠᠮ᠎ᠤᠨ ᠬᠢᠯᠢ ᠵᠢᠨ ᠪᠤᠭᠤᠮᠳᠠ ᠪᠡᠷ ᠦᠡᠭᠭᠡᠷᠡᠭᠰᠡᠨ 《ᠰᠢᠨ᠎ᠠ ᠭᠤᠷᠪᠡᠨ ᠵᠦᠢᠯ》 ᠎ᠤ᠋ᠨ ᠦᠢᠯᠡᠳᠬᠦᠨ ᠎ᠤ ᠠᠷᠠᠯᠵᠢᠶᠠᠨ᠎ᠤ ᠦᠷᠳᠡᠭ 3 ᠳ᠋ᠦᠩᠱᠢᠭᠤᠷ ᠲᠥᠭᠥᠷᠢᠭ᠎ᠢ ᠳᠠᠪᠠᠪᠠ
2026-03-18 14:45:30
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

2025 ᠣᠨ᠎ᠳᠤ ᠮᠠᠨᠵᠤᠤᠷ ᠎ᠤᠨ ᠲᠡᠮᠤᠷ ᠵᠠᠮ᠎ᠤᠨ ᠬᠢᠯᠢ ᠵᠢᠨ ᠪᠤᠭᠤᠮᠳᠠ ᠪᠡᠷ ᠭᠠᠳᠠᠭᠠᠳᠤ᠎ᠳᠤ ᠭᠠᠷᠭᠠᠭ᠍ᠰᠠᠨ 《ᠱᠢᠨ᠎ᠡ ᠭᠤᠷᠪᠠᠨ ᠵᠦᠢᠯ》 ᠎ᠤ᠋ᠨ ᠦᠶ᠋ᠯᠡᠳᠬᠦᠨ᠎ᠦ ᠠᠷᠠᠯᠵᠢᠶᠠᠨ᠎ᠤ ᠥᠷᠲᠡᠭ᠎ᠨᠢ 3.2 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 1.8 ᠳᠠᠬᠢᠨ ᠵᠢᠡᠷ ᠨᠡᠮᠡᠭᠳᠡᠪᠡ᠃

《ᠱᠢᠨ᠎ᠡ ᠭᠤᠷᠪᠠᠨ ᠵᠦᠢᠯ》 ᠎ᠤ᠋ᠨ ᠦᠶ᠋ᠯᠡᠳᠬᠦᠨ᠎ᠦ ᠪᠠᠷᠠᠭᠠᠨ᠎ᠤ ᠥᠷᠲᠡᠭ ᠥᠨᠳᠥᠷ᠂ ᠴᠠᠭ ᠬᠤᠭᠤᠴᠠᠭᠠᠨ᠎ᠤ ᠱᠠᠭᠠᠷᠳᠠᠯᠭ᠎ᠠ ᠴᠢᠩᠭ᠎ᠠ᠂ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡ ᠵᠢᠨ ᠬᠡᠯᠬᠢᠶ᠎ᠡ ᠣᠷᠳᠣ ᠪᠠᠢᠬᠤ ᠣᠨᠴᠠᠯᠢᠭ ᠲᠸ᠋ ᠬᠠᠨᠳᠤᠭᠤᠯᠤᠨ᠂ ᠮᠠᠨᠵᠤᠤᠷ ᠪᠣᠭᠣᠮᠲᠠ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠤᠶᠤᠨᠴᠢ》 ᠪᠡᠷ ᠠᠶᠠᠯᠠᠯ᠎ᠬᠠᠮᠠᠭᠠᠯᠠᠵᠤ᠂ 《ᠱᠢᠨ᠎ᠡ》 ᠳᠠᠢᠰᠢ ᠤᠷᠤᠭ᠍ᠰᠢᠯᠠᠬᠰᠠᠨ ᠪᠠᠢᠨ᠎ᠠ᠃  ᠮᠦᠨᠴᠸ᠋《ᠠᠵᠤ ᠠᠬᠤᠢᠯᠠᠯ᠎ᠤᠨ ᠠᠰᠠᠭᠤᠳᠠᠯ᠎ᠢ ᠦᠭᠡᠢᠰᠭᠡᠬᠦ᠌ 》 ᠲᠣᠭ᠍ᠲᠠᠴᠠ᠎ᠳᠤ ᠲᠦᠱᠢᠭ᠌ᠯᠡᠨ᠂《ᠱᠢᠨ᠎ᠡ ᠭᠤᠷᠪᠠᠨ ᠵᠦᠢᠯ》 ᠎ᠤ᠋ᠨ ᠦᠶ᠋ᠯᠡᠳᠬᠦᠨ ᠎ᠢ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠳᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠠ ᠲᠣᠭ᠍ᠲᠠᠭᠠᠯ᠎ᠳᠤ ᠨᠡᠢᠴᠡᠭᠦᠯᠦᠨ ᠭᠤᠶᠤᠴᠢᠯᠠᠨ ᠮᠡᠳᠡᠭᠦᠯᠵᠦ᠍ ᠵᠢᠯᠣᠭᠣᠳᠭᠤ᠎ᠶ᠋ᠢ ᠭᠦᠨᠵᠡᠭᠡᠶ ᠥᠷᠨᠢᠭᠦᠯᠵᠦ᠍᠂ ᠭᠠᠳᠠᠭᠠᠳᠤ᠎ᠶ᠋ᠢᠨ ᠮᠡᠷᠭᠡᠵᠢᠯ᠎ᠦᠨ ᠴᠢᠨᠠᠷᠲᠠᠶ ᠠᠷᠠᠯᠵᠢᠶᠠᠨ᠎ᠤ ᠠᠷᠭ᠎ᠠ ᠬᠡᠮᠵᠢᠶ᠎ᠡ᠎ᠶ᠋ᠢᠨ ᠬᠤᠪᠢᠷᠠᠯᠲᠠ ᠵᠢᠴᠢ ᠪᠥᠬᠥ᠌ ᠪᠥᠮᠪᠥᠷᠴᠡᠭ᠎ᠦᠨ ᠡᠨᠧᠷᠭᠢ᠎ᠶ᠋ᠢᠨ ᠠᠵᠢᠯ ᠲᠥᠷᠥᠯ ᠪᠠ ᠨᠦᠭᠡᠴᠡ ᠡᠨᠧᠷᠭᠢ ᠵᠢᠨ ᠵᠠᠬ᠎ᠠ ᠳᠡᠯᠭᠡᠭᠦᠷ᠎ᠦᠨ ᠬᠠᠨᠳᠤᠰᠢ᠎ᠲᠠᠶ ᠤᠶᠠᠯᠳᠤᠭᠤᠯᠤᠨ᠂ ᠠᠵᠤ ᠠᠬᠤᠢᠯᠠᠯ᠎ᠢ ᠵᠢᠯᠣᠭᠣᠳᠴᠤ᠌ ᠭᠠᠳᠠᠭᠠᠳᠤ᠎ᠳᠤ ᠭᠠᠷᠭᠠᠬᠤ ᠲᠦᠭ᠌ᠰᠢᠭᠦᠷᠢ᠎ᠡᠴᠡ ᠵᠠᠢᠯᠠᠭᠤᠯᠵᠤ᠂ ᠣᠯᠠᠨ ᠤᠯᠤᠰ᠎ᠤᠨ ᠵᠠᠬ᠎ᠠ ᠳᠡᠯᠭᠡᠭᠦᠷ ᠲᠸ᠋ ᠵᠣᠬᠢᠴᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠠᠢ᠃ ᠡᠭᠦᠨ᠎ᠦ ᠬᠠᠮᠲᠤ᠂ 《ᠲᠡᠮᠦᠷ ᠵᠠᠮ᠎ᠤᠨ ᠲᠦᠷᠭᠡᠨ ᠨᠡᠪᠲᠡᠷᠡᠬᠦ》᠎ᠲᠤᠬᠠᠢᠯᠠᠭ᠍ᠰᠠᠨ ᠠᠵᠢᠯ᠎ᠤᠨ ᠵᠠᠭ᠍ᠪᠤᠷ᠎ᠢ ᠶᠡᠬᠡ᠎ᠪᠡᠷ ᠳᠡᠯᠭᠡᠷᠡᠭᠦᠯᠵᠦ᠍᠂ ᠠᠵᠤ ᠠᠬᠤᠢᠯᠠᠯ᠎ᠨᠢ ᠲᠡᠭᠡᠭᠡᠪᠦᠷᠢ᠎ᠶ᠋ᠢᠨ ᠭᠠᠵᠠᠷ᠎ᠲᠠᠭᠠᠨ ᠨᠢᠭᠡ ᠴᠤᠭ᠍ᠴᠠᠵᠢᠭᠤᠯᠤᠨ ᠭᠤᠶᠤᠴᠢᠯᠠᠨ ᠮᠡᠳᠡᠭᠦᠯᠬᠦ᠌᠎ᠶ᠋ᠢ ᠪᠡᠶᠡᠯᠡᠭᠦᠯᠵᠦ᠍᠂ ᠲᠡᠮᠦᠷ ᠵᠠᠮ᠎ᠤᠨ ᠵᠠᠬᠢᠶᠠᠯᠠᠭ᠎ᠠ ᠵᠢᠨ ᠬᠠᠭᠤᠳᠠᠰᠤ ᠵᠢᠨ ᠲᠤᠭ᠎ᠠ ᠪᠠᠷᠢᠮᠳᠠ᠎ᠶ᠋ᠢ ᠡᠯᠧᠺᠲ᠋ᠷᠣᠨ ᠎ᠢᠶᠠᠷ ᠳᠠᠮᠵᠢᠭᠤᠯᠤᠨ᠂ ᠭᠤᠶᠤᠴᠢᠯᠠᠨ ᠮᠡᠳᠡᠭᠦᠯᠬᠦ᠌᠂ ᠪᠠᠢᠴᠠᠭᠠᠨ ᠱᠢᠯᠭᠠᠬᠤ᠂ ᠶᠠᠪᠤᠭᠤᠯᠬᠤ ᠭᠣᠭ᠍ᠴᠣᠭ᠎ᠠ᠎ᠶ᠋ᠢ ᠵᠠᠪᠰᠠᠷ ᠥᠬᠡᠶ ᠵᠣᠯᠭᠠᠭᠤᠯᠵᠦ᠍᠂ 《ᠱᠢᠨ᠎ᠡ ᠭᠤᠷᠪᠠᠨ ᠵᠦᠢᠯ》 ᠎ᠤ᠋ᠨ ᠦᠶ᠋ᠯᠡᠳᠬᠦᠨ᠎ᠦ ᠪᠠᠷᠠᠭᠠᠨ᠎ᠤ ᠭᠦᠶ᠋ᠯᠭᠡᠭᠡ ᠵᠢᠨ ᠦᠶᠡᠯᠡᠯ᠎ᠦᠨ ᠬᠤᠭᠤᠴᠠᠭ᠎ᠠ᠎ᠶ᠋ᠢ ᠪᠣᠭᠣᠨᠢᠰᠭᠠᠬᠰᠠᠨ ᠪᠠᠢᠨ᠎ᠠ᠃

ᠮᠠᠨᠵᠤᠤᠷ ᠪᠣᠭᠣᠮᠲᠠ᠎ᠶ᠋ᠢᠨ ᠬᠠᠷᠢᠶᠠᠨ᠎ᠳᠡᠬᠢ ᠮᠠᠨᠵᠤᠤᠷ ᠤ᠋ᠨ ᠲᠡᠷᠭᠡᠨ ᠥᠷᠲᠡᠭᠡᠨ᠎ᠦ ᠪᠣᠭᠣᠮᠲᠠ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠳᠠᠨ᠎ᠤ ᠶᠠᠷᠢᠬᠤ ᠪᠡᠷ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠦᠶ᠋ᠯᠡᠳᠬᠦᠨ᠎ᠦ ᠭᠠᠳᠠᠭᠠᠳᠤ ᠭᠠᠷᠭᠠᠯᠲᠠ᠎ᠳᠤ ᠦᠶ᠋ᠯᠡᠴᠢᠯᠡᠬᠦ᠌ ᠪᠣᠯ ᠭᠠᠳᠠᠭᠠᠳᠤ ᠠᠷᠠᠯᠵᠢᠶᠠᠨ᠎ᠤ ᠱᠢᠨ᠎ᠡ ᠬᠥᠳᠡᠯᠭᠡᠬᠦ᠌ ᠡᠨᠧᠷᠭᠢ᠎ᠶ᠋ᠢ ᠪᠡᠬᠢᠵᠢᠭᠦᠯᠵᠦ᠍᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠳᠡᠮᠵᠢᠬᠦ᠌ ᠵᠠᠩᠭᠢᠯᠠᠭ᠎ᠠ᠎ᠶ᠋ᠢᠨ ᠬᠦᠴᠦᠯᠡᠬᠦ᠌ ᠴᠡᠭ ᠪᠣᠯᠤᠨ᠎ᠠ᠂ ᠲᠡᠳᠡ ᠤᠶᠤᠨᠴᠢ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ ᠪᠠ 《ᠤᠶᠤᠨᠲᠤ ᠪᠣᠭᠣᠮᠲᠠ᠎ᠶ᠋ᠢᠨ ᠬᠦᠴᠦᠷᠬᠡᠭ ᠤᠯᠤᠰ》 ᠎ᠤ᠋ᠨ ᠠᠵᠢᠯᠯᠠᠭ᠎ᠠ᠎ᠪᠠᠷ ᠵᠢᠯᠣᠭᠣᠳᠤᠮᠵᠢ ᠪᠣᠯᠭᠠᠵᠤ᠂ ᠬᠢᠨᠠᠯᠲᠠ ᠬᠠᠮᠢᠶᠠᠷᠤᠯᠲᠠ᠎ᠶ᠋ᠢᠨ ᠵᠠᠭ᠍ᠪᠤᠷ᠎ᠢ ᠤᠯᠠᠮ  ᠱᠢᠯᠢᠳᠡᠭ᠌ᠵᠢᠭᠦᠯᠵᠦ᠍᠂ 《ᠪᠣᠯᠵᠣᠨ ᠪᠣᠭᠣᠮᠲᠠ ᠥᠩᠭᠡᠷᠡᠬᠦ᠌ + ᠲᠥᠪᠯᠡᠷᠡᠭᠦᠯᠦᠨ ᠪᠠᠢᠴᠠᠭᠠᠨ ᠱᠢᠯᠭᠠᠬᠤ》 ᠪᠣᠭᠣᠮᠲᠠ ᠥᠩᠭᠡᠷᠡᠬᠦ᠌᠎ᠳᠦ ᠲᠥᠬᠥᠮ ᠦᠵᠡᠭᠦᠯᠬᠦ᠌ ᠦᠶ᠋ᠯᠡᠴᠢᠯᠡᠭᠡ ᠎ᠶ᠋ᠢ ᠢᠳᠡᠪᠬᠢᠲᠡᠶ ᠬᠡᠷᠡᠭ᠌ᠵᠢᠭᠦᠯᠵᠦ᠍᠂ ᠡᠳ᠋ ᠪᠠᠷᠠᠭ᠎ᠠ᠎ᠶ᠋ᠢ ᠱᠢᠯᠭᠠᠨ ᠪᠠᠢᠴᠠᠭᠠᠵᠤ ᠪᠣᠭᠣᠮᠲᠠ᠎ᠪᠠᠷ ᠥᠩᠭᠡᠷᠡᠭᠦᠯᠬᠦ᠌᠎ᠶ᠋ᠢ ᠰᠢᠯᠤᠭᠤᠳᠬᠠᠵᠤ᠂ 《ᠱᠢᠨ᠎ᠡ ᠭᠤᠷᠪᠠᠨ ᠵᠦᠢᠯ》 ᠎ᠤ᠋ᠨ ᠦᠶ᠋ᠯᠡᠳᠬᠦᠨ᠎ᠦ ᠪᠣᠭᠣᠮᠲᠠ ᠥᠩᠭᠡᠷᠡᠬᠦ᠌᠎ᠳᠦ ᠲᠥᠬᠥᠮ ᠦᠵᠡᠭᠦᠯᠬᠦ᠌ ᠲᠦᠪᠱᠢᠨ᠎ᠢ ᠴᠢᠷᠮᠠᠢᠨ ᠳᠡᠭᠡᠭ᠌ᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号