ᠵᠠᠯᠠᠨ ᠠᠢᠯ ᠤ᠋ᠨ 100 ᠲᠦᠮᠡᠨ ᠺᠢᠯᠤᠸᠠᠲ ᠤ᠋ᠨ ᠳᠡᠰ ᠤ᠋ᠨ ᠰᠢᠨ᠎ᠠ ᠡᠨᠧᠷᠬᠢ ᠶ᠋ᠢᠨ ᠴᠠᠬᠢᠯᠭᠠᠨ ᠢ᠋ ᠭᠠᠳᠠᠭᠰᠢ ᠬᠦᠷᠭᠡᠬᠦ ᠢᠨᠵᠧᠨᠧᠷᠢᠩ ᠠᠰᠢᠭᠯᠠᠯᠳᠠ ᠳ᠋ᠤ ᠤᠷᠤᠪᠠ
2026-03-18 14:54:07
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

 ᠤᠯᠤᠰ ᠤ᠋ᠨ ᠴᠠᠬᠢᠯᠭᠠᠨ ᠲᠤᠤᠷ ᠤ᠋ᠨ ᠦᠪᠦᠷ ᠮᠤᠩᠭᠤᠯ ᠤ᠋ᠨ ᠵᠡᠭᠦᠨ ᠪᠡᠶ᠎ᠠ ᠶ᠋ᠢᠨ ᠴᠠᠬᠢᠯᠭᠠᠨ ᠬᠦᠴᠦᠨ ᠤ᠋ ᠬᠢᠵᠠᠭᠠᠷᠳᠦ ᠺᠤᠮᠫᠠᠨᠢ ᠡᠴᠡ ᠤᠢᠯᠠᠭᠠᠭᠰᠠᠨ ᠶ᠋ᠢᠡᠷ ᠤᠢᠷ᠎ᠠ᠎ᠳᠤ᠂ ᠦᠪᠡᠷᠳᠡᠭᠡᠨ ᠵᠠᠰᠠᠬᠤ ᠤᠷᠤᠨ ᠤ᠋ ᠬᠤᠶᠠᠳᠤᠭᠠᠷ ᠪᠦᠯᠦᠭ ᠤ᠋ᠨ ᠪᠠᠳᠤᠯᠠᠭ᠎ᠠ ᠶ᠋ᠢᠨ ᠴᠢᠨᠠᠷᠳᠠᠢ ᠰᠢᠨ᠎ᠠ ᠡᠨᠧᠷᠬᠢ ᠶ᠋ᠢᠨ ᠭᠤᠤᠯᠳᠠᠯᠭ᠎ᠠ ᠲᠠᠢ ᠲᠦᠷᠦᠯ ᠵᠦᠢᠯ — ᠦᠪᠦᠷ ᠮᠤᠩᠭᠤᠯ ᠤ᠋ᠨ ᠵᠡᠭᠦᠨ ᠪᠡᠶ᠎ᠠ ᠶ᠋ᠢᠨ ᠴᠠᠬᠢᠯᠭᠠᠨ ᠲᠤᠤᠷ ᠤ᠋ᠨ ᠵᠠᠯᠠᠨ ᠠᠢᠯ ᠤ᠋ᠨ 100 ᠲᠦᠮᠡᠨ ᠺᠢᠯᠤᠸᠠᠲ ᠤ᠋ᠨ ᠰᠠᠯᠬᠢᠨ ᠬᠦᠴᠦᠨ ᠤ᠋ ᠴᠠᠬᠢᠯᠭᠠᠨ ᠨᠦᠭᠡᠴᠡ ᠡᠨᠧᠷᠬᠢ ᠶ᠋ᠢᠨ ᠲᠦᠷᠦᠯ ᠵᠦᠢᠯ ᠤ᠋ᠨ ᠴᠠᠬᠢᠯᠭᠠᠨ ᠢ᠋ ᠭᠠᠳᠠᠭᠰᠢ ᠬᠦᠷᠭᠡᠬᠦ ᠢᠨᠵᠧᠨᠧᠷᠢᠩ ᠵᠢᠩᠬᠢᠨᠢ ᠪᠡᠷ ᠠᠰᠢᠭᠯᠠᠯᠳᠠ ᠳ᠋ᠤ ᠤᠷᠤᠪᠠ᠃ ᠡᠨᠡ ᠨᠢ ᠬᠦᠯᠦᠨ ᠪᠤᠢᠷ ᠲᠡᠬᠢ ᠶᠡᠬᠡ ᠬᠢᠩᠭᠠᠨ ᠳᠠᠪᠠᠭ᠎ᠠ ᠶ᠋ᠢᠨ ᠵᠡᠭᠦᠨ ᠪᠡᠶ᠎ᠠ ᠶ᠋ᠢᠨ ᠭᠠᠵᠠᠷ ᠤᠷᠤᠨ ᠤ᠋ ᠰᠢᠨ᠎ᠠ ᠡᠨᠧᠷᠬᠢ ᠶ᠋ᠢ ᠭᠠᠳᠠᠭᠰᠢ ᠬᠦᠷᠭᠡᠬᠦ ᠵᠠᠮ ᠱᠤᠭᠤᠮ ᠤ᠋ᠨ ᠪᠦᠲᠦᠭᠡᠨ ᠪᠠᠢᠭᠤᠯᠤᠯᠳᠠ ᠵᠠᠩᠬᠢᠯᠠᠭ᠎ᠠ ᠶ᠋ᠢᠨ ᠰᠢᠪᠳᠤᠯᠤᠯᠳᠠ ᠲᠠᠢ ᠪᠤᠯᠵᠤ᠂ ᠤᠷᠤᠨ ᠪᠦᠰᠡ ᠶ᠋ᠢᠨ ᠪᠤᠬᠢᠷᠳᠦᠯ ᠦᠭᠡᠢ ᠡᠨᠧᠷᠬᠢ ᠶ᠋ᠢᠨ ᠴᠢᠨᠠᠷ ᠰᠠᠢᠳᠠᠢ ᠬᠦᠭᠵᠢᠯᠳᠡ ᠳ᠋ᠤ ᠪᠠᠳᠤ ᠰᠠᠭᠤᠷᠢ ᠲᠠᠯᠪᠢᠭᠰᠠᠨ ᠢ᠋ ᠬᠠᠷᠠᠭᠤᠯᠵᠤ ᠪᠤᠢ᠃

ᠤᠢᠯᠠᠭᠠᠭᠰᠠᠨ ᠶ᠋ᠢᠡᠷ᠂ ᠲᠤᠰ ᠢᠨᠵᠧᠨᠧᠷᠢᠩ ᠪᠤᠯ ᠶᠡᠬᠡ ᠬᠢᠩᠭᠠᠨ ᠳᠠᠪᠠᠭ᠎ᠠ ᠶ᠋ᠢᠨ ᠵᠡᠭᠦᠨ ᠪᠡᠶ᠎ᠠ ᠶ᠋ᠢᠨ ᠭᠠᠵᠠᠷ ᠤᠷᠤᠨ ᠤ᠋ ᠰᠢᠨ᠎ᠠ ᠡᠨᠧᠷᠬᠢ ᠶ᠋ᠢ ᠰᠢᠩᠭᠡᠭᠡᠬᠦ 《ᠪᠠᠭᠠᠯᠵᠤᠤᠷ ᠢᠨᠵᠧᠨᠧᠷᠢᠩ》 ᠪᠠᠢᠵᠤ᠂ ᠶᠡᠷᠦᠩᠬᠡᠢ ᠪᠡᠯᠡ ᠤᠷᠤᠭᠤᠯᠤᠯᠳᠠ ᠨᠢ 1.2266 ᠳ᠋ᠦᠩᠰᠢᠭᠤᠷ ᠲᠦᠭᠦᠷᠢᠭ ᠲᠤ᠌ ᠬᠦᠷᠴᠤ᠂ 2025 ᠤᠨ ᠤ᠋ 9 ᠰᠠᠷ᠎ᠠ ᠶ᠋ᠢᠨ 25 ᠤ᠋ ᠡᠳᠦᠷ ᠪᠠᠷᠢᠯᠭ᠎ᠠ ᠡᠬᠢᠯᠡᠵᠤ᠂ ᠵᠦᠪᠭᠡᠨ ᠪᠤᠴᠠᠬᠤ ᠤᠳᠠᠰᠤ ᠲᠠᠢ ᠴᠠᠬᠢᠯᠭᠠᠨ ᠱᠤᠭᠤᠮ ᠢ᠋ 28.773 ᠺᠢᠯᠤᠮᠧᠲᠷ ᠰᠢᠨ᠎ᠠ ᠪᠡᠷ ᠪᠠᠢᠭᠤᠯᠵᠠᠢ᠃ ᠲᠤᠰ ᠢᠨᠵᠧᠨᠧᠷᠢᠩ ᠠᠰᠢᠭᠯᠠᠯᠳᠠ ᠳ᠋ᠤ ᠤᠷᠤᠭᠰᠠᠨ ᠶ᠋ᠢᠡᠷ᠂ ᠵᠢᠯ ᠤ᠋ᠨ 23.59 ᠳ᠋ᠦᠩᠰᠢᠭᠤᠷ ᠺᠢᠯᠤᠸᠠᠲ ᠴᠠᠭ ᠪᠤᠬᠢᠷᠳᠦᠯ ᠦᠭᠡᠢ ᠴᠠᠬᠢᠯᠭᠠᠨ ᠢ᠋ ᠳᠠᠮᠵᠢᠭᠤᠯᠤᠨ ᠬᠦᠷᠭᠡᠵᠤ ᠂ 196 ᠲᠦᠮᠡᠨ ᠡᠷᠦᠬᠡ ᠶ᠋ᠢᠨ ᠪᠦᠬᠦ ᠵᠢᠯ ᠤ᠋ᠨ ᠬᠡᠷᠡᠭᠰᠡᠬᠦ ᠴᠠᠬᠢᠯᠭᠠᠨ ᠢ᠋ ᠬᠠᠩᠭᠠᠵᠤ ᠳᠡᠢᠯᠦᠨ᠎ᠠ᠃ ᠡᠨᠡ ᠨᠢ ᠵᠢᠯ ᠤ᠋ᠨ 70.78 ᠲᠦᠮᠡᠨ ᠲᠤᠨ ᠪᠠᠷᠢᠮᠵᠢᠶ᠎ᠠ ᠨᠡᠭᠦᠷᠡᠰᠦ ᠶ᠋ᠢ ᠠᠷᠪᠢᠯᠠᠨ᠂ 182.05 ᠲᠦᠮᠡᠨ ᠳᠤᠨ ᠨᠡᠭᠦᠷᠡᠰᠦᠳᠦ᠋ᠷᠦᠭᠴᠢ ᠶ᠋ᠢᠨ ᠳᠠᠪᠬᠤᠷ ᠢᠰᠦᠯ ᠢ᠋ ᠪᠠᠭ᠎ᠠ ᠭᠠᠳᠠᠭᠰᠢᠯᠠᠭᠤᠯᠬᠤ ᠲᠠᠢ ᠲᠡᠩᠴᠡᠵᠦ᠂ ᠤᠯᠤᠰ ᠤ᠋ᠨ 《ᠬᠤᠤᠰ ᠨᠡᠭᠦᠷᠡᠰᠦᠳᠦ᠋ᠷᠦᠭᠴᠢ》 ᠶ᠋ᠢᠨ ᠬᠠᠷᠠᠯᠳᠠ ᠶ᠋ᠢ ᠪᠤᠳᠠᠳᠠᠢ ᠳ᠋ᠤ ᠨᠠᠢᠳᠠᠪᠤᠷᠢᠵᠢᠭᠤᠯᠬᠤ ᠪᠤᠯᠤᠨ ᠦᠪᠡᠷᠳᠡᠭᠡᠨ ᠵᠠᠰᠠᠬᠤ ᠤᠷᠤᠨ ᠤ᠋ 《ᠬᠤᠶᠠᠷ ᠢ᠋ ᠲᠦᠷᠦᠭᠦᠯᠡᠨ ᠪᠡᠶᠡᠯᠡᠭᠦᠯᠬᠦ᠂ ᠬᠤᠶᠠᠷ ᠢ᠋ ᠳᠠᠪᠠᠭᠤᠯᠤᠨ ᠭᠦᠢᠴᠡᠳᠭᠡᠬᠦ》 ᠬᠠᠷᠠᠯᠳᠠ ᠶ᠋ᠢ ᠪᠡᠶᠡᠯᠡᠭᠦᠯᠬᠦ ᠳ᠋ᠤ ᠢᠳᠡᠪᠭᠢᠳᠠᠢ ᠬᠤᠪᠢ ᠨᠡᠮᠡᠷᠢ ᠦᠵᠡᠭᠦᠯᠬᠦ ᠪᠤᠯᠤᠨ᠎ᠠ᠃ 《ᠲᠤᠰ ᠢᠨᠵᠧᠨᠧᠷᠢᠩ ᠤᠷᠤᠨ ᠪᠦᠰᠡ ᠶ᠋ᠢᠨ ᠰᠠᠯᠬᠢᠨ ᠬᠦᠴᠦ ᠭᠡᠷᠡᠯᠴᠢ ᠴᠡᠨᠡᠭ ᠤ᠋ᠨ ᠡᠬᠢ ᠪᠠᠶᠠᠯᠢᠭ  ᠢ᠋ ᠬᠦᠭᠵᠢᠯᠳᠡ ᠶ᠋ᠢᠨ ᠳᠠᠪᠠᠭᠤᠯᠢᠭ ᠪᠤᠯᠭᠠᠨ ᠬᠤᠪᠢᠷᠠᠭᠤᠯᠵᠤ᠂ ᠠᠮᠢ ᠠᠬᠤᠢ ᠶ᠋ᠢ ᠬᠠᠮᠠᠭᠠᠯᠠᠬᠤ ᠬᠢᠭᠡᠳ 〈ᠬᠤᠤᠰ ᠨᠡᠭᠦᠷᠡᠰᠦᠳᠦ᠋ᠷᠦᠭᠴᠢ〉 ᠶ᠋ᠢᠨ ᠬᠠᠷᠠᠯᠳᠠ ᠶ᠋ᠢᠨ ᠭᠦᠨᠵᠡᠭᠡᠢ ᠠᠭᠤᠰᠤᠯᠴᠠᠯ ᠢ᠋ ᠲᠤᠯᠭᠠᠭᠤᠷᠢᠯᠠᠬᠤ ᠪᠤᠯᠤᠨ᠎ᠠ》 ᠭᠡᠵᠦ ᠤᠯᠤᠰ ᠤ᠋ᠨ ᠴᠠᠬᠢᠯᠭᠠᠨ ᠲᠤᠤᠷ ᠤ᠋ᠨ ᠬᠦᠯᠦᠨ ᠪᠤᠢᠷ ᠤ᠋ᠨ ᠴᠠᠬᠢᠯᠭᠠᠨ ᠬᠠᠩᠭᠠᠬᠤ ᠺᠤᠮᠫᠠᠨᠢ ᠶ᠋ᠢᠨ ᠲᠦᠷᠦᠯ ᠵᠦᠢᠯ ᠤ᠋ᠨ ᠬᠠᠮᠢᠶᠠᠷᠤᠯᠳᠠ ᠶ᠋ᠢᠨ ᠲᠦᠪ ᠤ᠋ᠨ ᠳᠡᠳ᠋ ᠡᠷᠬᠢᠯᠡᠭᠴᠢ ᠸᠠᠩ ᠨᠠᠨ ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号