ᠮᠠᠨᠳᠤᠯ ᠬᠢᠯᠢ ᠵᠢᠨ ᠪᠤᠭᠤᠮᠳᠠ ᠵᠢᠨ ᠲᠦᠷᠦᠬᠦᠦ ᠪᠦᠯᠦᠭ᠎ᠤᠨ AGV ᠵᠢᠯᠤᠭᠤᠴᠢ ᠦᠭᠡᠢ ᠨᠡᠭᠦᠷᠡᠰᠦᠨ᠎ᠤ ᠮᠠᠰᠢᠨ ᠢᠯᠭᠤᠮ ᠤᠷᠤᠭᠰᠢᠲᠠᠢ ᠪᠤᠭᠤᠮᠳᠠ ᠦᠩᠬᠡᠷᠡᠪᠡ
2026-03-18 15:06:52
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

 ᠤᠷᠴᠢᠮᠬᠠᠨ 136.98 ᠲᠤᠨ ᠨᠡᠭᠦᠷᠡᠰᠤ ᠠᠴᠢᠬᠰᠠᠨ AGV ᠵᠢᠯᠤᠭᠤᠴᠢ ᠦᠭᠡᠢ 2 ᠲᠡᠭᠡᠭᠡᠪᠦᠷᠢ ᠵᠢᠨ ᠲᠡᠷᠭᠡ ᠮᠤᠩᠭᠤᠯ ᠤᠯᠤᠰ ᠡᠴᠡ ᠮᠠᠨᠳᠤᠯ  ᠬᠢᠯᠢ ᠵᠢᠨ ᠪᠤᠭᠤᠮᠳᠠ ᠪᠠᠷ ᠲᠤᠮᠳᠠᠳᠤ ᠤᠯᠤᠰ ᠲᠤ᠌ ᠤᠷᠤᠵᠦ ᠢᠷᠡᠪᠡ᠂ ᠡᠨᠡ ᠨᠢ ᠮᠠᠨᠳᠤᠯ ᠬᠢᠯᠢ ᠵᠢᠨ ᠪᠤᠭᠤᠮᠳᠠ ᠵᠢᠨ ᠬᠢᠯᠢ ᠠᠯᠤᠰᠯᠠᠬᠰᠠᠨ ᠲᠡᠭᠡᠭᠡᠪᠦᠷᠢ ᠵᠢᠯᠤᠭᠤᠴᠢ ᠦᠭᠡᠢ ᠲᠡᠭᠡᠭᠡᠪᠦᠷᠢᠯᠡᠬᠦ ᠰᠢᠨ᠎ᠠ ᠱᠠᠳᠤᠨ ᠳ᠋ᠤ ᠤᠷᠤᠬᠰᠠᠨ᠎ᠢ ᠬᠠᠷᠠᠭᠤᠯᠵᠦ ᠪᠤᠢ᠃

ᠤᠢᠯᠠᠭᠠᠬᠰᠠᠨ ᠵᠢᠡᠷ᠂ ᠡᠨᠡ ᠬᠦ᠌ AGV ᠬᠢᠯᠢ ᠠᠯᠤᠰᠯᠠᠬᠰᠠᠨ ᠵᠢᠯᠤᠭᠤᠴᠢ ᠦᠭᠡᠢ ᠲᠡᠭᠡᠭᠡᠪᠦᠷᠢ ᠨᠠᠷᠢᠯᠢᠭ ᠤᠨᠤᠪᠴᠢᠳᠠᠢ ᠵᠠᠮᠴᠢᠯᠠᠬᠤ ᠰᠢᠰᠲᠧᠮ ᠪᠤᠯᠤᠨ ᠤᠶᠤᠨᠴᠢ ᠲᠤᠬᠢᠷᠠᠭᠤᠯᠤᠯᠳᠠ ᠵᠢᠨ ᠲᠠᠪᠴᠠᠩ ᠳ᠋ᠦ ᠲᠦᠰᠢᠭᠯᠡᠨ᠂ 《6×12》 ᠴᠠᠭ ᠵᠢᠡᠷ ᠲᠠᠰᠤᠷᠠᠯᠳᠠ ᠦᠭᠡᠢ ᠠᠵᠢᠯᠯᠠᠵᠦ ᠲᠡᠢᠯᠦᠨ᠎ᠡ᠂ AGV  ᠵᠢᠯᠤᠭᠤᠴᠢ ᠦᠭᠡᠢ ᠲᠡᠭᠡᠭᠡᠪᠦᠷᠢ ᠵᠢᠨ ᠲᠡᠷᠭᠡ ᠨᠢ 2 ᠪᠠᠷᠢᠮᠵᠢᠶᠠᠵᠢᠬᠰᠠᠨ ᠴᠢᠩᠭᠡᠯᠢᠭ᠎ᠢ ᠠᠴᠢᠵᠦ ᠲᠡᠢᠯᠬᠦ ᠪᠦᠭᠡᠳ ᠲᠡᠭᠡᠭᠡᠪᠦᠷᠢ ᠵᠢᠨ ᠠᠵᠢᠯ᠎ᠤᠨ ᠦᠷ᠎ᠠ ᠪᠦᠳᠦᠮᠵᠢ ᠨᠢ ᠤᠯᠠᠮᠵᠢᠯᠠᠯᠳᠤ ᠲᠡᠭᠡᠭᠡᠪᠦᠷᠢ ᠵᠢᠨ ᠲᠡᠷᠭᠡ ᠵᠢᠨ ᠪᠠᠷᠤᠭ 6.4 ᠲᠠᠬᠢᠨ᠎ᠳᠤ ᠬᠦᠷᠦᠨ᠎ᠡ᠃ ᠦᠩᠬᠡᠷᠡᠭᠰᠡᠠ᠎ᠤ ᠬᠦᠮᠦᠨ᠎ᠤ ᠬᠦᠴᠦ ᠪᠡᠷ ᠪᠤᠭᠤᠮᠳᠠ ᠦᠩᠬᠡᠷᠡᠭᠦᠯᠬᠦ ᠲᠠᠢ ᠬᠠᠷᠢᠴᠠᠭᠤᠯᠪᠠᠯ᠂ ᠦᠷ᠎ᠠ ᠪᠦᠳᠦᠮᠵᠢ ᠦᠨᠳᠤᠷ ᠪᠦᠭᠡᠳ ᠦᠷᠳᠡᠭ ᠨᠢ ᠲᠤᠤᠷ᠎ᠠ ᠪᠠᠢᠵᠦ᠂ ᠪᠤᠭᠤᠮᠳᠠ ᠦᠩᠬᠡᠷᠡᠭᠦᠯᠬᠦ ᠦᠷ᠎ᠠ ᠪᠦᠳᠦᠮᠵᠢ ᠢᠯᠡᠳᠳᠡ ᠳᠡᠭᠡᠭᠰᠢᠯᠡᠭᠰᠡᠨ ᠪᠠᠢᠨ᠎ᠠ᠃ ᠡᠭᠦᠨ᠎ᠤ ᠬᠠᠮᠳᠤ ᠪᠠᠰᠠ ᠲᠤᠭ᠎ᠠ ᠪᠠᠷᠢᠮᠳᠠ ᠵᠢ ᠬᠠᠮᠵᠢᠯᠴᠠᠭᠤᠯᠬᠤ᠂ ᠤᠶᠤᠨᠴᠢ ᠪᠡᠷ ᠬᠢᠨᠠᠨ ᠡᠵᠡᠮᠳᠡᠬᠦ᠂ ᠡᠭᠦᠯᠡᠨ ᠳᠠᠪᠴᠠᠩ ᠵᠢᠡᠷ ᠮᠡᠳᠡᠭᠦᠯᠬᠦ ᠵᠡᠷᠭᠡ ᠮᠡᠷᠭᠡᠵᠢᠯ᠎ᠢ ᠬᠦᠨ ᠠᠭᠤᠰᠤᠯᠴᠠᠭᠤᠯᠵᠦ᠂ ᠮᠠᠨᠳᠤᠯ ᠬᠢᠯᠢ ᠵᠢᠨ ᠪᠤᠭᠤᠮᠳᠠ ᠵᠢᠨ ᠠᠵᠢᠯ᠎ᠢ 《ᠤᠶᠤᠨᠴᠢ ᠪᠡᠷ ᠰᠡᠷᠡᠨ ᠮᠡᠳᠡᠷᠡᠬᠦ᠂ ᠵᠠᠢ ᠦᠭᠡᠢ ᠠᠪᠴᠠᠯᠳᠤᠭᠤᠯᠬᠤ᠂ ᠪᠦᠬᠦ ᠶᠠᠪᠤᠴᠠ᠎ᠳᠤ ᠬᠢᠨᠠᠨ ᠡᠵᠡᠮᠳᠡᠬᠦ》 ᠲᠡᠢᠰᠢ ᠠᠬᠢᠬᠤ᠎ᠳᠤ ᠠᠬᠢᠭᠤᠯᠬᠤ ᠦᠢᠯᠡᠳᠦᠯ ᠦᠵᠡᠭᠦᠯᠵᠡᠢ᠃

《AGV ᠵᠢᠨ ᠲᠦᠷᠦᠯ ᠵᠦᠢᠯ ᠠᠰᠢᠭᠯᠠᠯᠳᠠ᠎ᠳᠤ ᠤᠷᠤᠭᠰᠠᠨ  ᠎ᠤ  ᠲᠠᠷᠠᠭ᠎ᠠ᠂ ᠪᠠᠷᠠᠭᠠᠨ᠎ᠤ ᠪᠤᠭᠤᠮᠳᠠ ᠦᠩᠬᠡᠷᠡᠬᠦ ᠴᠠᠭ ᠨᠢ ᠪᠠᠷᠤᠭ 50% ᠪᠡᠷ ᠪᠤᠭᠤᠨᠢᠰᠴᠦ᠂ ᠬᠦᠮᠦᠨ᠎ᠤ ᠬᠦᠴᠦᠨ᠎ᠤ ᠦᠷᠳᠡᠭ ᠨᠢ 30% ᠡᠴᠡ ᠲᠡᠭᠡᠭᠰᠢ ᠪᠡᠷ ᠪᠠᠭᠤᠷᠠᠵᠠᠢ》 ᠬᠡᠵᠦ ᠢ ᠳᠠ ᠶᠦᠨ ᠵᠢᠢ᠎ᠤᠶᠤᠨᠴᠢ ᠪᠠᠷᠠᠭᠠᠨ᠎ᠤ ᠬᠦᠢᠯᠭᠡᠭᠡᠨ ᠎ᠤ ᠬᠢᠵᠠᠭᠠᠷᠳᠤ ᠺᠤᠮᠫᠠᠨᠢ ᠵᠢᠨ AGV ᠵᠢᠨ ᠲᠦᠷᠤᠯ ᠵᠦᠢᠯ᠎ᠢ ᠬᠠᠷᠢᠭᠤᠴᠠᠵᠦ ᠪᠠᠢᠭ᠎ᠠ ᠢᠨᠵᠧᠨᠧᠷ ᠸᠠᠩ ᠴᠢᠩ ᠴᠢᠩ ᠶᠠᠷᠢᠵᠦ ᠪᠠᠢᠯ᠎ᠠ᠃ ᠡᠨᠡ ᠬᠦ᠌ ᠦᠨᠳᠤᠷ ᠦᠷ᠎ᠠ ᠪᠦᠳᠦᠮᠵᠢᠲᠠᠢ ᠪᠦᠭᠡᠳ ᠲᠦᠭᠦᠮ ᠬᠢᠯᠪᠠᠷ ᠪᠤᠭᠤᠮᠳᠠ ᠨᠡᠪᠳᠡᠷᠡᠬᠦ ᠠᠷᠭ᠎ᠠ ᠵᠠᠮ ᠨᠢ ᠨᠡᠩ ᠤᠯᠠᠠ ᠠᠵᠤ ᠠᠬᠤᠢᠯᠠᠯ᠎ᠤᠨ ᠮᠠᠨᠳᠤᠯ ᠬᠢᠯᠢ ᠵᠢᠨ ᠪᠤᠭᠤᠮᠳᠠ ᠵᠢ ᠰᠤᠩᠭᠤᠨ ᠭᠠᠳᠠᠭᠠᠳᠤ ᠡᠴᠡ ᠤᠷᠤᠭᠤᠯᠵᠦ ᠭᠠᠳᠠᠭᠠᠳᠤ᠎ᠳᠤ ᠭᠠᠷᠭᠠᠬᠤ ᠵᠢ ᠲᠠᠲᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号