ᠥᠪᠥᠷ ᠮᠣᠩᠭᠣᠯ ᠳᠡᠭᠡᠷ᠎ᠠ ᠳᠤᠤᠷ᠎ᠠ ᠱᠠᠲᠤ ᠪᠠᠷ ᠵᠢᠡᠨ ᠬᠣᠯᠪᠣᠭᠠᠯᠠᠨ ᠬᠥᠳᠡᠯᠦᠯᠴᠡᠵᠦ᠍ ᠠᠮᠤ ᠪᠤᠳᠠᠭ᠎ᠠ ᠵᠢᠨ ᠦᠶ᠋ᠯᠡᠳᠪᠦᠷᠢᠯᠡᠯ ᠢ᠋ ᠯᠠᠪᠳᠠᠭᠤᠨ ᠪᠠᠲᠤᠲᠠᠶ ᠠᠬᠢᠭᠤᠯᠵᠤ ᠪᠠᠢᠨ᠎ᠠ
2026-03-18 09:33:53
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠠᠮᠤ ᠪᠤᠳᠠᠭᠠᠨ ᠤ᠋ ᠠᠮᠤᠷ ᠲᠦᠪᠱᠢᠨ ᠤ᠋ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠂ ᠣᠷᠣᠨ ᠳᠠᠶᠠᠭᠠᠷ ᠶ᠋ᠢᠡᠨ ᠬᠣᠯᠪᠣᠭᠠᠯᠠᠨ ᠬᠥᠳᠡᠯᠦᠯᠴᠡᠵᠦ᠍᠂ 2026 ᠣᠨ ᠤ᠋ ᠪᠥᠬᠥ᠌ ᠣᠷᠣᠨ ᠤ᠋ ᠠᠮᠤ ᠪᠤᠳᠠᠭ᠎ᠠ ᠵᠢᠨ ᠦᠶ᠋ᠯᠡᠳᠪᠦᠷᠢᠯᠡᠯ ᠢ᠋ ᠯᠠᠪᠳᠠᠭᠤᠨ ᠪᠠᠲᠤᠲᠠᠶ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ ᠶ᠋ᠢᠨ ᠰᠠᠭᠤᠷᠢ ᠵᠢ ᠪᠡᠬᠢᠵᠢᠭᠦᠯᠵᠦ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠲᠠᠷᠢᠮᠠᠯ ᠤ᠋ᠨ ᠦᠢᠯᠡᠰ  ᠤ᠋ᠨ ᠬᠠᠮᠢᠶᠠᠷᠤᠯᠲᠠ ᠵᠢᠨ ᠭᠠᠵᠠᠷ ᠨᠢᠳᠤᠨᠤᠨ ᠤ᠋ 9 ᠰᠠᠷ᠎ᠠ ᠡᠴᠡ ᠡᠬᠢᠯᠡᠨ ᠡᠯ᠎ᠡ ᠠᠢᠮᠠᠭ ᠬᠤᠲᠠ ᠲᠠᠢ ᠵᠤᠯᠭᠠᠯᠴᠠᠭ᠎ᠠ ᠦᠷᠨᠢᠭᠦᠯᠵᠤ᠂ 2026 ᠤᠨ ᠤ᠋ ᠠᠮᠤ ᠪᠤᠳᠠᠭ᠎ᠠ ᠵᠢᠨ ᠦᠢᠯᠡᠳᠪᠦᠷᠢᠯᠡᠯ ᠤ᠋ᠨ ᠭᠤᠤᠯᠳᠠᠯᠭ᠎ᠠ ᠲᠠᠢ ᠠᠵᠢᠯ ᠢ᠋ ᠪᠠᠢᠷᠢᠯᠠᠭᠤᠯᠤᠨ᠂ 《ᠲᠠᠷᠢᠮᠠᠯ ᠤ᠋ᠨ ᠦᠢᠯᠡᠰ ᠤ᠋ᠨ ᠭᠣᠣᠯᠳᠠᠯᠭ᠎ᠠ ᠲᠠᠶ ᠡᠭᠦᠷᠭᠡ ᠵᠢᠨ ᠨᠠᠷᠢᠨ ᠳᠠᠡᠭᠰᠠ》 ᠵᠢ ᠨᠠᠢᠷᠠᠭᠤᠯᠤᠨ ᠲᠠᠷᠬᠠᠭᠠᠪᠠ᠃ ᠡᠭᠦᠨ ᠤ᠋ ᠬᠠᠮᠲᠤ  《ᠵᠠᠭᠤᠨ ᠳ᠋ᠦ᠋ᠡᠭᠰᠢᠭᠤᠷ ᠵᠢᠡᠭ ᠨᠡᠮᠡᠭᠳᠡᠭᠦᠯᠵᠦ ᠮᠢᠡᠭᠭᠠᠨ ᠳ᠋ᠦᠡᠭᠰᠢᠭᠤᠷ ᠵᠢᠡᠭ ᠢ᠋ ᠳᠠᠪᠠᠭᠤᠯᠬᠤ》  ᠢᠨᠵᠸᠨ᠋ᠸᠷᠢᠡᠭ ᠢ᠋ ᠳᠤᠷᠠᠳᠤᠨ ᠭᠠᠷᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠪᠣᠯᠤᠨ《ᠠᠷᠪᠠᠨ ᠵᠢᠷᠭᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ ᠠᠮᠤ ᠪᠤᠳᠠᠭᠠᠨ ᠤ᠋ ᠤᠨᠠᠯᠲᠠ ᠵᠢ ᠲᠤᠰ ᠲᠤᠰ ᠵᠠᠭᠤᠨ ᠳ᠋ᠦᠩᠱᠢᠭᠤᠷ ᠵᠢᠩ ᠡᠴᠡ ᠳᠡᠭᠡᠭ᠌ᠰᠢ ᠨᠡᠮᠡᠭ᠌ᠳᠡᠭᠦᠯᠬᠦ᠌ ᠪᠡᠷ ᠴᠢᠷᠮᠠᠢᠵᠤ᠂ 5 — 10 ᠵᠢᠯ ᠤ᠋ᠨ ᠴᠢᠷᠮᠠᠢᠯᠭ᠎ᠠ ᠪᠠᠷ ᠳᠠᠮᠵᠢᠨ ᠠᠮᠤ ᠪᠤᠳᠠᠭᠠᠨ ᠤ᠋ ᠶᠡᠷᠦᠩᠬᠡᠢ ᠤᠨᠠᠯᠲᠠ ᠵᠢ ᠮᠢᠩᠭᠠᠨ ᠳ᠋ᠦᠩᠱᠢᠭᠤᠷ ᠵᠢᠡᠭ ᠳ᠋ᠦ ᠬᠦᠷᠭᠡᠬᠦ᠌ ᠪᠡᠷ ᠲᠦᠰᠦᠪᠯᠡᠵᠦ ᠪᠠᠢᠨ᠎ᠠ᠃

ᠨᠢᠳᠤᠨᠤᠨ ᠤ᠋ 11 ᠰᠠᠷ᠎ᠠ ᠳ᠋ᠤ ᠦᠪᠡᠷᠳᠡᠬᠡᠨ ᠵᠠᠰᠠᠬᠤ ᠤᠷᠤᠨ ᠡᠴᠡ 2026 ᠣᠨ ᠤ᠋ ᠪᠥᠬᠥ᠌ ᠣᠷᠣᠨ ᠤ᠋ ᠲᠠᠷᠢᠮᠠᠯ ᠤ᠋ᠨ ᠦᠶ᠋ᠯᠡᠰ ᠤ᠋ᠨ ᠠᠵᠢᠯ ᠢ᠋ ᠲᠥᠰᠦᠪᠯᠡᠬᠦ᠌ ᠬᠤᠷᠠᠯ ᠬᠢᠵᠤ᠂ 《ᠭᠤᠤᠯ ᠪᠣᠯᠬᠤ ᠠᠮᠤ ᠲᠣᠰᠣᠨ ᠤ᠋ ᠲᠠᠷᠢᠮᠠᠯ ᠤ᠋ᠨ ᠮᠦ᠍ ᠨᠢᠭᠡᠴᠢ ᠵᠢᠨ ᠤᠨᠠᠯᠲᠠ ᠵᠢ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ ᠵᠢᠨ ᠣᠨ》  ᠤ᠋ ᠠᠵᠢᠯᠯᠠᠭ᠎ᠠ ᠵᠡᠷᠭᠡ ᠭᠤᠤᠯᠳᠠᠯᠭ᠎ᠠ ᠲᠠᠶ ᠠᠵᠢᠯ ᠢ᠋ ᠲᠣᠬᠢᠷᠠᠭᠤᠯᠤᠨ ᠪᠠᠢᠷᠢᠯᠠᠭᠤᠯᠪᠠ᠃ ᠡᠨᠡ ᠵᠢᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ ᠤ᠋ ᠠᠵᠢᠯ ᠤ᠋ᠨ ᠬᠤᠷᠠᠯ ᠤ᠋ᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠲᠡᠷᠡ ᠳᠠᠷᠤᠶ ᠳ᠋ᠤᠨᠢ ᠪᠥᠬᠥ᠌ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠵᠢᠨ ᠳᠠᠷᠤᠭ᠎ᠠ᠎ᠨᠠᠷ ᠤ᠋ᠨ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠵᠤ᠂ ᠪᠥᠬᠥ᠌ ᠣᠷᠣᠨ ᠤ᠋ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠱᠢᠨ᠎ᠡ ᠮᠡᠷᠭᠡᠵᠢᠯ ᠤ᠋ᠨ ᠪᠤᠯᠪᠠᠰᠤᠷᠠᠯ ᠤ᠋ᠨ ᠰᠠᠷ᠎ᠠ ᠵᠢᠨ ᠠᠵᠢᠯᠯᠠᠭ᠎ᠠ ᠵᠢ ᠡᠬᠢᠯᠡᠭᠦᠯᠪᠡ᠃ ᠡᠭᠦᠨ ᠳ᠋ᠦ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠰᠤᠳᠤᠯᠤᠭ᠍ᠴᠢ ᠯᠢ ᠱᠤᠤ ᠺᠦᠨ ᠢ᠋ ᠤᠷᠢᠵᠤ ᠠᠮᠤ ᠪᠤᠳᠠᠭᠠᠨ ᠤ᠋ ᠦᠶ᠋ᠯᠡᠳᠪᠦᠷᠢᠯᠡᠯ ᠪᠠ ᠶᠡᠬᠡ ᠬᠡᠪᠴᠢᠶ᠎ᠡ ᠪᠡᠷ ᠲᠠᠷᠢᠬᠤ ᠲᠠᠷᠢᠮᠠᠯ ᠤ᠋ᠨ ᠮᠦ᠍ ᠨᠢᠭᠡᠴᠢ ᠵᠢᠨ ᠤᠨᠠᠯᠲᠠ ᠵᠢ ᠳᠡᠭᠡᠭ᠌ᠰᠢᠯᠡᠭᠦᠯᠬᠦ᠌ ᠲᠤᠬᠠᠶ ᠲᠤᠰᠭᠠᠶ ᠰᠡᠳᠦᠪᠲᠦ ᠡᠷᠳᠡᠮ ᠱᠢᠨᠵᠢᠯᠡᠭᠡᠨ ᠤ᠋ ᠲᠠᠢᠯᠤᠮᠵᠢ ᠬᠢᠯᠭᠡᠵᠦ᠍᠂ ᠦᠪᠡᠷᠲᠡᠭᠡᠨ ᠵᠠᠰᠠᠬᠤ ᠤᠷᠤᠨ᠂ ᠠᠢᠮᠠᠬ ᠬᠤᠲᠠ ᠪᠠ ᠬᠤᠰᠢᠭᠤ ᠰᠢᠶᠠᠨ ᠤ᠋ ᠭᠤᠷᠪᠠᠨ ᠱᠠᠲᠤᠨ ᠤ᠋ ᠮᠠᠯ ᠠᠵᠤ ᠠᠬᠤᠢ ᠲᠠᠷᠢᠶᠠᠯᠠᠡᠭ ᠤ᠋ᠨ ᠰᠠᠯᠠᠭ᠎ᠠ ᠮᠦᠴᠢᠷ ᠤ᠋ᠨ 3873 ᠺᠠᠳ᠋ᠷ ᠤᠷᠤᠯᠴᠠᠵᠤ᠂ ᠪᠦᠬᠦ ᠤᠷᠤᠨ ᠤ᠋ ᠠᠮᠤ ᠪᠤᠳᠠᠭᠠᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠨᠡᠮᠡᠭᠳᠡᠭᠦᠯᠬᠦ ᠪᠤᠯᠪᠠᠰᠤᠷᠠᠯ ᠤ᠋ᠨ ᠬᠦᠰᠢᠭᠡ ᠵᠢ ᠰᠡᠬᠦᠵᠠᠢ᠃ ᠡᠭᠦᠨ ᠤ᠋  ᠬᠠᠮᠲᠤ ᠪᠠᠰᠠ ᠯᠢ ᠫᠸᠢ ᠦ᠋ ᠠᠺᠠᠳᠧᠮᠢᠴᠢ᠂ ᠺᠠᠩ ᠱᠤᠤ ᠵᠥᠩ ᠠᠺᠠᠳᠧᠮᠢᠴᠢ᠂ ᠹᠦ᠋ ᠲᠢᠩ ᠳ᠋ᠦᠩ ᠠᠺᠠᠳᠧᠮᠢᠴᠢ ᠪᠣᠯᠤᠨ ᠯᠢ ᠱᠤᠤ ᠺᠦᠨ ᠰᠤᠳᠤᠯᠤᠭ᠍ᠴᠢ ᠵᠡᠷᠭᠡ 4 ᠨᠡᠷ᠎ᠡ ᠬᠦᠨᠳᠦᠲᠦ ᠠᠺᠠᠳᠧᠮᠢᠴᠢ ᠲᠤᠰᠭᠠᠶ ᠮᠡᠷᠭᠡᠵᠢᠯᠲᠡᠨ ᠢ᠋  ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠵᠥᠪᠯᠡᠭ᠌ᠴᠢ ᠪᠡᠷ ᠤᠷᠢᠪᠠ᠃

ᠤᠢᠯᠠᠭᠠᠭᠰᠠᠨ ᠶ᠋ᠢᠡᠷ᠂ ᠣᠳᠣᠬᠠᠨ ᠪᠣᠯᠲᠠᠯ᠎ᠠ ᠪᠦᠬᠦ ᠤᠷᠤᠨ ᠤ᠋ ᠡᠯ᠎ᠡ ᠭᠠᠵᠠᠷ ᠤ᠋ᠨ ᠬᠢᠨ ᠠᠳᠠᠯᠢ ᠪᠤᠰᠤ ᠬᠡᠯᠪᠡᠷᠢ ᠵᠢᠨ ᠪᠤᠯᠪᠠᠰᠤᠷᠠᠯ ᠢ᠋ ᠨᠢᠬᠡᠨᠳᠡ 500 ᠭᠠᠷᠤᠶ ᠬᠤᠭᠤᠴᠠᠭ᠎ᠠ ᠵᠣᠬᠢᠶᠠᠨ ᠪᠠᠢᠭᠤᠯᠤᠨ ᠦᠷᠨᠢᠬᠦᠯᠵᠤ᠂ ᠣᠷᠣᠨ ᠳᠠᠶᠠᠭᠠᠷ ᠲᠦ᠍ ᠠᠮᠤ ᠪᠤᠳᠠᠭ᠎ᠠ ᠵᠢᠨ ᠦᠶ᠋ᠯᠡᠳᠪᠦᠷᠢᠯᠡᠯ ᠢ᠋ ᠯᠠᠪᠳᠠᠭᠤᠨ ᠪᠠᠲᠤᠲᠠᠶ ᠠᠬᠢᠭᠤᠯᠵᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠳᠤᠷ ᠡᠬᠢᠯᠡᠬᠦᠯᠬᠦ ᠲᠠᠯ᠎ᠠ ᠪᠡᠷ《ᠦᠵᠡᠯ ᠰᠠᠨᠠᠭ᠎ᠠ ᠪᠠᠨ ᠨᠢᠭᠡᠳᠭᠡᠵᠦ᠍᠂ ᠦᠶ᠋ᠯᠡ ᠠᠵᠢᠯᠯᠠᠭ᠎ᠠ ᠪᠠᠨ ᠨᠢᠭᠡᠳᠭᠡᠬᠦ᠌》 ᠰᠠᠢᠨ ᠰᠠᠢᠬᠠᠨ ᠠᠭᠤᠷ ᠠᠮᠢᠰᠭᠤᠯ ᠢ᠋ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号