ᠲᠦᠩᠯᠢᠶᠣᠣ ᠬᠤᠳᠠ᠎ᠶᠢᠨ ᠺᠠᠢᠯᠤ ᠰᠢᠶᠠᠨ ᠪᠣᠯ ᠪᠠᠷᠠᠭᠤᠨ ᠯᠢᠶᠣᠤᠾᠧ ᠭᠣᠣᠯ᠎ᠤᠨ ᠲᠤᠨᠤᠮᠠᠯ ᠲᠠᠯ᠎ᠠ ᠭᠠᠵᠠᠷ᠎ᠤᠨ ᠥᠷᠥᠴᠡᠨ ᠳ᠋ᠤ ᠤᠷᠤᠰᠢᠨ᠂ ᠡᠷᠳᠡᠨᠢ ᠰᠢᠰᠢᠲᠠᠷᠢᠬᠤ ᠳᠡᠯᠡᠬᠡᠢ᠎ᠶᠢᠨ ᠬᠠᠮᠤᠭ ᠤᠨ ᠲᠤᠬᠢᠷᠠᠮᠵᠢᠳᠠᠢ ᠪᠦᠰᠡ᠎ᠳᠦ ᠬᠠᠷᠢᠶᠠᠯᠠᠬᠳᠠᠨ᠎ᠠ᠃ ᠣᠨᠴᠠᠭᠠᠢ ᠠᠭᠤᠷ ᠠᠮᠢᠰᠬᠤᠯ ᠪᠣᠯᠣᠨ ᠬᠥᠷᠥᠰᠥ ᠰᠢᠷᠣᠢ᠎ᠶᠢᠨ ᠨᠥᠬᠥᠴᠡᠯ ᠡᠴᠡ ᠪᠤᠯᠵᠤ ᠡᠨᠳᠡᠬᠢ ᠡᠷᠳᠡᠨᠢ ᠰᠢᠰᠢᠴᠢᠨᠠᠷ ᠰᠠᠢᠲᠠᠢ ᠬᠡᠮᠡᠨ ᠠᠯᠳᠠᠷᠰᠢᠵᠠᠢ᠃ ᠣᠢᠷ᠎ᠠ᠎ᠶᠢᠨ ᠵᠢᠯ᠎ᠡᠴᠡ ᠨᠠᠭᠠᠰᠢ᠂ ᠺᠠᠢᠯᠤ ᠰᠢᠶᠠᠨ ᠡᠷᠳᠡᠨᠢ ᠰᠢᠰᠢ᠎ᠶᠢ 《ᠭᠠᠳᠠᠭ᠍ᠰᠢ ᠳᠡᠭᠡᠭᠡᠪᠥᠷᠢᠯᠡᠵᠤ ᠳᠣᠲᠣᠭᠠᠳᠤ᠎ᠳᠠᠭᠠᠨ ᠪᠣᠷᠣᠯᠠᠭᠤᠯᠬᠤ》 ᠬᠣᠶᠠᠷ ᠵᠠᠮ ᠵᠢᠨᠷ ᠵᠠᠮᠨᠠᠬᠤ ᠵᠢ ᠪᠠᠷᠢᠮᠳᠠᠯᠠᠨ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠬᠦᠴᠦᠨ ᠪᠣᠯᠤᠭᠰᠠᠨ᠎ᠢᠶᠠᠷ ᠪᠠᠷᠠᠬᠤ ᠦᠭᠡᠢ᠂ ᠪᠠᠰᠠ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠡᠮ ᠡᠮᠨᠡᠯᠭᠡ ᠶᠢᠨ ᠠᠵᠤ ᠦᠢᠯᠡᠰ᠎ᠢ ᠬᠥᠭᠵᠢᠭᠦᠯᠬᠦ᠎ᠪᠡᠷ ᠳᠠᠮᠵᠢᠨ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠵᠤ ᠪᠤᠢ᠃
《 ᠤᠮᠠᠷᠠᠲᠤ ᠶᠢᠨ ᠠᠮᠤ ᠪᠤᠳᠠᠭ᠎ᠠ᠎ᠶᠢ ᠡᠮᠦᠨᠡᠰᠢ ᠳᠡᠭᠡᠭᠡᠪᠥᠷᠢᠯᠡᠵᠤ》 ᠤᠯᠤᠰ᠎ᠤᠨ ᠠᠮᠤ ᠪᠤᠳᠠᠭᠠᠨ᠎ᠤ ᠠᠮᠤᠷ ᠲᠥᠪᠰᠢᠨ᠎ᠢ ᠪᠠᠳᠤᠯᠠᠨ᠎ᠠ
ᠤᠢᠷ᠎ᠠ᠎ᠳᠤ᠂ ᠰᠤᠷᠪᠤᠯᠵᠢᠯᠠᠭᠴᠢ ᠲᠦᠩᠯᠢᠶᠣᠣ ᠬᠤᠳᠠ᠎ᠶᠢᠨ ᠳᠦᠩ ᠰᠢᠩ ᠠᠮᠤ ᠳᠤᠰᠤᠨ᠎ᠤ ᠠᠷᠠᠯᠵᠢᠶᠠᠨ᠎ᠤ ᠬᠢᠵᠠᠭᠠᠷᠲᠤ ᠺᠣᠮᠫᠠᠨᠢ᠎ᠶᠢᠨ ᠳ᠋ᠦᠩ ᠯᠠᠢ ᠠᠮᠤ ᠪᠤᠳᠠᠭᠠᠨ᠎ᠤ ᠬᠥᠮᠥᠷᠭᠡᠨ᠎ᠳᠦ ᠬᠦᠷᠬᠦ᠎ᠳᠤ ᠠᠮᠤ ᠪᠤᠳᠠᠭ᠎ᠠ ᠳᠡᠭᠡᠭᠡᠪᠥᠷᠢᠯᠡᠭᠰᠡᠨ ᠲᠡᠷᠭᠡ ᠨᠤᠬᠦᠳ ᠡᠮᠬᠢ ᠳᠢᠭ᠌ᠯᠢᠮᠲᠠᠢᠰᠦᠯᠵᠢᠯᠳᠦᠵᠦ᠂ ᠳᠠᠮᠵᠢᠭᠤᠯᠬᠤ ᠪᠦᠰᠡ ᠪᠥᠬᠥ ᠬᠥᠴᠥᠨ ᠵᠢᠨᠷ ᠡᠷᠬᠢᠯᠳᠥᠨ᠂ ᠠᠴᠢᠶᠠᠨ᠎ᠤ ᠮᠠᠰᠢᠨ ᠲᠡᠭᠡᠭᠡᠪᠦᠷᠢᠯᠡᠭᠰᠡᠨ ᠡᠷᠳᠡᠨᠢ ᠰᠢᠰᠢ᠎ᠪᠠᠨ ᠴᠢᠩᠭᠡᠯᠢᠭᠲᠦ ᠴᠢᠳᠬᠤᠭᠠᠳ᠂ ᠳᠥᠭᠥᠷᠦᠭᠰᠡᠨᠤ ᠬᠤᠢᠨ᠎ᠠ ᠲᠤᠮᠤ ᠡᠷᠭᠥᠭᠥᠷ ᠮᠠᠰᠢᠨ ᠴᠢᠩᠭᠡᠯᠢᠭ᠎ᠢ ᠭᠠᠯᠳᠥ ᠳᠡᠷᠭᠡᠨ ᠳᠡᠭᠡᠷ᠎ᠡ ᠨᠢᠭᠡᠳ ᠨᠢᠭᠡ ᠪᠡᠷ ᠯᠠᠪᠳᠠᠭᠤᠨ ᠲᠠᠯᠪᠢᠨ᠂ ᠡᠮᠦᠨᠡᠰᠢ ᠮᠣᠷᠳᠠᠬᠤ ᠪᠡᠷ ᠪᠡᠯᠡᠳᠭᠡᠵᠤ ᠪᠠᠢᠯ᠎ᠠ᠃ ᠲᠤᠰ ᠠᠮᠤ ᠪᠤᠳᠠᠭᠠᠨ᠎ᠤ ᠬᠥᠮᠥᠷᠭᠡᠨᠤ ᠬᠠᠷᠢᠭᠤᠴᠠᠯᠭᠠᠲᠠᠨ ᠯᠢᠦ ᠶᠦᠩ᠄ 《ᠺᠣᠮᠫᠠᠨᠢ᠎ᠶᠢᠨ ᠲᠡᠮᠦᠷ ᠵᠠᠮ ᠤᠨ ᠲᠤᠰᠬᠠᠢ ᠱᠤᠭᠤᠮ᠎ᠢ 2011 ᠣᠨ᠎ᠳᠤ ᠠᠰᠢᠭ᠍ᠯᠠᠯᠲᠠ᠎ᠳᠤ ᠣᠷᠣᠭᠤᠯᠵᠤ᠂ ᠡᠬᠢᠨ᠎ᠦ ᠬᠤᠭᠤᠴᠠᠭᠠᠨ᠎ᠳᠤ ᠠᠴᠢᠶᠠᠨ ᠪ ᠲᠡᠷᠭᠡ᠎ᠪᠡᠷ ᠲᠡᠭᠡᠭᠡᠪᠦᠷᠢᠯᠡᠳᠡᠭ ᠪᠠᠢᠵᠤ᠂ 2016 ᠣᠨ᠎ᠠᠴᠠ ᠡᠬᠢᠯᠡᠨ ᠳᠡᠰ ᠳᠡᠪᠰᠢᠭᠦᠯᠦᠭᠡᠳ ᠳᠠᠮᠵᠢᠨ ᠴᠢᠩᠭᠡᠯᠢᠭ᠎ᠢᠶᠡᠷ ᠲᠡᠭᠡᠭᠡᠪᠦᠷᠢᠯᠡᠬᠥ ᠪᠤᠯᠭᠠᠵᠤ᠂ ᠤᠳᠤ ᠵᠢᠯ ᠳᠤᠮᠳᠠᠴᠢ᠎ᠶᠢᠨ ᠲᠡᠭᠡᠭᠡᠪᠦᠷᠢᠯᠡᠬᠦ ᠬᠡᠮᠵᠢᠶ᠎ᠡ 80 ᠲᠦᠮᠡᠨ ᠲᠣᠨ᠎ᠠᠴᠠ 100 ᠲᠦᠮᠡᠨ ᠲᠣᠨ ᠳ᠋ᠤ ᠬᠦᠷᠴᠥ ᠪᠤᠢ》 ᠭᠡᠵᠤ ᠰᠤᠷᠪᠤᠯᠵᠢᠯᠠᠭᠴᠢ᠎ᠳᠤ ᠲᠠᠨᠢᠯᠴᠠᠭᠤᠯᠤᠨ᠎ᠠ᠃
ᠺᠠᠢᠯᠤ ᠰᠢᠶᠠᠨ ᠪᠣᠯ 《ᠪᠦᠬᠦ ᠤᠯᠤᠰ ᠤᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠲᠡᠷᠢᠭᠦᠨ᠎ᠦ ᠰᠢᠶᠠᠨ》᠂ 《ᠤᠯᠤᠰ᠎ᠤᠨ ᠠᠮᠤ ᠪᠤᠳᠠᠭᠠᠨ ᠤ ᠭᠠᠷᠤᠯᠲᠠ᠎ᠶᠢᠨ ᠲᠣᠮᠣ᠌ ᠰᠢᠶᠠᠨ》 ᠪᠠᠢᠵᠤ᠂ ᠡᠷᠳᠡᠨᠢ ᠰᠢᠰᠢ ᠨᠢ ᠲᠤᠰ ᠰᠢᠶᠠᠨ᠎ᠤ ᠭᠤᠤᠯ ᠲᠠᠷᠢᠮᠠᠯ ᠪᠤᠯᠬᠤ ᠶᠤᠮ᠃ ᠠᠮᠤ ᠪᠤᠳᠠᠭᠠᠨ᠎ᠤ ᠴᠢᠨᠠᠷ ᠰᠠᠢᠨ ᠥᠨᠳᠥᠷ ᠤᠨᠠᠯᠲᠠ ᠳᠠᠢ ᠵᠢ ᠪᠠᠲᠤᠯᠠᠬᠤ᠎ᠶᠢᠨ ᠲᠥᠯᠥᠭᠡ᠂ ᠲᠠᠷᠢᠮᠠᠯ᠎ᠤᠨ ᠦᠢᠯᠡᠰ᠎ᠦᠨ ᠭᠣᠣᠯᠳᠠᠯᠭ᠎ᠠ᠎ᠲᠠᠢ ᠲᠦᠷᠦᠯ ᠵᠦᠢᠯ᠎ᠦᠨ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ ᠪᠡᠷ ᠺᠠᠢᠯᠤ ᠰᠢᠶᠠᠨ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ ᠦᠨ ᠯᠢ ᠱᠤᠤ ᠺᠦᠨ ᠰᠤᠳᠤᠯᠤᠭ᠍ᠴᠢ᠎ᠶᠢᠨ ᠪᠦᠯᠬᠦᠮ᠎ᠦᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠰᠢᠶᠠᠨ᠎ᠢ ᠳᠠᠭᠠᠭᠠᠴᠢᠯᠠᠬᠤ》 ᠵᠠᠭᠪᠤᠷ᠎ᠲᠤ ᠲᠦᠰᠢᠭᠯᠡᠵᠦ᠂ ᠪᠦᠬᠦ ᠰᠢᠶᠠᠨ᠎ᠢᠶᠡᠷ ᠠᠬᠢᠭᠤᠯᠤᠨ᠂ ᠡᠷᠳᠡᠨᠢ ᠰᠢᠰᠢ᠎ᠶᠢ ᠨᠢᠭ᠍ᠲᠠ ᠲᠠᠷᠢᠵᠤ ᠨᠠᠷᠢᠨ ᠤᠨᠤᠴᠠᠳᠠᠢ ᠲᠣᠬᠢᠷᠠᠭᠤᠯᠤᠨ ᠡᠵᠡᠮᠳᠡᠬᠦ ᠮᠡᠷᠭᠡᠵᠢᠯ᠎ᠢ ᠳᠡᠯᠭᠡᠷᠡᠭᠥᠯᠥᠨ ᠬᠡᠷᠡᠭᠵᠢᠭᠥᠯᠪᠡ᠃ 2025 ᠣᠨ᠎ᠳᠤ᠂ ᠬᠥᠳᠡᠭᠡ ᠠᠵᠤ ᠠᠬᠤᠢ ᠪᠠ ᠬᠥᠳᠡᠭᠡ ᠲᠣᠰᠬᠣᠨ᠎ᠤ ᠶᠠᠮᠤᠨ᠎ᠤ ᠡᠷᠳᠡᠨᠢ ᠰᠢᠰᠢ᠎ᠶᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠨᠡᠮᠡᠭᠳᠡᠭᠦᠯᠬᠦ ᠢᠨᠵᠧᠨᠧᠷᠢᠩ᠎ᠦᠨ ᠲᠤᠰᠬᠠᠢ ᠮᠡᠷᠭᠡᠵᠢᠯᠲᠡᠨ᠎ᠦ ᠳᠤᠭᠤᠢᠯᠠᠩ ᠲᠤᠰ ᠰᠢᠶᠠᠨ᠎ᠤ ᠰᠢᠶᠣᠣ ᠵᠢᠶᠧ ᠵᠢᠢ ᠪᠠᠯᠭᠠᠰᠤᠨ᠎ᠤ ᠱᠤᠧᠠᠩ ᠫᠤᠤᠽᠢ ᠲᠣᠰᠬᠣᠨ᠎ᠤ ᠡᠷᠳᠡᠨᠢ ᠰᠢᠰᠢ᠎ᠶᠢᠨ ᠲᠠᠯᠠᠪᠠᠢ ᠨᠢᠭᠡᠴᠢ ᠶᠢᠨ ᠤᠨᠠᠯᠲᠠ᠎ᠶᠢ ᠨᠡᠮᠡᠭᠳᠡᠭᠦᠯᠬᠦ ᠠᠵᠢᠯᠯᠠᠭᠠᠦᠷᠨᠢᠭᠦᠯᠦᠭᠰᠡᠨ ᠭᠠᠵᠠᠷ ᠤᠨ ᠤᠨᠠᠯᠲᠠ ᠶᠢ ᠲᠤᠬᠠᠢ᠎ᠶᠢᠨ ᠭᠠᠵᠠᠷ ᠲᠤᠨᠢ ᠢᠷᠠᠵᠤ ᠬᠡᠮᠵᠢᠬᠦ᠎ᠳᠤ᠂ ᠮᠦ᠍ ᠳᠤᠮᠳᠠᠴᠢ ᠵᠢᠨ ᠤᠨᠠᠯᠲᠠ ᠨᠢ 1304.6 ᠺᠢᠯᠣᠭ᠌ᠷᠠᠮ᠎ᠳᠤ ᠬᠦᠷᠴᠥ᠂ ᠵᠡᠭᠦᠨ ᠬᠣᠢᠲᠤ ᠶᠢᠨ ᠬᠠᠪᠤᠷ ᠤᠨ ᠡᠷᠳᠡᠨᠢ ᠰᠢᠰᠢ᠎ᠶᠢᠨ ᠣᠷᠣᠨ᠎ᠤ ᠮᠢᠩᠭᠠᠨ ᠮᠦ᠍᠎ᠶᠢᠨ ᠤᠨᠠᠯᠲᠠ᠎ᠶᠢᠨ ᠲᠡᠮᠳᠡᠭᠯᠡᠯ᠎ᠢ ᠳᠠᠬᠢᠨᠲᠠ ᠰᠢᠨᠡᠳᠬᠡᠵᠡᠢ᠃ 2025 ᠣᠨ᠎ᠳᠤ ᠺᠠᠢᠯᠤ ᠰᠢᠶᠠᠨ᠎ᠤ ᠡᠷᠳᠡᠨᠢ ᠰᠢᠰᠢ᠎ᠶᠢᠨ ᠤᠨᠠᠯᠲᠠ 43 ᠳ᠋ᠦᠩᠰᠢᠭᠤᠷ ᠵᠢᠩ᠎ᠢ ᠳᠠᠪᠠᠬᠰᠠᠨ ᠪᠠᠢᠨ᠎ᠠ᠃
ᠺᠠᠢᠯᠤ ᠰᠢᠶᠠᠨ᠎ᠤ ᠰᠢᠷ᠎ᠠ ᠡᠷᠳᠡᠨᠢ ᠰᠢᠰᠢ ᠳᠦᠭᠦᠷᠡᠩ ᠠᠮᠤᠯᠠᠵᠤ᠂ ᠰᠢᠮ᠎ᠡ ᠲᠡᠵᠢᠭᠡᠯ ᠡᠯᠪᠡᠭ᠂ ᠭᠦᠢᠴᠡᠳᠬᠡᠯ ᠲᠣᠭ᠎ᠠ ᠨᠢ ᠲᠣᠭᠲᠠᠭᠤᠨ ᠪᠤᠯᠬᠤᠷ ᠣᠨᠴᠠᠭᠠᠢᠯᠠᠨ ᠡᠮᠦᠨᠡᠲᠦ ᠣᠷᠣᠨ ᠤ ᠲᠡᠵᠢᠭᠡᠨ ᠦᠷᠡᠵᠢᠭᠦᠯᠬᠦ᠂ ᠲᠡᠵᠢᠭᠡᠯ ᠪᠣᠷᠳᠣᠭ᠎ᠠ ᠦᠢᠯᠡᠳᠪᠦᠷᠢᠯᠡᠬᠦ ᠠᠵᠤ ᠠᠬᠤᠢᠯᠠᠯ ᠤᠨ ᠲᠤᠷᠤᠢ᠎ᠶᠢᠨ ᠲᠡᠵᠢᠭᠡᠯ ᠪᠣᠷᠳᠣᠭ᠎ᠠ ᠨᠠᠢᠷᠠᠭᠤᠯᠬᠤ᠎ᠳᠤ ᠲᠣᠬᠢᠷᠠᠳᠠᠭ ᠰᠢᠯᠢᠳᠡᠭ ᠲᠦᠭᠦᠬᠡᠢ ᠮᠠᠲᠧᠷᠢᠶᠠᠯ ᠪᠣᠯᠣᠨ᠎ᠠ᠃ ᠣᠢᠷ᠎ᠠ᠎ᠶᠢᠨ ᠵᠢᠯ᠎ᠡᠴᠡ ᠨᠠᠭᠠᠰᠢ᠂ ᠺᠠᠢᠯᠤ ᠰᠢᠶᠠᠨ ᠪᠡᠭᠡᠵᠢᠩ᠎ᠡᠴᠡ ᠲᠦᠩᠯᠢᠶᠤᠤ ᠬᠦᠷᠬᠦ ᠲᠡᠮᠦᠷ ᠵᠠᠮ ᠪᠣᠯᠣᠨ ᠳ᠋ᠠᠴᠢᠩ ᠡᠴᠡ ᠭᠤᠧᠠᠩᠵᠧᠥ ᠬᠥᠷᠬᠥ ᠲᠦᠷᠭᠡᠨ᠎ᠤ ᠵᠠᠮ᠂ 303 ᠤᠯᠤᠰ᠎ᠤᠨ ᠵᠠᠰᠠᠮᠠᠯ ᠵᠠᠮ᠂ 111 ᠤᠯᠤᠰ᠎ᠤᠨ ᠵᠠᠰᠠᠮᠠᠯ ᠵᠠᠮ ᠵᠡᠷᠭᠡ ᠵᠠᠮ ᠬᠠᠷᠢᠯᠴᠠᠭ᠎ᠠ ᠨᠡᠪᠲᠡᠷᠡᠭᠰᠡᠨ ᠳᠥᠭᠥᠮ ᠨᠥᠬᠥᠴᠡᠯ᠎ᠳᠦ ᠲᠦᠰᠢᠭᠯᠡᠵᠦ᠂ 《ᠤᠮᠠᠷᠠᠲᠤ᠎ᠶᠢᠨ ᠠᠮᠤ ᠪᠤᠳᠠᠭ᠎ᠠ᠎ᠶᠢ ᠡᠮᠦᠨᠡᠰᠢ ᠳᠡᠭᠡᠭᠡᠪᠥᠷᠢᠯᠡᠬᠥ》 ᠶ᠋ᠢ ᠠᠬᠢᠭᠤᠯᠥᠨ᠂ ᠺᠠᠢᠯᠤ ᠵᠢᠨ ᠰᠢᠷ᠎ᠠ ᠡᠷᠳᠡᠨᠢ ᠰᠢᠰᠢ᠎ᠶᠢ ᠬᠤᠨᠠᠨ᠂ ᠬᠤᠪᠧᠢ᠂ ᠵᠢᠶᠠᠩᠰᠤ᠂ ᠵᠢᠶᠠᠩᠰᠢ᠂ ᠠᠨᠾᠦ᠋ᠢ᠂ ᠹᠦᠵᠢᠶᠠᠨ᠂ ᠰᠧᠴᠦᠧᠠᠨ ᠵᠡᠷᠭᠡ ᠮᠤᠵᠢ ᠳᠡᠢᠰᠢ ᠳᠡᠭᠡᠭᠡᠪᠥᠷᠢᠯᠡᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠎ᠢ ᠪᠠᠲᠤᠯᠠᠬᠤ᠎ᠳᠤ《ᠠᠮᠤ ᠪᠤᠳᠠᠭᠠᠨ ᠤ ᠭᠠᠷᠤᠯᠲᠠ ᠶᠢᠨ ᠲᠣᠮᠣ᠌ ᠰᠢᠶᠠᠨ》 ᠤ᠋ ᠬᠤᠪᠢ ᠨᠡᠮᠡᠷᠢ ᠵᠢ ᠥᠵᠡᠭᠥᠯᠵᠤ ᠪᠤᠢ᠃
《ᠺᠠᠢᠯᠤ ᠰᠢᠶᠠᠨ᠎ᠤ ᠳ᠋ᠦᠩ ᠯᠠᠢ ᠠᠮᠤ ᠪᠤᠳᠠᠭᠠᠨ᠎ᠤ ᠪᠠᠷᠠᠭᠠᠨ᠎ᠤ ᠭᠦᠢᠯᠭᠡᠭᠡᠨ᠎ᠦ ᠰᠠᠭᠤᠷᠢᠨ᠎ᠳᠤ ᠨᠡᠢ᠍ᠢᠳᠡ 3 ᠠᠮᠤ ᠪᠤᠳᠠᠭᠠᠨ᠎ᠤ ᠪᠠᠷᠠᠭᠠᠨ᠎ᠤ ᠭᠦᠢᠯᠭᠡᠭᠡᠨ᠎ᠦ ᠲᠥᠪ᠎ᠲᠠᠢ ᠪᠠᠢᠵᠤ᠂ ᠶᠡᠷᠦᠩᠬᠡᠢ ᠲᠠᠯᠠᠪᠠᠢ ᠨᠢ 35 ᠲᠦᠮᠡᠨ ᠲᠡᠭᠰᠢ ᠳᠥᠷᠪᠡᠯᠵᠢᠨ ᠮᠧᠲᠷ᠂ ᠬᠥᠮᠥᠷᠭᠡ᠎ᠶᠢᠨ ᠪᠠᠭᠲᠠᠭᠠᠮᠵᠢ᠎ᠶᠢᠨ ᠶᠡᠷᠦᠩᠬᠡᠢ ᠬᠡᠮᠵᠢᠶ᠎ᠡ ᠨᠢ 30 ᠲᠦᠮᠡᠨ ᠲᠣᠨ᠎ᠳᠤ ᠬᠦᠷᠴᠦ᠂ ᠠᠮᠤ ᠪᠤᠳᠠᠭᠠᠨ᠎ᠤ ᠡᠳᠦᠷ᠎ᠦᠨ ᠠᠴᠢᠶᠠᠯᠠᠵᠤ ᠪᠠᠭᠤᠯᠭᠠᠬᠤ ᠴᠢᠳᠠᠪᠤᠷᠢ ᠲᠦᠮᠡᠨ ᠲᠣᠨ᠎ᠳᠤ ᠲᠤᠯᠵᠠᠢ᠃ ᠭᠣᠣᠯ ᠱᠤᠭᠤᠮ᠎ᠤᠨ ᠲᠡᠭᠡᠭᠡᠪᠦᠷᠢ᠂ ᠲᠥᠪᠯᠡᠷᠡᠭᠦᠯᠦᠨ ᠲᠠᠷᠬᠠᠭᠠᠬᠤ᠂ ᠬᠥᠮᠥᠷᠭᠡᠯᠡᠨ ᠬᠠᠳᠠᠭᠠᠯᠠᠬᠤ ᠦᠢᠯᠡᠴᠢᠯᠡᠭᠡ ᠵᠡᠷᠭᠡ ᠴᠢᠳᠠᠮᠵᠢ᠎ᠲᠠᠢ ᠪᠠᠢᠵᠤ᠂ ᠠᠮᠤ ᠪᠤᠳᠠᠭᠠᠨ᠎ᠤ ᠦᠢᠯᠡᠳᠪᠦᠷᠢᠯᠡᠯ᠂ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠥᠯᠬᠥ᠂ ᠪᠣᠷᠣᠯᠠᠭᠤᠯᠬᠤ ᠪᠥᠬᠥ ᠶᠠᠪᠤᠴᠠ᠎ᠶᠢᠨ ᠦᠢᠯᠡᠴᠢᠯᠡᠭᠡ ᠬᠠᠩᠭᠠᠨ᠂ ᠠᠮᠤ ᠪᠤᠳᠠᠭᠠᠨ᠎ᠤ ᠪᠠᠷᠠᠭᠠᠨ᠎ᠤ ᠭᠦᠢᠯᠭᠡᠭᠡᠨ᠎ᠦ ᠠᠵᠤ ᠦᠢᠯᠡᠰ᠎ᠦᠨ ᠪᠦᠷᠢᠨ ᠪᠦᠲᠦᠨ ᠬᠡᠯᠬᠢᠶ᠎ᠡ᠎ᠶᠢ ᠪᠦᠷᠢᠯᠳᠦᠭᠦᠯᠵᠡᠢ》 ᠭᠡᠵᠤ ᠺᠠᠢᠯᠤ ᠰᠢᠶᠠᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠠᠮᠤ ᠪᠤᠳᠠᠭᠠᠨ᠎ᠤ ᠲᠥᠯᠦᠪᠵᠢᠭᠦᠯᠭᠡ ᠬᠥᠭᠵᠢᠯᠲᠡ ᠬᠢᠭᠡᠳ ᠴᠢᠬᠤᠯᠠ ᠡᠳ᠋ ᠪᠣᠳᠠᠰ ᠨᠥᠭᠡᠴᠡᠯᠡᠬᠦ ᠲᠠᠰᠤᠭ᠎ᠤᠨ ᠬᠠᠷᠢᠭᠤᠴᠠᠯᠭᠠᠲᠠᠨ ᠮᠠ ᠰᠢᠶᠣᠣ ᠭᠤᠧᠠᠩ ᠲᠠᠨᠢᠯᠴᠠᠭᠤᠯᠵᠤ ᠪᠠᠢᠯ᠎ᠠ᠃ 2025 ᠣᠨ᠎ᠳᠤ᠂ ᠲᠣᠰ ᠰᠢᠶᠠᠨ ᠤ 《ᠤᠮᠠᠷᠠᠲᠤ᠎ᠶᠢᠨ ᠠᠮᠤ ᠪᠤᠳᠠᠭ᠎ᠠ᠎ᠶᠢ ᠡᠮᠦᠨᠡᠰᠢ ᠲᠡᠭᠡᠭᠡᠪᠦᠷᠢᠯᠡᠬᠦ》 ᠲᠡᠭᠡᠭᠡᠪᠦᠷᠢ᠎ᠶᠢᠨ ᠶᠡᠷᠦᠩᠬᠡᠢ ᠬᠡᠮᠵᠢᠶ᠎ᠡ ᠨᠢ ᠨᠡᠶ᠋ᠢᠲᠡ 150 ᠲᠦᠮᠡᠨ ᠲᠣᠨ ᠳ᠋ᠤ ᠬᠦᠷᠥᠭᠰᠡᠨ ᠪᠠᠢᠨ᠎ᠠ᠃
《ᠬᠡᠯᠬᠢᠶ᠎ᠡ》 ᠳᠡᠭᠡᠷ᠎ᠡ ᠬᠦᠴᠦᠯᠡᠵᠤ ᠠᠵᠤ ᠠᠬᠤᠢ᠎ᠶᠢᠨ ᠲᠦᠷᠭᠡᠨ ᠬᠥᠭᠵᠢᠯᠲᠡ᠎ᠶᠢ ᠠᠬᠢᠭᠤᠯᠤᠨ᠎ᠠ
ᠡᠷᠳᠡᠨᠢ ᠰᠢᠰᠢ᠎ᠶᠢᠨ ᠡᠯᠪᠡᠭ ᠡᠬᠢ ᠪᠠᠶᠠᠯᠢᠭ᠋᠎ᠲᠤ ᠲᠦᠰᠢᠭᠯᠡᠨ᠂ ᠺᠠᠢᠯᠤ ᠰᠢᠶᠠᠨ ᠡᠷᠳᠡᠨᠢ ᠰᠢᠰᠢ᠎ᠶᠢᠨ ᠠᠮᠢᠳᠤ ᠪᠣᠳᠠᠰ ᠤᠨ ᠡᠮ ᠡᠮᠨᠡᠯᠭᠡ᠎ᠶᠢᠨ ᠠᠵᠤ ᠦᠢᠯᠡᠰ᠎ᠢ ᠦᠷᠭᠦᠯᠵᠢᠯᠡᠨ ᠭᠦᠨᠵᠡᠭᠡᠢ ᠬᠥᠭᠵᠢᠭᠥᠯᠵᠤ᠂ 《ᠬᠡᠯᠬᠢᠶ᠎ᠡ》ᠵᠢᠨ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠨ᠂《ᠪᠦᠯᠦᠭᠵᠢᠯ》 ᠳᠡᠭᠡᠷ᠎ᠡ ᠬᠦᠴᠦ ᠪᠡᠨ ᠲᠥᠪᠯᠡᠷᠡᠭᠦᠯᠦᠨ ᠰᠢᠪᠲᠤᠯᠤᠯᠲᠠ ᠬᠢᠵᠦ᠂ ᠬᠣᠯᠪᠣᠭᠳᠠᠯ ᠪᠦᠬᠦᠢ ᠠᠵᠤ ᠠᠬᠤᠢᠯᠠᠯ᠎ᠤᠨ ᠴᠤᠭᠯᠠᠷᠠᠨ ᠬᠠᠮᠲᠤ ᠣᠷᠣᠰᠢᠬᠤ᠎ᠶᠢ ᠠᠬᠢᠭᠤᠯᠥᠨ᠂ ᠡᠷᠳᠡᠨᠢ ᠰᠢᠰᠢ᠎ᠶᠢᠨ ᠮᠥᠬᠥᠯᠢᠭ᠎ᠤᠨ ᠳᠠᠯᠳᠠ ᠬᠦᠴᠦᠨ᠎ᠢ ᠪᠠᠳᠠᠷᠠᠭᠤᠯᠵᠤ᠂ ᠰᠢᠶᠠᠨ᠎ᠤ ᠪᠦᠰᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠠ᠃
ᠰᠤᠷᠪᠤᠯᠵᠢᠯᠠᠭᠴᠢ ᠲᠦᠷᠦᠭᠦᠬᠡᠨ ᠥᠪᠥᠷ ᠮᠣᠩᠭᠣᠯ ᠤᠨ ᠢᠦᠢ ᠸᠠᠩ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠬᠢᠵᠠᠭᠠᠷᠲᠤ ᠺᠣᠮᠫᠠᠨᠢ᠎ᠶᠢᠨ ᠴᠠᠷᠳᠠᠭᠤᠯ᠎ᠢ ᠶᠡᠷᠦᠩᠬᠡᠢᠯᠡᠨ ᠨᠠᠷᠢᠯᠢᠭ᠋ ᠡᠳ᠋ᠰᠢᠭᠥᠯᠬᠥ ᠬᠣᠶᠠᠳᠤᠭᠠᠷ ᠬᠤᠭᠤᠴᠠᠭᠠᠨ᠎ᠤ ᠲᠥᠷᠥᠯ ᠵᠥᠢᠯ — ᠵᠢᠯ᠎ᠳᠦ 25 ᠲᠦᠮᠡᠨ ᠲᠣᠨ᠎ᠤ ᠯᠠᠢ᠍ᠢᠰᠢᠨ ᠰᠢᠪᠲᠦᠷᠲᠦ ᠬᠦᠴᠢᠯ ᠦᠢᠯᠡᠳᠪᠦᠷᠢᠯᠡᠬᠦ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠲᠤᠬᠠᠢ᠎ᠶᠢᠨ ᠲᠠᠯᠠᠪᠠᠢ ᠳᠤ ᠬᠦᠷᠬᠦ᠎ᠳᠦ᠂ ᠯᠠᠢ᠍ᠢᠰᠢᠨ ᠰᠢᠪᠲᠦᠷᠲᠦ ᠬᠦᠴᠢᠯ᠎ᠦᠨ ᠦᠢᠯᠡᠳᠪᠦᠷᠢᠯᠡᠯ᠎ᠦᠨ ᠱᠤᠭᠤᠮ ᠵᠢᠴᠢ ᠰᠢᠬᠢᠷ ᠦᠢᠯᠡᠳᠪᠦᠷᠢᠯᠡᠬᠦ᠂ ᠢᠰᠬᠡᠬᠦ ᠵᠡᠷᠭᠡ ᠢᠵᠢ ᠪᠦᠷᠢᠳᠦᠭᠦᠯᠥᠭᠰᠡᠨ ᠦᠢᠯᠡᠳᠪᠦᠷᠢ᠎ᠶᠢᠨ ᠲᠠᠰᠤᠭ ᠵᠢᠴᠢ ᠳᠠᠭᠠᠯᠲᠠ ᠲᠥᠬᠦᠭᠡᠷᠦᠮᠵᠢ᠎ᠶᠢ ᠤᠭᠰᠠᠷᠠᠬᠤ ᠠᠵᠢᠯ ᠰᠢᠪᠳᠤᠷᠠᠭᠠᠨ᠎ᠳᠠᠭᠠᠨ ᠤᠷᠤᠭᠠᠳ ᠪᠠᠢᠯ᠎ᠠ᠃
《ᠮᠠᠨ᠎ᠤ ᠺᠣᠮᠫᠠᠨᠢ 2025 ᠣᠨ᠎ᠤ 3 ᠰᠠᠷ᠎ᠠ᠎ᠶᠢᠨ 25᠎ᠤ᠋ ᠡᠳᠦᠷ ᠲᠥᠷᠥᠯ ᠵᠦᠢᠯ᠎ᠢ ᠡᠬᠢᠯᠡᠨ ᠪᠠᠢᠭᠤᠯᠵᠤ᠂ ᠡᠨᠡ ᠵᠢᠯ᠎ᠦᠨ 1 ᠰᠠᠷ᠎ᠠ᠎ᠳᠤ ᠲᠤᠷᠰᠢᠨ ᠡᠳ᠋ᠰᠢᠭᠥᠯᠬᠥ ᠨᠥᠬᠥᠴᠡᠯ᠎ᠳᠦ ᠬᠦᠷᠭᠡᠬᠥ ᠪᠡᠷ ᠴᠢᠷᠮᠠᠢᠵᠤ ᠪᠤᠢ᠂ ᠲᠥᠷᠥᠯ ᠵᠦᠢᠯ ᠠᠰᠢᠬᠯᠠᠯᠲᠠ᠎ᠳᠤ ᠤᠷᠤᠭᠰᠠᠨ᠎ᠤ ᠳᠠᠷᠠᠭ᠎ᠠ᠂ ᠵᠢᠯ ᠪᠦᠷᠢ ᠡᠷᠳᠡᠨᠢ ᠰᠢᠰᠢ᠎ᠶᠢᠨ ᠴᠠᠷᠳᠠᠭᠤᠯ᠎ᠢ 40 ᠲᠦᠮᠡᠨ ᠲᠣᠨ ᠬᠤᠪᠢᠷᠠᠭᠤᠯᠵᠤ᠂ ᠪᠣᠷᠤᠯᠠᠭᠤᠯᠭ᠎ᠠ᠎ᠶᠢᠨ ᠣᠷᠣᠯᠭ᠎ᠠ ᠶᠢ 25 ᠳ᠋ᠦᠩᠰᠢᠭᠤᠷ ᠲᠥᠭᠥᠷᠢᠭ ᠨᠡᠮᠡᠭᠳᠡᠭᠦᠯᠥᠨ᠂ 270 ᠬᠥᠮᠥᠨ᠎ᠦ ᠠᠵᠢᠯ ᠣᠯᠭᠣᠯᠲᠠ᠎ᠶᠢ ᠳᠠᠶ᠋ᠢᠴᠢᠯᠠᠨ᠎ᠠ᠂ ᠠᠵᠤ ᠦᠢᠯᠡᠰ᠎ᠦᠨ ᠬᠡᠯᠬᠢᠶ᠎ᠡ᠎ᠶᠢ ᠴᠢᠨᠠᠭᠰᠢᠳᠠ ᠤᠷᠲᠤᠳᠬᠠᠬᠤ᠎ᠶᠢᠨ ᠲᠥᠯᠥᠭᠡ᠂ ᠵᠠᠯᠭᠠᠭᠠᠳ ᠪᠢᠳᠡ ᠥᠪᠥᠷ ᠮᠣᠩᠭᠣᠯ᠎ᠤᠨ ᠬᠥᠭᠵᠢᠯᠲᠡ᠎ᠳᠦ ᠲᠣᠬᠢᠷᠠᠬᠤ ᠰᠢᠨ᠎ᠡ ᠲᠦᠷᠦᠯ ᠵᠦᠢᠯ᠎ᠢ ᠦᠷᠭᠦᠯᠵᠢᠯᠡᠨ ᠰᠢᠯᠢᠨ ᠰᠣᠩᠭᠣᠵᠤ᠂ 100 ᠳ᠋ᠦᠩᠰᠢᠭᠤᠷ ᠲᠥᠭᠥᠷᠢᠭ᠎ᠤᠨ ᠥᠢᠯᠡᠳᠪᠥᠷᠢᠯᠡᠯ᠎ᠤᠨ ᠥᠷᠳᠡᠭ ᠤᠨ ᠬᠠᠷᠠᠯᠲᠠ᠎ᠶᠢ ᠲᠦᠷᠭᠡᠨ ᠪᠡᠶᠡᠯᠡᠭᠦᠯᠬᠥ ᠪᠡᠷ ᠬᠦᠴᠦᠯᠡᠵᠦ ᠪᠤᠢ》 ᠭᠡᠵᠦ ᠥᠪᠥᠷ ᠮᠣᠩᠭᠣᠯ᠎ᠤᠨ ᠢᠦᠢ ᠸᠠᠩ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠮᠠ ᠵᠧᠩ ᠫᠧᠩ ᠬᠡᠯᠡᠵᠤ ᠪᠠᠢᠯ᠎ᠠ᠃
ᠥᠪᠥᠷ ᠮᠣᠩᠭᠣᠯ᠎ᠤᠨ ᠢᠦᠢ ᠸᠠᠩ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠢ 2005 ᠣᠨ᠎ᠳᠤ ᠪᠡᠯᠡ ᠣᠷᠣᠭᠤᠯᠤᠨ ᠪᠠᠢᠭᠤᠯᠵᠤ᠂ ᠡᠷᠳᠡᠨᠢ ᠰᠢᠰᠢ ᠬᠤᠳᠠᠯᠳᠤᠨ ᠠᠪᠬᠤ᠂ ᠴᠠᠷᠳᠠᠭᠤᠯ ᠦᠢᠯᠡᠳᠪᠦᠷᠢᠯᠡᠬᠦ᠂ ᠴᠠᠷᠳᠠᠭᠤᠯ᠎ᠢ ᠨᠠᠷᠢᠯᠢᠭ᠋ ᠡᠳ᠋ᠰᠢᠭᠦᠯᠬᠦ᠂ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ᠂ ᠪᠦᠲᠦᠭᠡᠭᠳᠡᠬᠦᠨ ᠪᠣᠷᠣᠯᠠᠭᠤᠯᠬᠤ᠎ᠶᠢ ᠨᠢᠭᠡ ᠴᠣᠭᠴᠠᠵᠢᠭᠤᠯᠤᠭᠰᠠᠨ ᠡᠷᠳᠡᠨᠢ ᠰᠢᠰᠢ ᠶᠢ ᠨᠠᠷᠢᠯᠢᠭ᠋ ᠡᠳ᠋ᠰᠢᠭᠦᠯᠬᠦ ᠲᠣᠮᠣ᠌ ᠬᠡᠯᠪᠡᠷᠢ᠎ᠶᠢᠨ ᠠᠵᠤ ᠠᠬᠤᠢᠯᠠᠯ ᠪᠣᠯᠣᠨ᠎ᠠ᠃ ᠣᠳᠣᠬᠠᠨ᠎ᠳᠤ ᠵᠢᠯ᠎ᠳᠦ 130 ᠲᠦᠮᠡᠨ ᠲᠣᠨ ᠡᠷᠳᠡᠨᠢ ᠰᠢᠰᠢ ᠡᠳ᠋ᠰᠢᠭᠥᠯᠵᠤ᠂ 92 ᠲᠦᠮᠡᠨ ᠲᠣᠨ ᠡᠷᠳᠡᠨᠢ ᠰᠢᠰᠢ᠎ᠶᠢᠨ ᠴᠠᠷᠳᠠᠭᠤᠯ ᠦᠢᠯᠡᠳᠪᠦᠷᠢᠯᠡᠵᠦ ᠪᠤᠢ᠃ ᠴᠠᠷᠳᠠᠭᠤᠯ᠎ᠠᠴᠠ ᠲᠠᠯᠠᠰᠲᠤ ᠦᠵᠦᠮ ᠦᠨ ᠰᠢᠬᠢᠷ᠂ ᠳᠠᠬᠢᠭᠠᠳ ᠯᠠᠢ᠍ᠢᠰᠢᠨ ᠰᠢᠪᠲᠦᠷᠲᠦ ᠬᠦᠴᠢᠯ ᠬᠦᠷᠲᠡᠯ᠎ᠡ ᠳᠠᠰᠤᠷᠠᠯᠲᠠ ᠥᠭᠡᠢ ᠬᠤᠪᠢᠷᠠᠬᠤ ᠳᠤᠮᠳᠠ ᠦᠷᠳᠡᠭ᠎ᠤᠨ ᠨᠡᠮᠡᠭᠳᠡᠯ ᠵᠢᠡᠨ ᠪᠡᠶᠡᠯᠡᠭᠦᠯᠵᠦ ᠪᠠᠢᠨ᠎ᠠ᠃
ᠨᠢᠭᠡ ᠥᠢᠯᠡᠳᠪᠥᠷᠢᠯᠡᠯ᠎ᠤᠨ ᠱᠤᠭᠤᠮ ᠨᠢ ᠨᠢᠭᠡ ᠥᠢᠯᠡᠳᠪᠥᠷᠢᠯᠡᠯ᠎ᠤᠨ ᠬᠡᠯᠬᠢᠶ᠎ᠡ ᠵᠢ ᠤᠷᠳᠤᠳᠬᠠᠵᠤ᠂ ᠨᠢᠭᠡ ᠬᠡᠯᠬᠢᠶᠡᠨ᠎ᠤ ᠥᠷᠨᠢᠭᠥᠨ ᠬᠥᠭᠵᠢᠯᠲᠠ ᠨᠢ ᠨᠢᠭᠡ ᠪᠦᠯᠦᠭᠵᠢᠯ᠎ᠢ ᠪᠦᠷᠢᠯᠳᠥᠭᠥᠯᠳᠡᠭ ᠬᠤᠢᠨ᠎ᠠ᠂ ᠺᠠᠢᠯᠤ ᠰᠢᠶᠠᠨ 《ᠲᠦᠷᠦᠯ ᠵᠦᠢᠯ᠎ᠢᠶᠡᠷ ᠭᠣᠣᠯ ᠪᠣᠯᠭᠠᠬᠤ》 ᠶ᠋ᠢ ᠪᠠᠷᠢᠮᠲᠠᠯᠠᠵᠤ᠂ ᠡᠷᠳᠡᠨᠢ ᠰᠢᠰᠢ᠎ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤ ᠪᠣᠳᠠᠰ᠎ᠤᠨ ᠡᠮ ᠡᠮᠨᠡᠯᠭᠡ ᠵᠢᠨ ᠬᠢᠮᠢ᠎ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ᠎ᠦᠨ ᠪᠦᠯᠦᠭᠵᠢᠯ᠎ᠳᠦ ᠠᠩᠬᠠᠷᠤᠯ᠎ᠢᠶᠠᠨ ᠲᠥᠪᠯᠡᠷᠡᠭᠦᠯᠥᠨ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠦᠷᠳᠡᠭ᠎ᠦᠨ ᠬᠡᠯᠬᠢᠶ᠎ᠡ᠎ᠶᠢ ᠨᠡᠮᠡᠭᠳᠡᠭᠦᠯᠦᠨ᠂ ᠠᠵᠤ ᠦᠢᠯᠡᠰ᠎ᠦᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠪᠠᠳᠠᠷᠠᠭᠤᠯᠪᠠ᠃ ᠡᠭᠦᠨ᠎ᠦ ᠬᠠᠮᠳᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠬᠥᠲᠥᠯᠥᠨ ᠳᠠᠭᠠᠭᠤᠯᠵᠤ᠂ ᠰᠢᠨ᠎ᠡ ᠴᠢᠨᠠᠷ ᠪᠥᠬᠥᠢ ᠦᠢᠯᠡᠳᠪᠦᠷᠢᠯᠡᠯ᠎ᠦᠨ ᠬᠦᠴᠦᠨ᠎ᠢ ᠢᠳᠡᠪᠬᠢᠳᠠᠢ ᠪᠤᠢᠵᠢᠭᠤᠯᠤᠨ ᠬᠥᠭᠵᠢᠭᠥᠯᠵᠤ ᠪᠠᠢᠨ᠎ᠠ᠃
ᠰᠤᠷᠪᠤᠯᠵᠢᠯᠠᠭᠴᠢ ᠡᠮᠦᠨᠡᠬᠡᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ ᠪᠤᠯᠬᠤ ᠥᠪᠥᠷ ᠮᠣᠩᠭᠣᠯ᠎ᠤᠨ ᠬᠤᠧᠠ ᠰᠢᠨ ᠡᠮ᠎ᠦᠨ ᠦᠢᠯᠡᠰ᠎ᠦᠨ ᠬᠢᠵᠠᠭᠠᠷᠲᠤ ᠺᠣᠮᠫᠠᠨᠢ᠎ᠳᠤ ᠬᠦᠷᠬᠦ᠎ᠳᠦ᠂ ᠨᠢᠭᠡ ᠯᠣᠩᠬᠣ᠌ ᠲᠠᠷᠢᠯᠭ᠎ᠠ᠎ᠳᠤ ᠬᠡᠷᠡᠭᠯᠡᠬᠦ ᠡᠮ ᠦᠢᠯᠡᠳᠪᠦᠷᠢᠯᠡᠬᠦ ᠪᠦᠬᠦ ᠶᠠᠪᠤᠴᠠ ᠵᠢ ᠤᠬᠢᠶᠠᠬᠤ᠂ ᠬᠠᠲᠠᠭᠠᠬᠤ᠂ ᠠᠷᠢᠭᠤᠳᠬᠠᠬᠤ᠂ ᠰᠠᠯᠭᠠᠨ ᠰᠠᠪᠠᠯᠠᠬᠤ᠂ ᠠᠮᠠᠰᠠᠷ᠎ᠢ ᠳᠠᠷᠤᠬᠤ᠂ ᠪᠣᠭᠣᠳᠠᠯᠯᠠᠬᠤ ᠵᠡᠷᠭᠡ ᠤᠯᠠᠨ ᠶᠠᠪᠤᠴᠠ᠎ᠵᠢ ᠪᠦᠷᠢᠨ ᠪᠢᠲᠡᠭᠦᠮᠵᠢᠯᠡᠵᠦ ᠣᠶᠤᠨᠴᠢᠯᠠᠭᠰᠠᠨ ᠦᠢᠯᠡᠳᠪᠦᠷᠢᠯᠡᠯ ᠦᠨ ᠱᠤᠭᠤᠮ ᠳᠡᠭᠡᠷ᠎ᠡ ᠭᠥᠢᠴᠡᠳᠭᠡᠵᠤ ᠪᠠᠢᠪᠠ᠃ ᠡᠭᠦᠨ᠎ᠦ ᠬᠠᠮᠳᠤ᠂ ᠰᠢᠨ᠎ᠡ ᠥᠢᠯᠡᠳᠪᠥᠷᠢᠯᠡᠯ ᠤᠨ ᠱᠤᠭᠤᠮ ᠪᠤᠯᠬᠤ ᠵᠢᠯ᠎ᠳᠦ 660 ᠲᠣᠨ᠎ᠤ ᠳᠡᠭᠡᠳᠦ ᠲᠠᠰ᠎ᠤᠨ ᠡᠮ ᠡᠮᠨᠡᠯᠭᠡ᠎ᠶᠢᠨ ᠲᠦᠭᠦᠬᠡᠢ ᠮᠠᠲᠧᠷᠢᠶᠠᠯ᠎ᠤᠨ ᠡᠮ ᠦᠢᠯᠡᠳᠪᠦᠷᠢᠯᠡᠬᠦ ᠬᠢᠭᠡᠳ ᠵᠠᠪᠰᠠᠷ᠎ᠤᠨ ᠴᠣᠭᠴᠠ ᠵᠢᠨ ᠨᠢᠭᠡᠳᠦᠭᠡᠷ ᠬᠤᠭᠤᠴᠠᠭᠠᠨ᠎ᠤ ᠬᠤᠪᠢᠷᠠᠭᠤᠯᠬᠤ ᠵᠢᠴᠢ ᠬᠣᠶᠠᠳᠤᠭᠠᠷ ᠬᠤᠭᠤᠴᠠᠭᠠᠨ᠎ᠤ ᠰᠢᠨ᠎ᠡ᠎ᠪᠡᠷ ᠪᠠᠶ᠋ᠢᠭᠤᠯᠬᠤ ᠲᠥᠷᠥᠯ ᠵᠥᠢᠯ᠎ᠦᠨ ᠲᠣᠨᠣᠭ ᠲᠥᠬᠦᠭᠡᠷᠦᠮᠵᠢ᠎ᠶᠢ ᠶᠠᠭ ᠤᠭᠰᠠᠷᠠᠵᠤ ᠪᠠᠢᠯ᠎ᠠ᠃ ᠲᠣᠰ ᠲᠥᠷᠥᠯ ᠵᠥᠢᠯ ᠢ 2024 ᠣᠨ᠎ᠳᠤ ᠪᠠᠢᠭᠤᠯᠵᠤ᠂ ᠵᠢᠱ᠌ᠢᠯᠲᠡ᠎ᠪᠡᠷ 2026 ᠣᠨ ᠤ 5 ᠰᠠᠷ᠎ᠠ᠎ᠠᠴᠠ ᠡᠬᠢᠯᠡᠨ ᠲᠤᠷᠰᠢᠨ ᠦᠢᠯᠡᠳᠪᠦᠷᠢᠯᠡᠬᠥ ᠪᠤᠯᠤᠨ᠎ᠠ᠃
ᠥᠪᠥᠷ ᠮᠣᠩᠭᠣᠯ᠎ᠤᠨ ᠬᠤᠧᠠ ᠰᠢᠨ ᠡᠮ᠎ᠦᠨ ᠦᠢᠯᠡᠰ᠎ᠦᠨ ᠬᠢᠵᠠᠭᠠᠷᠲᠤ ᠺᠣᠮᠫᠠᠨᠢ ᠪᠣᠯ ᠲᠤᠰᠬᠠᠢ ᠬᠡᠷᠡᠭᠯᠡᠭᠡᠨ᠎ᠦ ᠮᠠᠯ᠎ᠤᠨ ᠡᠮ ᠦᠢᠯᠡᠳᠪᠦᠷᠢᠯᠡᠬᠦ᠂ ᠪᠣᠷᠣᠯᠠᠭᠤᠯᠬᠤ᠂ ᠰᠤᠳᠤᠯᠤᠨ ᠨᠡᠭᠡᠭᠡᠬᠦ᠎ᠪᠡᠷ ᠭᠣᠣᠯ ᠪᠣᠯᠭᠠᠭᠰᠠᠨ ᠠᠵᠤ ᠠᠬᠤᠢᠯᠠᠯ ᠪᠣᠯᠣᠨ᠎ᠠ᠂ 2019 ᠣᠨ᠎ᠤ 9 ᠰᠠᠷ᠎ᠠ᠎ᠳᠤ ᠲᠤᠰ ᠰᠢᠶᠠᠨ᠎ᠳᠤ ᠨᠤᠳᠤᠬᠰᠢᠨ᠂ 2023 ᠣᠨ ᠤ 8 ᠰᠠᠷ᠎ᠠ᠎ᠳᠤ ᠪᠠᠢᠭᠤᠯᠵᠤ ᠳᠠᠭᠤᠰᠬᠠᠭᠠᠳ ᠠᠰᠢᠭ᠍ᠯᠠᠯᠲᠠ᠎ᠳᠤ ᠣᠷᠣᠪᠠ᠃ ᠣᠳᠣᠬᠠᠨ ᠳᠤ ᠨᠢᠭᠡᠨᠲᠡ 10 ᠵᠦᠢᠯ ᠦᠨ ᠲᠦᠭᠦᠬᠡᠢ ᠮᠠᠲᠧᠷᠢᠶᠠᠯ᠎ᠤᠨ ᠡᠮ᠂ 43 ᠵᠦᠢᠯ ᠦᠨ ᠡᠮ ᠤᠨ ᠨᠠᠢᠷᠠᠯᠭ᠎ᠠ ᠵᠢ ᠰᠤᠳᠤᠯᠤᠨ ᠨᠡᠭᠡᠭᠡᠵᠦ᠂ ᠲᠦᠭᠦᠬᠡᠢ ᠮᠠᠲᠧᠷᠢᠶᠠᠯ ᠤᠨ ᠡᠮ ᠦᠨ ᠦᠢᠯᠡᠳᠪᠦᠷᠢᠯᠡᠯ ᠦᠨ ᠱᠤᠭᠤᠮ᠎ᠤᠨ ᠵᠢᠯ᠎ᠦᠨ ᠦᠢᠯᠡᠳᠪᠦᠷᠢᠯᠡᠬᠦ ᠴᠢᠳᠠᠪᠤᠷᠢ ᠨᠢ 300 ᠲᠣᠨ᠂ ᠡᠮ ᠤᠨ ᠨᠠᠢᠷᠠᠯᠭ᠎ᠠ᠎ᠶᠢᠨ ᠦᠢᠯᠡᠳᠪᠦᠷᠢᠯᠡᠯ᠎ᠦᠨ ᠱᠤᠭᠤᠮ ᠤᠨ ᠵᠢᠯ ᠦᠨ ᠦᠢᠯᠡᠳᠪᠦᠷᠢᠯᠡᠬᠦ ᠴᠢᠳᠠᠪᠤᠷᠢ ᠨᠢ 1 ᠳ᠋ᠦᠩᠰᠢᠭᠤᠷ ᠬᠤᠪᠢ ᠳ᠋ᠤ ᠬᠦᠷᠴᠦ᠂ ᠵᠢᠯ ᠦᠨ ᠪᠣᠷᠣᠯᠠᠭᠤᠯᠭ᠎ᠠ᠎ᠶᠢᠨ ᠬᠡᠮᠵᠢᠶ᠎ᠡ ᠨᠢ 3 ᠳ᠋ᠦᠩᠰᠢᠭᠤᠷ ᠲᠥᠭᠥᠷᠢᠭ᠎ᠡᠴᠡ ᠳᠡᠭᠡᠭᠰᠢ᠎ᠳᠦ ᠬᠦᠷᠴᠥ ᠪᠤᠢ᠃
ᠨᠢᠭᠡ ᠮᠥᠬᠥᠯᠢᠭ ᠡᠷᠳᠡᠨᠢ ᠰᠢᠰᠢ᠎ᠶᠢ ᠢᠰᠬᠡᠬᠦ᠂ ᠡᠮ᠎ᠤᠨ ᠮᠠᠲᠧᠷᠢᠶᠠᠯ᠎ᠢ ᠭᠠᠷᠭᠠᠨ ᠠᠪᠬᠤ᠂ ᠨᠠᠷᠢᠯᠢᠭ᠋ ᠨᠠᠢᠷᠠᠭᠤᠯᠬᠤ ᠵᠡᠷᠭᠡ ᠮᠡᠷᠭᠡᠵᠢᠯ᠎ᠢᠶᠡᠷ ᠳᠠᠮᠵᠢᠨ᠂ ᠡᠷᠳᠡᠨᠢ ᠰᠢᠰᠢ᠎ᠶᠢᠨ ᠴᠠᠷᠳᠠᠭᠤᠯ᠂ ᠦᠵᠦᠮ᠎ᠦᠨ ᠰᠢᠬᠢᠷ᠎ᠦᠨ ᠬᠦᠴᠢᠯ᠎ᠦᠨ ᠨᠠᠲᠷᠢ ᠵᠡᠷᠭᠡ 6 ᠲᠤᠮᠥ ᠲᠥᠷᠥᠯ᠂ 100 ᠭᠠᠷᠤᠢ ᠵᠥᠢᠯ᠎ᠤᠨ ᠥᠢᠯᠡᠳᠭᠥᠨ ᠪᠤᠯᠭᠠᠨ ᠬᠤᠪᠢᠷᠠᠭᠤᠯᠵᠤ᠂ 《ᠡᠷᠳᠡᠨᠢ ᠰᠢᠰᠢ — ᠴᠠᠷᠳᠠᠭᠤᠯ — ᠲᠥ ᠮᠧᠢ ᠰᠥ — ᠳ᠋ᠦᠧᠧ ᠰᠧ ᠬᠤᠧᠠᠨ ᠰᠸ᠋》 ᠵᠡᠷᠭᠡ ᠤᠯᠠᠨ ᠵᠤᠷᠪᠤᠰ ᠪᠥᠷᠢᠨ ᠪᠥᠲᠥᠨ ᠠᠵᠤ ᠥᠢᠯᠡᠰ ᠤᠨ ᠬᠡᠯᠬᠢᠶ᠎ᠡ ᠵᠢ ᠪᠥᠷᠢᠯᠳᠥᠭᠥᠯᠥᠭᠰᠡᠨ ᠪᠠᠢᠨ᠎ᠠ᠃
《ᠡᠷᠳᠡᠨᠢ ᠰᠢᠰᠢ ᠶᠢ ᠨᠠᠷᠢᠯᠢᠭ᠋ ᠡᠳ᠋ᠰᠢᠭᠦᠯᠬᠦ ᠠᠵᠤ ᠦᠢᠯᠡᠰ ᠢ ᠬᠦᠴᠦᠷᠬᠡᠭᠵᠢᠭᠦᠯᠬᠦ ᠬᠠᠷᠠᠯᠲᠠ᠎ᠶᠢ ᠪᠠᠷᠢᠮᠲᠠᠯᠠᠨ᠂ ᠬᠦᠷᠢᠶᠡᠯᠡᠩ ᠲᠣᠭᠣᠷᠢᠭ᠋᠎ᠲᠤ ᠡᠷᠳᠡᠨᠢ ᠰᠢᠰᠢ᠎ᠶᠢᠨ ᠠᠮᠢᠳᠤ ᠪᠣᠳᠠᠰ᠂ ᠡᠮ ᠡᠮᠨᠡᠯᠭᠡ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠠᠬᠤᠢᠯᠠᠯ᠎ᠢ 34 ᠲᠥᠪᠯᠡᠷᠡᠭᠦᠯᠵᠦ᠂ ᠵᠢᠯ᠎ᠳᠦ 200 ᠲᠦᠮᠡᠨ ᠲᠣᠨ ᠰᠢᠬᠠᠮ ᠡᠷᠳᠡᠨᠢ ᠰᠢᠰᠢ᠎ᠶᠢ ᠬᠤᠪᠢᠷᠠᠭᠤᠯᠵᠤ ᠡᠳ᠋ᠰᠢᠭᠦᠯᠥᠨ᠂ 70 ᠳ᠋ᠦᠩᠰᠢᠭᠤᠷ ᠲᠥᠭᠥᠷᠢᠭ᠎ᠦᠨ ᠦᠢᠯᠡᠳᠬᠦᠨ᠎ᠦ ᠦᠷᠳᠡᠭ᠎ᠢ ᠡᠭᠦᠳᠴᠦ ᠪᠠᠢᠨ᠎ᠠ᠂ ᠡᠨᠡ ᠨᠢ ᠬᠦᠷᠢᠶᠡᠯᠡᠩ ᠲᠣᠭᠣᠷᠢᠭ᠋᠎ᠤᠨ ᠦᠢᠯᠡᠳᠬᠦᠨ᠎ᠦ ᠶᠡᠷᠦᠩᠬᠡᠢ ᠦᠷᠳᠡᠭ᠎ᠦᠨ 70%ᠵᠢ ᠡᠵᠡᠯᠡᠵᠦ᠂ ᠨᠢᠭᠡᠨᠲᠡ ᠮᠠᠨ ᠤ ᠰᠢᠶᠠᠨ ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠵᠠᠢ》 ᠭᠡᠵᠦ ᠲᠦᠩᠯᠢᠶᠣᠣ᠎ᠶᠢᠨ ᠺᠠᠢᠯᠤ ᠠᠮᠢᠳᠤ ᠪᠣᠳᠠᠰ᠎ᠤᠨ ᠡᠮ ᠡᠮᠨᠡᠯᠭᠡ᠎ᠶᠢ ᠨᠡᠭᠡᠭᠡᠨ ᠬᠥᠭᠵᠢᠭᠦᠯᠬᠦ ᠣᠷᠣᠨ᠎ᠤ ᠠᠵᠤ ᠠᠬᠤᠢ᠎ᠶᠢᠨ ᠬᠥᠭᠵᠢᠯᠲᠡ ᠪᠣᠯᠣᠨ ᠮᠥᠩᠭᠥᠨ ᠭᠦᠢᠯᠭᠡᠭᠡᠨ᠎ᠦ ᠶᠠᠪᠤᠳᠠᠯ᠎ᠤᠨ ᠲᠣᠪᠴᠢᠶ᠎ᠠ᠎ᠶᠢᠨ ᠳᠠᠷᠤᠭ᠎ᠠ ᠭᠤᠤ ᠶᠠᠨ ᠮᠢᠩ ᠢᠲᠡᠭᠡᠯ ᠲᠡᠭᠦᠯᠳᠡᠷ ᠬᠡᠯᠡᠵᠤ ᠪᠠᠢᠯ᠎ᠠ᠃