ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠣᠢᠷᠠ ᠳ᠋ᠤ ᠥᠪᠡᠷᠲᠡᠭᠡᠨ ᠵᠠᠰᠠᠬᠤ ᠣᠷᠣᠨ ᠤ᠋ ᠪᠠᠢᠴᠠᠭᠠᠬᠤ ᠬᠣᠷᠢᠶᠠ᠂ ᠳᠣᠲᠣᠭᠠᠳᠤ ᠢ᠋ᠢ ᠬᠠᠮᠠᠭᠠᠯᠠᠬᠤ ᠲᠢᠩᠬᠢᠮ ᠲᠡᠶ ᠬᠠᠮᠲᠤᠷᠠᠨ ᠲᠣᠭ᠍ᠲᠠᠭᠠᠯ ᠡᠴᠡ ᠵᠥᠷᠢᠴᠡᠨ ᠤᠰᠤ ᠲᠠᠲᠠᠵᠤ ᠬᠡᠷᠡᠭ᠌ᠯᠡᠬᠦ᠌ ᠢ᠋ᠢ ᠲᠤᠰᠭᠠᠶ ᠴᠡᠭ᠌ᠴᠡᠯᠡᠨ ᠵᠠᠰᠠᠬᠤ ᠠᠵᠢᠯᠯᠠᠭᠠ ᠥᠷᠨᠢᠭᠦᠯᠵᠦ᠍᠂ 12 ᠠᠢᠮᠠᠭ ᠬᠣᠲᠠ ᠢ᠋ᠢᠨ ᠠᠵᠤ ᠦᠶ᠋ᠯᠡᠳᠪᠦᠷᠢ᠂ ᠲᠠᠷᠢᠶᠠᠯᠠᠩ ᠪᠠ ᠦᠶ᠋ᠯᠡᠴᠢᠯᠡᠭᠡᠨᠦ ᠦᠶ᠋ᠯᠡᠰ ᠵᠢᠴᠢ ᠬᠣᠲᠠ ᠪᠠᠯᠭᠠᠰᠤᠨ ᠤ᠋ ᠠᠮᠢᠳᠤᠷᠠᠯ ᠵᠡᠷᠭᠡ ᠪᠣᠶ ᠪᠥᠬᠥᠶ ᠤᠰᠤ ᠲᠠᠲᠠᠵᠤ ᠬᠡᠷᠡᠭ᠌ᠯᠡᠬᠦ᠌ ᠠᠵᠢᠯ ᠲᠥᠷᠥᠯ ᠤ᠋ᠨ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠰᠠᠭᠤᠳᠠᠯ ᠢ᠋ ᠪᠥᠬᠥ᠌ ᠲᠠᠯᠠ ᠪᠡᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ ᠪᠠᠢᠨᠠ᠃
ᠲᠣᠰ ᠤᠳᠠᠭᠠ ᠵᠢᠨ ᠲᠤᠰᠭᠠᠶ ᠴᠡᠭ᠌ᠴᠡᠯᠡᠨ ᠵᠠᠰᠠᠬᠤ ᠠᠵᠢᠯᠯᠠᠭᠠ ᠨᠢ 11 ᠰᠠᠷᠠ ᠢ᠋ᠢᠨ ᠰᠡᠭᠦᠯᠴᠢ ᠪᠣᠯᠲᠠᠯᠠ ᠶᠠᠪᠤᠭ᠍ᠳᠠᠵᠤ᠂ ᠠᠵᠤ ᠦᠶ᠋ᠯᠡᠳᠪᠦᠷᠢ ᠢ᠋ᠢᠨ ᠵᠥᠪᠱᠢᠶᠡᠷᠡᠯ ᠥᠬᠡᠶ ᠪᠡᠷ ᠳᠤᠷᠠ ᠪᠡᠷ ᠵᠢᠡᠨ ᠤᠰᠤ ᠲᠠᠲᠠᠬᠰᠠᠨ᠂ ᠭᠠᠵᠠᠷ ᠳᠤᠤᠷᠠᠬᠢ ᠤᠰᠤ ᠢ᠋ᠢ ᠬᠡᠲᠦᠷᠡᠲᠡᠯᠡ ᠲᠠᠲᠠᠭ᠍ᠰᠠᠨ ᠣᠷᠣᠨ ᠳ᠋ᠤ ᠲᠣᠭ᠍ᠲᠠᠭᠠᠯ ᠡᠴᠡ ᠵᠥᠷᠢᠴᠡᠨ ᠤᠰᠤ ᠲᠡᠲᠡᠵᠤ ᠬᠡᠷᠡᠭ᠌ᠯᠡᠭ᠌ᠰᠡᠨ᠂ ᠬᠡᠲᠤᠷᠠᠲᠠᠯᠠ ᠤᠰᠤ ᠲᠠᠲᠠᠭᠰᠠᠨ ᠠᠰᠠᠭᠤᠳᠠᠯ ᠢ᠋ᠢᠡᠨ ᠰᠠᠢᠲᠤᠷ ᠵᠠᠰᠠᠬᠰᠠᠨ ᠦᠭᠡᠢ᠂ ᠲᠣᠭ᠍ᠲᠠᠭᠠᠯ ᠡᠴᠡ ᠵᠥᠷᠢᠴᠡᠨ ᠬᠤᠳᠳᠤᠭ ᠮᠠᠯᠲᠠᠵᠤ ᠤᠰᠤ ᠲᠠᠲᠠᠬᠰᠠᠨ᠂ ᠬᠡᠮᠵᠢᠯᠲᠡ ᠨᠢ ᠵᠢᠷᠤᠮᠵᠢᠭᠤᠨ ᠪᠤᠰᠤ ᠵᠡᠷᠭᠡ ᠲᠣᠪᠣᠢᠮᠠ ᠠᠰᠠᠭᠤᠳᠠᠯ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠨᠢᠭᠡ ᠪᠦᠯᠦᠭ ᠬᠡᠷᠡᠭ ᠢ᠋ ᠴᠢᠩᠭᠠ ᠪᠠᠢᠴᠠᠭᠠᠨ ᠱᠢᠶ᠋ᠳᠪᠦᠷᠢᠯᠡᠵᠦ᠍᠂ ᠣᠷᠳᠣ ᠬᠤᠭᠤᠴᠠᠭᠠᠨ ᠤ᠋ ᠪᠦᠲᠦᠮᠵᠢᠲᠡᠢ ᠬᠠᠮᠢᠶᠠᠷᠤᠯᠲᠠ ᠢ᠋ᠢᠨ ᠲᠣᠭ᠍ᠲᠠᠴᠠ ᠢ᠋ᠢ ᠪᠦᠷᠢᠨᠱᠢᠭᠦᠯᠤᠨ᠂ ᠪᠥᠬᠥ᠌ ᠣᠷᠣᠨ ᠤ᠋ ᠤᠰᠤ ᠲᠠᠲᠠᠵᠤ ᠬᠡᠷᠡᠭ᠌ᠯᠡᠬᠦ᠌ ᠡᠮᠬᠢ ᠳᠢᠭ᠌ᠯᠢᠮ ᠢ᠋ ᠦᠷᠭᠦᠯᠵᠢᠯᠡᠨ ᠠᠬᠢᠭᠤᠯᠬᠤ ᠪᠡᠷ ᠪᠤᠢ᠃
ᠲᠤᠰᠭᠠᠶ ᠴᠡᠭ᠌ᠴᠡᠯᠡᠨ ᠵᠠᠰᠠᠬᠤ ᠠᠵᠢᠯᠯᠠᠭᠠ ᠳ᠋ᠤ ᠡᠯᠡ ᠱᠠᠲᠤ ᠡᠯᠡ ᠬᠣᠯᠪᠣᠭ᠍ᠳᠠᠯ ᠪᠥᠬᠥᠶ ᠰᠠᠯᠠᠭᠠ ᠮᠥᠴᠢᠷ ᠤ᠋ᠨ ᠬᠠᠷᠢᠭᠤᠴᠠᠯᠭᠠ ᠪᠠ ᠠᠵᠢᠯ ᠤ᠋ᠨ ᠬᠤᠪᠢᠶᠠᠷᠢᠯᠠᠯ ᠢ᠋ ᠲᠣᠳᠣᠷᠬᠠᠢᠯᠠᠵᠤ᠂ ᠠᠵᠢᠯ ᠤ᠋ᠨ ᠬᠠᠷᠢᠭᠤᠴᠠᠯᠭᠠ ᠢ᠋ᠢᠨ ᠬᠡᠯᠬᠢᠶᠡ ᠢ᠋ᠢ ᠱᠠᠲᠤ ᠳᠠᠷᠠᠭᠠᠯᠠᠨ ᠪᠣᠳᠠᠲᠠᠢᠵᠢᠭᠤᠯᠪᠠ᠃ ᠡᠯᠡ ᠬᠣᠱᠢᠭᠤ ᠱᠢᠶᠠᠨ ᠤ᠋ ᠤᠰᠤᠨ ᠤ᠋ ᠵᠠᠰᠠᠭ ᠵᠠᠬᠢᠷᠭᠠᠨ ᠤ᠋ ᠭᠤᠤᠯᠯᠠᠨ ᠬᠠᠮᠢᠶᠠᠷᠬᠤ ᠰᠠᠯᠠᠭᠠ ᠮᠥᠴᠢᠷ ᠤ᠋ᠨ ᠬᠢᠨ ᠲᠤᠰ ᠱᠠᠲᠤᠨ ᠤ᠋ ᠪᠠᠨ ᠪᠠᠢᠴᠠᠭᠠᠬᠤ ᠪᠠ ᠳᠣᠲᠣᠭᠠᠳᠤ ᠢ᠋ᠢ ᠬᠠᠮᠠᠭᠠᠯᠠᠬᠤ ᠰᠠᠯᠠᠭᠠ ᠮᠥᠴᠢᠷ ᠲᠡᠶ ᠬᠠᠮᠲᠤᠷᠠᠨ ᠪᠥᠬᠥ᠌ ᠲᠠᠯᠠ ᠪᠡᠷ ᠵᠢᠭ᠍ᠰᠠᠭᠠᠨ ᠪᠠᠢᠴᠠᠭᠠᠵᠤ ᠪᠠᠢᠳᠠᠯ ᠢ᠋ ᠣᠢᠯᠠᠭᠠᠵᠤ᠂ ᠲᠠᠩᠰᠠᠴᠢᠯᠠᠭ᠍ᠰᠠᠨ ᠬᠠᠮᠢᠶᠠᠷᠤᠯᠲᠠ ᠢ᠋ᠢ ᠬᠡᠷᠡᠭ᠌ᠵᠢᠭᠦᠯᠦᠨ ᠴᠡᠭ᠌ᠴᠡᠯᠡᠨ ᠰᠠᠢᠵᠢᠷᠠᠭᠤᠯᠤᠨᠠ᠃ ᠡᠯᠡ ᠠᠢᠮᠠᠭ ᠬᠣᠲᠠ ᠢ᠋ᠢᠨ ᠬᠢᠨ ᠪᠥᠬᠥ᠌ ᠶᠠᠪᠤᠴᠠ ᠪᠡᠷ ᠮᠥᠷᠳᠡᠵᠤ ᠱᠠᠯᠠᠪᠳᠠᠭᠤᠯᠤᠨ ᠵᠢᠯᠣᠭᠣᠳᠴᠤ᠌᠂ ᠬᠠᠤᠯᠢ ᠲᠣᠭ᠍ᠲᠠᠭᠠᠯ ᠡᠴᠡ ᠵᠥᠷᠢᠴᠡᠵᠦ᠍ ᠤᠰᠤ ᠲᠡᠲᠡᠵᠤ ᠬᠡᠷᠡᠭ᠌ᠯᠡᠭ᠌ᠰᠡᠨ ᠦᠶ᠋ᠯᠡ ᠠᠵᠢᠯᠯᠠᠭᠠ ᠢ᠋ᠢ ᠲᠥᠷᠥᠯ ᠬᠤᠪᠢᠶᠠᠨ ᠱᠢᠶ᠋ᠳᠪᠦᠷᠢᠯᠡᠬᠦ᠌ ᠢ᠋ᠢᠨ ᠬᠠᠮᠲᠤ ᠲᠣᠭ᠍ᠲᠠᠭᠠᠯ ᠶᠣᠰᠣᠭᠠᠷ ᠤᠰᠤ ᠲᠡᠲᠡᠵᠤ ᠬᠡᠷᠡᠭ᠌ᠯᠡᠬᠦ᠌ ᠢᠲᠡᠭᠡᠮᠵᠢ ᠢ᠋ᠢᠨ ᠦᠨᠡᠯᠡᠯᠲᠠ ᠢ᠋ᠢᠨ ᠱᠢᠰᠲ᠋ᠧᠮ ᠳ᠋ᠤ ᠣᠷᠣᠭᠤᠯᠵᠤ᠂ 《ᠨᠢᠭᠡ ᠭᠠᠵᠠᠷ ᠲᠦ᠍ ᠬᠠᠤᠯᠢ ᠡᠴᠡ ᠵᠥᠷᠢᠴᠡᠪᠡᠯ ᠭᠠᠵᠠᠷ ᠪᠣᠯᠭᠠᠨ ᠳ᠋ᠤ ᠬᠢᠵᠠᠭᠠᠷᠯᠠᠭ᠍ᠳᠠᠬᠤ》 ᠣᠷᠳᠣ ᠬᠤᠭᠤᠴᠠᠭᠠᠨ ᠤ᠋ ᠪᠦᠲᠦᠮᠵᠢᠲᠡᠶ ᠬᠢᠨᠠᠯᠲᠠ ᠬᠠᠮᠢᠶᠠᠷᠤᠯᠲᠠ ᠢ᠋ᠢᠨ ᠪᠢᠲᠡᠭᠦᠦ ᠴᠠᠭᠠᠷᠢᠭ ᠢ᠋ ᠪᠦᠷᠢᠯᠳᠦᠭᠦᠯᠦᠨᠡ᠃ ᠥᠪᠡᠷᠲᠡᠭᠡᠨ ᠵᠠᠰᠠᠬᠤ ᠣᠷᠣᠨ ᠤ᠋ ᠱᠠᠲᠤ ᠵᠢᠨ ᠬᠢᠨ ᠴᠡᠭ᠌ᠴᠡᠯᠡᠨ ᠰᠠᠢᠵᠢᠷᠠᠭᠤᠯᠬᠤ ᠠᠬᠢᠴᠠ ᠢ᠋ᠢ ᠦᠷᠭᠦᠯᠵᠢᠯᠡᠨ ᠬᠥᠳᠡᠯᠦᠩᠭᠦᠶ ᠪᠡᠷ ᠮᠥᠷᠳᠡᠵᠦ᠍᠂ ᠵᠢᠭ᠍ᠰᠠᠭᠠᠨ ᠪᠠᠢᠴᠠᠭᠠᠭ᠍ᠰᠠᠨ ᠨᠢ ᠲᠤᠢᠯᠪᠤᠷᠢᠲᠠᠶ ᠪᠤᠰᠤ᠂ ᠴᠡᠭ᠌ᠴᠡᠯᠡᠨ ᠰᠠᠢᠵᠢᠷᠠᠭᠤᠯᠤᠭ᠍ᠰᠠᠨ ᠨᠢ ᠪᠣᠳᠠᠲᠠᠶ ᠪᠢᠰᠢ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠭ᠍ᠰᠠᠨ ᠵᠡᠷᠭᠡ ᠠᠰᠠᠭᠤᠳᠠᠯ ᠢ᠋ ᠲᠥᠪ ᠴᠢᠩᠭᠠ ᠪᠡᠷ ᠮᠡᠳᠡᠭᠡᠯᠡᠨ ᠱᠢᠭᠦᠮᠵᠢᠯᠡᠬᠦ᠌ ᠢ᠋ᠢᠨ ᠬᠠᠮᠲᠤ ᠬᠤᠭᠤᠴᠠᠭᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠬᠤ ᠪᠡᠷ ᠱᠠᠭᠠᠷᠳᠠᠨᠠ; ᠦᠢᠯᠡ ᠪᠠᠢᠳᠠᠯ ᠨᠢ ᠬᠦᠨᠳᠦ ᠨᠣᠴᠢᠲᠠᠶ᠂ ᠨᠥᠯᠥᠭᠡ ᠲᠤᠰᠬᠠᠯ ᠵᠢᠡᠷ ᠮᠠᠭᠤ᠂ ᠨᠡᠢᠭᠡᠮ ᠨᠡᠢᠳᠡ ᠵᠢᠨ ᠬᠢᠨ ᠤ᠋ ᠠᠩᠬᠠᠷᠴᠤ᠌ ᠪᠠᠢᠭᠠ ᠬᠡᠮᠵᠢᠶᠡ ᠪᠡᠷ ᠥᠨᠳᠥᠷ ᠬᠡᠷᠡᠭ ᠢ᠋ ᠨᠡᠢᠲᠡᠯᠢᠭ ᠵᠢᠱ᠌ᠢᠶᠡ ᠪᠣᠯᠭᠠᠨ ᠪᠦᠬᠦ᠌ ᠣᠷᠣᠨ ᠳ᠋ᠤ ᠮᠡᠳᠡᠭᠳᠡᠨᠠ; ᠰᠠᠬᠢᠯᠭᠠ ᠪᠠᠲᠤ ᠬᠠᠤᠯᠢ ᠴᠠᠭᠠᠵᠠ ᠢ᠋ᠢ ᠵᠥᠷᠢᠴᠡᠭ᠌ᠰᠡᠨ ᠵᠢᠡᠷ ᠰᠡᠵᠢᠭ᠌ᠯᠡᠭ᠌ᠳᠡᠭ᠌ᠰᠡᠨ ᠪᠤᠯ ᠬᠠᠮᠢᠶᠠ ᠪᠥᠬᠥᠶ ᠰᠠᠯᠠᠭᠠ ᠮᠥᠴᠢᠷ ᠲᠤ᠌ ᠱᠢᠯᠵᠢᠭᠦᠯᠦᠨ ᠲᠤᠱᠢᠶᠠᠵᠤ ᠬᠠᠷᠢᠭᠤᠴᠠᠯᠭᠠ ᠨᠡᠬᠡᠮᠵᠢᠯᠡᠬᠦ ᠪᠤᠯᠤᠨᠠ᠃