ᠲᠦᠷᠦᠬᠦᠬᠡᠨ᠂ ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠤᠪᠴᠢᠶ᠎ᠠ ᠡᠴᠠ ᠤᠢᠯᠠᠭᠠᠭᠰᠠᠨ᠎ᠢᠶᠡᠷ᠂ ᠱᠢᠨ᠎ᠡ ᠵᠢᠯ ᠡᠬᠢᠯᠡᠮᠡᠭ᠌ᠴᠡ᠂ ᠱᠢᠨ᠎ᠡ ᠨᠢᠭᠡ ᠡᠭᠡᠯᠵᠢ᠎ᠶ᠋ᠢᠨ 《ᠠᠵᠢᠯ ᠣᠯᠭᠣᠯᠲᠠ᠎ᠶ᠋ᠢᠨ ᠥᠪᠥᠷ ᠮᠣᠩᠭᠣᠯ》 ᠠᠵᠢᠯᠯᠠᠭ᠎ᠠ᠂ 《ᠤᠷ᠎ᠠ ᠮᠡᠷᠬᠡᠵᠢᠯ᠎ᠳᠦ ᠥᠪᠥᠷ ᠮᠣᠩᠭᠣᠯ》 ᠠᠵᠢᠯᠯᠠᠭ᠎ᠠ᠂ 《ᠦᠶ᠋ᠯᠡᠰ ᠪᠤᠰᠬᠠᠬᠤ ᠥᠪᠥᠷ ᠮᠣᠩᠭᠣᠯ》 ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠬᠦᠴᠦᠯᠡᠨ ᠠᠬᠢᠭᠤᠯᠤᠨ᠎ᠠ᠃
ᠣᠲᠣ᠎ᠶ᠋ᠢᠨ ᠪᠠᠢᠭ᠎ᠠ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠲᠠᠯ᠎ᠠ᠎ᠪᠠᠷ᠂ ᠥᠪᠥᠷ ᠮᠣᠩᠭᠣᠯ 《ᠪᠠᠭᠤᠷᠠᠭᠤᠯᠬᠤ᠂ ᠪᠤᠴᠠᠭᠠᠬᠤ᠂ ᠨᠥᠬᠥᠪᠥᠷᠢᠯᠡᠬᠦ᠌᠂ ᠥᠷᠭᠡᠳᠭᠡᠬᠦ᠌》 ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠬᠦ᠌᠎ᠶ᠋ᠢᠨ ᠬᠠᠮᠲᠤ ᠠᠵᠢᠯ ᠣᠯᠭᠣᠯᠲᠠ᠎ᠶ᠋ᠢᠨ ᠪᠠᠢᠳᠠᠯ᠎ᠤᠨ ᠬᠤᠪᠢᠷᠠᠯᠲᠠ᠎ᠲᠠᠶ ᠤᠶᠠᠯᠳᠤᠭᠤᠯᠤᠨ ᠴᠠᠭᠲᠤᠨᠢ ᠲᠣᠬᠢᠷᠠᠭᠤᠯᠤᠨ ᠱᠢᠨ᠎ᠡ ᠲᠥᠷᠥ᠎ᠶ᠋ᠢᠨ ᠪᠣᠳᠣᠯᠭ᠎ᠠ ᠨᠡᠢᠲᠡᠯᠡᠵᠦ᠍᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ ᠣᠯᠭᠣᠯᠲᠠ᠎ᠶ᠋ᠢ ᠠᠬᠢᠭᠤᠯᠬᠤ᠎ᠶ᠋ᠢ ᠳᠡᠮᠵᠢᠨ᠎ᠠ᠃ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠡᠷᠴᠢᠮ᠎ᠢ ᠴᠢᠩᠭᠠᠷᠠᠭᠤᠯᠤᠨ᠂ ᠠᠵᠢᠯ ᠣᠯᠭᠣᠯᠲᠠ ᠵᠢᠨ ᠲᠥᠷᠥ᠎ᠶ᠋ᠢᠨ ᠪᠣᠳᠣᠯᠭ᠎ᠠ᠎ᠶ᠋ᠢ ᠰᠤᠷᠭᠠᠭᠤᠯᠢ᠎ᠶ᠋ᠢᠨ ᠬᠦᠷᠢᠶ᠎ᠡ᠂ ᠬᠦᠷᠢᠶᠡᠯᠡᠩ ᠲᠣᠭᠣᠷᠢᠭ᠂ ᠠᠵᠤ ᠠᠬᠤᠢᠯᠠᠯ᠂ ᠨᠡᠢᠭᠡᠮ ᠲᠣᠭᠣᠷᠢᠭ᠎ᠲᠤ ᠣᠷᠣᠭᠤᠯᠬᠤ᠎ᠶ᠋ᠢ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠲᠦᠷᠭᠡᠳᠭᠡᠨ᠎ᠡ᠃
ᠠᠵᠢᠯ ᠣᠯᠭᠣᠯᠲᠠ᠎ᠶ᠋ᠢᠨ ᠨᠡᠮᠡᠭ᠌ᠳᠡᠯ᠎ᠢ ᠥᠷᠭᠡᠳᠭᠡᠬᠦ᠌ ᠲᠠᠯ᠎ᠠ᠎ᠪᠠᠷ᠂ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ ᠭᠦᠨᠵᠡᠭᠡᠢ ᠠᠭᠤᠳᠠᠯᠵᠤ᠂ ᠪᠦᠬᠦ᠌ ᠵᠢᠯ᠎ᠳᠦ ᠵᠠᠬ᠎ᠠ ᠳᠡᠯᠭᠡᠭᠦᠷᠴᠢᠯᠡᠭ᠌ᠰᠡᠨ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ 50 ᠲᠦᠮᠡ᠎ᠡᠴᠡ ᠳᠡᠭᠡᠭ᠌ᠰᠢ ᠲᠥᠪᠯᠡᠷᠡᠭᠦᠯᠦᠨ ᠨᠡᠢᠲᠡᠯᠡᠵᠦ᠍᠂ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠂ ᠦᠨᠳᠦᠰᠦᠨ ᠱᠠᠲᠤᠨ᠎ᠳᠤ ᠦᠢᠯᠡᠴᠢᠯᠡᠬᠦ᠌ ᠵᠦᠢᠯᠡᠰ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠢ ᠠᠵᠢᠯ᠎ᠤᠨ ᠪᠠᠢᠷᠢ᠎ᠶ᠋ᠢ 4.5 ᠲᠦᠮᠡ᠎ᠡᠴᠡ ᠳᠤᠲᠠᠭᠤ ᠦᠭᠡᠢ ᠪᠠᠢᠯᠭᠠᠵᠤ᠂ ᠠᠵᠢᠯ ᠣᠯᠭᠣᠯᠲᠠ᠎ᠶ᠋ᠢ ᠲᠤᠰᠠᠯᠠᠬᠤ ᠠᠵᠢᠯ᠎ᠤᠨ ᠪᠠᠢᠷᠢ᠎ᠶ᠋ᠢ 1000 ᠡᠴᠡ ᠳᠤᠲᠠᠭᠤ ᠦᠭᠡᠢ ᠲᠤᠬᠢᠷᠠᠭᠤᠯᠬᠤ ᠪᠠᠷ ᠲᠥᠯᠥᠪᠯᠡᠵᠦ᠍ ᠪᠠᠢᠨ᠎ᠠ᠃ ᠦᠶ᠋ᠯᠡᠰ ᠪᠤᠰᠬᠠᠬᠤ᠎ᠶ᠋ᠢ ᠳᠡᠮᠵᠢᠬᠦ᠌ ᠱᠢᠰᠲ᠋ᠧᠮ᠎ᠢ ᠪᠦᠷᠢᠨᠱᠢᠬᠦᠯᠵᠦ᠍᠂ 《ᠵᠢᠭᠡᠯᠡᠯᠭᠡ ᠠᠪᠴᠤ ᠦᠶ᠋ᠯᠡᠰ ᠪᠤᠰᠬᠠᠬᠤ》᠂ 《ᠦᠶ᠋ᠯᠡᠰ ᠪᠤᠰᠬᠠᠬᠤ᠎ᠳᠤ ᠬᠠᠨᠢ ᠪᠣᠯᠬᠤ》 ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠦᠶ᠋ᠯᠡᠰ ᠪᠤᠰᠬᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ᠎ᠶ᠋ᠢᠨ ᠳᠠᠬᠢᠨ᠎ᠢᠶᠠᠷ ᠨᠡᠮᠡᠭ᠌ᠳᠡᠭᠦᠯᠬᠦ᠌ ᠦᠶ᠋ᠯᠡᠳᠦᠯ᠎ᠢ ᠪᠠᠳᠠᠷᠠᠭᠤᠯᠤᠨ᠎ᠠ᠃
ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠠᠯ᠎ᠠ᠎ᠪᠠᠷ᠂ ᠥᠪᠥᠷ ᠮᠣᠩᠭᠣᠯ ᠠᠵᠢᠯ ᠣᠯᠭᠣᠯᠲᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠵᠤ᠂ 《ᠲᠣᠮᠣ ᠳ᠋ᠠᠢᠲ᠋ᠠ + ᠢᠲᠠᠷᠡᠬᠦᠨ ᠠᠯᠬᠤᠭ᠎ᠠ》 ᠵᠢᠨ ᠦᠶ᠋ᠯᠡᠴᠢᠯᠡᠭᠡᠨ᠎ᠦ ᠵᠠᠭ᠍ᠪᠤᠷ᠎ᠢ ᠳᠡᠯᠭᠡᠷᠡᠭᠦᠯᠵᠦ᠍᠂ 《ᠠᠵᠢᠯ ᠣᠯᠭᠣᠯᠲᠠ᠎ᠶ᠋ᠢᠨ ᠥᠪᠥᠷ ᠮᠣᠩᠭᠣᠯ》 ᠮᠡᠳᠡᠭᠡ ᠵᠠᠩᠭᠢᠵᠢᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠤᠨ ᠴᠢᠳᠠᠮᠵᠢ᠎ᠶ᠋ᠢ ᠱᠢᠯᠢᠳᠡᠭ᠌ᠵᠢᠭᠦᠯᠵᠦ᠍᠂ 500 ᠭᠠᠷᠤᠶ 《ᠬᠡᠷ᠎ᠦᠨ ᠡᠭᠦᠳᠡᠨ》 ᠳ᠋ᠡᠬᠢ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠥᠷᠲᠡᠭᠡ᠎ᠶ᠋ᠢ ᠱᠢᠨ᠎ᠡ᠎ᠪᠡᠷ ᠪᠠᠢᠭᠤᠯᠵᠤ᠂ ᠬᠣᠲᠠ ᠪᠠᠯᠭᠠᠰᠤᠨ᠎ᠤ 15 ᠮᠢᠨᠦ᠋ᠲ᠎ᠦᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠣᠭᠣᠷᠢᠭ᠎ᠢ ᠪᠠᠢᠭᠤᠯᠤᠨ᠎ᠠ᠃ ᠴᠠᠭᠠᠨ ᠰᠠᠷ᠎ᠠ᠎ᠶ᠋ᠢᠨ ᠡᠮᠦᠨ᠎ᠡ ᠬᠣᠢᠨ᠎ᠠ ᠬᠦᠯᠤᠰᠤᠨ ᠮᠠᠯᠴᠢᠨ ᠲᠠᠷᠢᠶᠠᠴᠢᠨ᠎ᠢ ᠲᠥᠪᠯᠡᠷᠡᠨ ᠨᠤᠲᠤᠭ ᠲᠠᠭᠠᠨ ᠪᠤᠴᠠᠬᠤ᠂ ᠤᠶᠤᠲᠠᠳ᠎ᠤᠨ ᠡᠪᠦᠯ᠎ᠦᠨ ᠠᠮᠠᠷᠠᠯᠲᠠ ᠵᠡᠷᠭᠡ ᠴᠠᠭ ᠲᠣᠬᠢᠶᠠᠯ᠎ᠢ ᠠᠱᠢᠭ᠍ᠯᠠᠨ᠂ ᠬᠦᠴᠦᠨ᠎ᠢᠶᠡᠨ ᠵᠣᠬᠢᠶᠠᠨ ᠪᠠᠢᠭᠤᠯᠤᠨ ᠠᠵᠢᠯ᠎ᠤᠨ ᠪᠠᠢᠷᠢ ᠶ᠋ᠢ ᠴᠤᠭ᠍ᠯᠠᠭᠤᠯᠵᠤ᠂ ᠪᠣᠯᠪᠠᠰᠤᠷᠠᠯ ᠪᠠ ᠠᠵᠢᠯ ᠡᠷᠢᠬᠦ᠌ ᠬᠡᠷᠡᠭ᠌ᠴᠡᠭᠡ ᠱᠠᠭᠠᠷᠳᠠᠯᠭ᠎ᠠ ᠵᠡᠷᠭᠡ ᠮᠡᠳᠡᠭᠡ ᠵᠠᠩᠭᠢ᠎ᠶ᠋ᠢ ᠤᠢᠯᠠᠭᠠᠨ ᠵᠢᠭ᠍ᠰᠠᠭᠠᠵᠤ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠎ᠶ᠋ᠢ ᠠᠬᠢᠭᠤᠯᠤᠨ᠎ᠠ᠃
ᠥᠪᠥᠷ ᠮᠣᠩᠭᠣᠯ ᠪᠠᠰᠠ ᠡᠯ᠎ᠡ ᠭᠠᠵᠠᠷ᠎ᠤᠨ ᠴᠢᠬᠤᠯᠠ ᠶᠡᠬᠡ ᠲᠥᠷᠥᠯ ᠵᠦᠶ᠋ᠯ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ᠎ᠶ᠋ᠢ ᠦᠷᠭᠦᠯᠵᠢᠯᠡᠨ ᠣᠢᠯᠠᠭᠠᠵᠤ᠂ ᠮᠠᠯᠴᠢᠨ ᠲᠠᠷᠢᠶᠠᠴᠢᠨ᠎ᠤ ᠲᠤᠬᠠᠶ᠎ᠶ᠋ᠢᠨ ᠭᠠᠵᠠᠷ᠎ᠲᠠᠭᠠᠨ ᠣᠢᠷ᠎ᠠ ᠬᠠᠪᠢ᠎ᠳᠠᠭᠠᠨ ᠠᠵᠢᠯ ᠤᠯᠬᠤ᠎ᠶ᠋ᠢ ᠠᠬᠢᠭᠤᠯᠤᠨ᠎ᠠ᠃ ᠡᠭᠦᠨ᠎ᠦ ᠬᠠᠮᠲᠤ᠂ ᠣᠷᠣᠨ᠎ᠤ ᠳᠣᠲᠣᠷᠠᠬᠢ 《ᠵᠡᠭᠦᠨ ᠬᠡᠰᠡᠭ᠎ᠦᠨ ᠬᠦᠲᠠᠯᠮᠤᠷᠢ ᠬᠦᠴᠤ ᠵᠢ ᠪᠠᠷᠠᠭᠤᠨ ᠬᠡᠰᠡᠭᠲᠸ᠋ ᠬᠡᠷᠡᠭ᠌ᠯᠡᠬᠦ᠌》 ᠠᠵᠢᠯ᠎ᠤᠨ ᠲᠥᠰᠦᠯ᠎ᠢ ᠰᠤᠳᠤᠯᠤᠨ ᠲᠣᠭ᠍ᠲᠠᠭᠠᠵᠤ᠂ ᠱᠢᠯᠵᠢᠭᠦᠯᠦᠨ ᠠᠵᠢᠯ ᠣᠯᠭᠣᠬᠤ᠎ᠶ᠋ᠢ ᠵᠣᠬᠢᠶᠠᠨ ᠪᠠᠢᠭᠤᠯᠬᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃