10 ᠵᠢᠯ ᠳᠠᠷᠠᠭᠠᠯᠠᠨ 《ᠪᠦᠬᠦ ᠤᠯᠤᠰ᠎ᠤᠨ ᠮᠥᠰᠥ᠍ ᠴᠠᠰᠤᠨ᠎ᠤ ᠠᠷᠪᠠᠨ ᠱᠢᠯᠢᠳᠡᠭ ᠵᠢᠭᠤᠯᠴᠢᠯᠠᠯ᠎ᠤᠨ ᠬᠣᠲᠠ》 ᠪᠡᠷ ᠰᠤᠩᠭᠤᠭᠳᠠᠭᠰᠠᠨ — ᠬᠥᠯᠥᠨ ᠪᠣᠢᠷ ᠬᠤᠳᠠ ᠵᠢᠨ ᠨᠢᠭᠤᠴᠠ ᠤᠪᠠᠳᠢᠰ ᠨᠢ ᠬᠠᠮᠢᠭ᠎ᠠ ᠪᠠᠨ ᠪᠠᠢᠨ᠎ᠠ ?
2026-03-18 10:32:01
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

2026 ᠣᠨ᠎ᠤ ᠮᠥᠰᠥ᠍ ᠴᠠᠰᠤᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠶᠡᠬᠡ ᠬᠤᠷᠠᠯ ᠳᠡᠭᠡᠷ᠎ᠡ᠂ ᠬᠥᠯᠥᠨ ᠪᠣᠢᠷ ᠬᠤᠳᠠ 《ᠪᠦᠬᠦ ᠤᠯᠤᠰ᠎ᠤᠨ ᠮᠥᠰᠥ᠍ ᠴᠠᠰᠤᠨ᠎ᠤ ᠠᠷᠪᠠᠨ ᠱᠢᠯᠢᠳᠡᠭ ᠵᠢᠭᠤᠯᠴᠢᠯᠠᠯ᠎ᠤᠨ ᠬᠣᠲᠠ》 ᠶ᠋ᠢᠨ ᠢᠷᠠᠭᠤ ᠠᠯᠳᠠᠷ᠎ᠢ ᠳᠠᠬᠢᠨᠲᠠ ᠭᠥᠷᠳᠡᠵᠦ᠍᠂ 10 ᠵᠢᠯ ᠳᠠᠷᠠᠭᠠᠯᠠᠨ ᠡᠨᠡ ᠬᠦ᠌ ᠣᠨᠴᠠᠭᠠᠶ ᠢᠷᠠᠭᠤ ᠠᠯᠳᠠᠷ᠎ᠢ ᠵᠠᠯᠭᠠᠭ᠎ᠠ᠎ᠪᠠᠷ ᠭᠥᠷᠳᠡᠭᠰᠡᠨ᠎ᠢᠶᠡᠷ ᠬᠦᠮᠦᠰ᠎ᠤᠨ ᠠᠩᠬᠠᠷᠤᠯ᠎ᠢ ᠳᠠᠳᠠᠵᠠᠢ᠃ 《ᠮᠦᠰᠦ ᠴᠠᠰᠤᠨ᠎ᠤ ᠡᠬᠢ ᠪᠠᠶᠠᠯᠢᠭ》 ᠡᠴᠡ 《ᠬᠠᠯᠠᠮᠱᠢᠯ ᠠᠵᠤ ᠦᠢᠯᠡᠰ》 ᠬᠦᠷᠲᠡᠯ᠎ᠡ᠂ ᠳ᠋ᠠᠩ ᠴᠤᠯᠭᠤᠢ ᠲᠣᠭᠣᠷᠢᠨ ᠦᠵᠡᠬᠦ᠌᠎ᠡᠴᠡ ᠪᠦᠬᠦ᠌ ᠣᠷᠣᠨ ᠪᠦᠰᠡ᠎ᠪᠡᠷ ᠵᠤᠭᠠᠯᠠᠨ ᠴᠡᠩᠬᠡᠬᠦ ᠪᠤᠯᠳᠠᠯ᠎ᠠ᠂ ᠬᠥᠯᠥᠨ ᠪᠤᠢ᠌ᠷ ᠬᠤᠳᠠ᠎ᠶᠢᠨ ᠬᠢᠨ ᠠᠷᠪᠠᠨ ᠵᠢᠯ᠎ᠦᠨ ᠰᠢᠷᠭᠠᠭᠤ ᠴᠢᠷᠮᠠᠢᠯᠭ᠎ᠠ ᠪᠠᠷ ᠮᠥᠰᠥ᠍ ᠴᠠᠰᠤᠨ᠎ᠤ ᠵᠢᠭᠤᠯᠴᠢᠯᠠᠯ᠎ᠤᠨ ᠡᠯᠪᠡᠭ ᠪᠠᠶᠠᠨ ᠦᠷ᠎ᠡ ᠪᠦᠲᠦᠭᠡᠯ᠎ᠤᠯᠵᠦ᠂ ᠦᠪᠦᠷ ᠮᠤᠨᠭᠭᠤᠯ᠂ ᠲᠡᠷᠡᠴᠢᠯᠡᠨ ᠪᠦᠬᠦ ᠤᠯᠤᠰ᠎ᠤᠨ ᠲᠦᠷᠪᠡᠨ ᠤᠯᠠᠷᠢᠯ᠎ᠤᠨ ᠪᠦᠬᠦ ᠤᠷᠤᠨ ᠪᠦᠰᠡ᠎ᠶᠢᠨ ᠵᠢᠭᠤᠯᠴᠢᠯᠠᠯ᠎ᠤᠨ ᠬᠦᠭᠵᠢᠯᠳᠡ᠎ᠳᠦ ᠯᠠᠪᠯᠠᠵᠦ ᠪᠤᠯᠬᠤᠢᠴᠠ ᠲᠤᠷᠰᠢᠯᠭ᠎ᠠ ᠬᠠᠩᠭᠠᠵᠠᠢ᠃


QQ截图20260312093543.png


《ᠪᠦᠬᠦ ᠤᠯᠤᠰ᠎ᠤᠨ ᠮᠥᠰᠥ᠍ ᠴᠠᠰᠤᠨ᠎ᠤ ᠠᠷᠪᠠᠨ ᠱᠢᠯᠢᠳᠡᠭ ᠵᠢᠭᠤᠯᠴᠢᠯᠠᠯ᠎ᠤᠨ ᠬᠣᠲᠠ》 ᠬᠥᠯᠥᠨ ᠪᠣᠢᠷ ᠬᠤᠳᠠ 


ᠬᠥᠯᠥᠨ ᠪᠤᠢ᠌ᠷ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠷ 《ᠮᠥᠰᠥ᠍ ᠴᠠᠰᠤᠨ᠎ᠤ ᠡᠬᠢ ᠪᠠᠶᠠᠯᠢᠭ ᠴᠤ᠌ ᠠᠯᠳᠠ ᠮᠥᠩᠭᠥᠨ ᠠᠭᠤᠯᠠ ᠮᠥᠨ》 ᠭᠡᠬᠦ᠌ ᠤᠢᠯᠠᠭᠠᠭᠳᠠᠬᠤᠨ᠎ᠢ ᠦᠢᠯᠡᠳᠦᠯᠭᠡᠵᠢᠬᠦᠯᠵᠦ ᠴᠢᠳᠠᠭᠰᠠᠨ ᠨᠢ ᠭᠠᠵᠠᠷ ᠤᠷᠤᠨ᠎ᠤ ᠠᠭᠤᠷ ᠠᠮᠢᠰᠬᠤᠯ᠂ ᠰᠤᠶᠤᠯ ᠢᠷᠭᠡᠨᠰᠢᠯ᠂ ᠬᠦᠮᠦᠨ ᠠᠷᠠᠳ᠎ᠤᠨ ᠵᠠᠩ ᠵᠠᠩᠰᠢᠯ ᠵᠢᠴᠢ ᠲᠦᠷᠦ᠎ᠶᠢᠨ ᠪᠤᠳᠤᠯᠭ᠎ᠠ᠎ᠶᠢᠨ ᠳᠡᠮᠵᠢᠯᠭᠡ ᠡᠴᠡ ᠰᠠᠯᠵᠦ ᠴᠢᠳᠠᠬᠤ ᠦᠬᠡᠢ᠃ 2022 ᠣᠨ᠎ᠠᠴᠠ 2025 ᠣᠨ ᠪᠣᠯᠲᠠᠯ᠎ᠠ ᠡᠪᠦᠯ᠎ᠦᠨ ᠤᠯᠠᠷᠢᠯ᠎ᠤᠨ ᠬᠦᠯᠢᠶᠡᠨ ᠠᠪᠤᠭᠰᠠᠨ ᠵᠢᠭᠤᠯᠴᠢᠯᠠᠭᠴᠢ᠎ᠶᠢᠨ ᠲᠣᠭ᠎ᠠ 637.44 ᠲᠦᠮᠡ ᠪᠠᠢᠭ᠍ᠰᠠᠨ᠎ᠠᠴᠠ ᠪᠠᠨ 1001.96 ᠲᠦᠮᠡ ᠪᠣᠯᠤᠨ ᠨᠡᠮᠡᠭ᠌ᠳᠡᠵᠦ᠍᠂ 57% ᠭᠠᠷᠤᠢ ᠨᠡᠮᠡᠭ᠌ᠳᠡᠵᠡᠢ; ᠵᠢᠭᠤᠯᠴᠢᠯᠠᠯ᠎ᠤᠨ ᠶᠡᠷᠦᠩᠬᠡᠶ ᠣᠷᠣᠯᠭ᠎ᠠ᠎ᠶ᠋ᠢ 135.12 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ ᠭᠤᠷᠪᠠᠨ ᠵᠢᠯ᠎ᠦᠨ ᠡᠮᠦᠨᠡᠬᠢ᠎ᠡᠴᠡ 87% ᠪᠡᠷ ᠨᠡᠮᠡᠭ᠌ᠳᠡᠵᠦ᠍᠂ ᠡᠪᠦᠯ᠎ᠤᠨ ᠤᠯᠠᠷᠢᠯ᠎ᠤᠨ ᠵᠢᠭᠤᠯᠴᠢᠯᠠᠭᠰᠠᠳ᠎ᠤᠨ ᠭᠤᠤᠯ ᠵᠤᠷᠢᠯᠳᠠᠳᠦ ᠭᠠᠵᠠᠷ᠎ᠤᠨ ᠨᠢᠭᠡ ᠪᠤᠯᠵᠠᠢ᠃

ᠬᠥᠯᠥᠨ ᠪᠤᠢ᠌ᠷ ᠲᠦᠷᠦᠯ ᠲᠡᠮᠳᠡᠭ᠎ᠢᠶᠡᠷ ᠬᠥᠳᠡᠯᠭᠡᠭᠦᠷ ᠪᠣᠯᠭᠠᠵᠤ᠂ ᠥᠪᠡᠷᠮᠢᠴᠡ ᠣᠨᠴᠠᠯᠢᠭ᠎ᠲᠠᠶ ᠡᠪᠦᠯ᠎ᠦᠨ ᠤᠯᠠᠷᠢᠯ᠎ᠤᠨ ᠰᠣᠶᠣᠯ ᠵᠢᠭᠤᠯᠴᠢᠯᠠᠯ᠎ᠤᠨ IP ᠵᠢᠭ᠍ᠰᠠᠭᠠᠯ᠎ᠢ ᠪᠠᠢᠭᠤᠯᠪᠠ᠄ 2025 ᠣᠨ᠎ᠤ 12 ᠰᠠᠷ᠎ᠠ᠎ᠶ᠋ᠢᠨ 21᠎ᠤ᠋ ᠡᠳᠦᠷ᠂ ᠬᠣᠷᠢᠨ ᠨᠢᠭᠡᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠰᠥ᠍ ᠴᠠᠰᠤᠨ᠎ᠤ ᠨᠠᠭᠠᠳᠤᠮ ᠠᠩᠬ᠎ᠠ ᠤᠳᠠᠭ᠎ᠠ ᠬᠦᠳᠡᠭᠡ ᠲᠠᠯ᠎ᠠ ᠳᠡᠭᠡᠷ᠎ᠠ ᠬᠢᠵᠦ ᠪᠠᠢᠭᠰᠠᠨ᠎ᠠᠴᠠ ᠪᠠᠨ ᠬᠤᠳᠠ᠎ᠳᠤ ᠬᠢᠵᠦ᠂ ᠬᠠᠢᠯᠠᠷ ᠲᠣᠭᠣᠷᠢᠭ᠎ᠲᠤ ᠦᠪᠡᠳᠡᠭ᠌ᠰᠢ ᠶᠡᠬᠡ ᠪᠡᠷ ᠶᠠᠪᠤᠭᠳᠠᠨ᠂ ᠤᠯᠠᠮᠵᠢᠯᠠᠯ ᠬᠢᠭᠡᠳ ᠤᠳᠤᠬᠢᠴᠢᠯᠡᠯ᠎ᠢ ᠠᠭᠤᠰᠤᠯᠴᠠᠭᠤᠯᠤᠨ᠂ ᠲᠠᠯ᠎ᠠ ᠨᠤᠲᠤᠭ᠎ᠤᠨ ᠦᠨᠳᠦᠰᠦᠲᠡᠨ᠎ᠦ ᠪᠠᠶᠠᠷ ᠨᠠᠭᠠᠳᠤᠮ᠎ᠠᠴᠠ ᠣᠷᠣᠨ ᠪᠦᠰᠡ ᠠᠯᠤᠰᠯᠠᠨ ᠬᠣᠯᠪᠣᠯᠳᠤᠨ ᠬᠥᠳᠡᠯᠦᠯᠴᠡᠭ᠌ᠰᠡᠨ ᠡᠪᠦᠯ᠎ᠦᠨ ᠡᠳᠦᠷ᠎ᠦᠨ ᠦᠪᠡᠳᠡᠭ᠌ᠰᠢ ᠴᠤᠭ᠍ᠯᠠᠭᠠᠨ ᠪᠤᠯᠵᠥ᠍᠂ ᠰᠣᠶᠣᠯ᠎ᠤᠨ ᠠᠮᠢᠳᠤᠯᠢᠭ ᠤᠯᠠᠮᠵᠢᠯᠠᠯ᠎ᠢ ᠪᠡᠶᠡᠯᠡᠭᠦᠯᠵᠦ᠍᠂ 《ᠡᠳᠦᠷ ᠡᠳᠦᠷ᠎ᠤᠨ ᠨᠠᠭᠠᠳᠤᠮ》 ᠢ᠋ ᠪᠠᠢᠩᠭᠤᠵᠢᠭᠤᠯᠤᠨ ᠡᠵᠡᠩᠨᠡᠵᠦ᠍᠂ ᠵᠠᠩ ᠦᠢᠯᠡ᠎ᠶ᠋ᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠪᠠ᠃

ᠵᠡᠷᠭᠡ ᠪᠡᠷ ᠶᠠᠪᠤᠭ᠍ᠳᠠᠭ᠍ᠰᠠᠨ ᠥᠪᠥᠷ ᠮᠣᠩᠭᠣᠯ᠎ᠤᠨ ᠮᠥᠰᠥ᠍ ᠴᠠᠰᠤᠨ᠎ᠤ ᠪᠠᠭᠠᠲᠤᠷᠴᠤᠳ᠎ᠤᠨ ᠴᠤᠭᠯᠠᠭᠠᠨ᠎ᠨᠢ 《1 ᠭᠤᠤᠯ ᠲᠠᠯᠠᠪᠠᠶ᠂ 2 ᠬᠤᠪᠢ᠎ᠶᠢᠨ ᠮᠠᠰᠢᠨ ᠲᠡᠷᠭᠡ ᠪᠠᠨ ᠵᠢᠯᠣᠭᠣᠳᠴᠤ ᠵᠢᠭᠤᠯᠴᠢᠯᠠᠬᠤ ᠵᠠᠮ ᠱᠤᠭᠤᠮ᠂ 3 ᠤᠯᠤᠰ᠎ᠤᠨ ᠲᠠᠰ᠎ᠤᠨ ᠤᠷᠤᠯᠳᠤᠭᠠᠨ᠂ 4 ᠲᠥᠷᠥᠯ᠎ᠦᠨ ᠭᠤᠤᠯ ᠰᠡᠳᠦᠪᠲᠦ ᠬᠡᠭᠡᠷᠡᠯᠡᠬᠦ᠌ ᠤᠷᠤᠯᠳᠤᠭᠠᠨ᠎ᠤ ᠵᠠᠮ》 ᠤ᠋ᠨ ᠱᠢᠰᠲ᠋ᠧᠮ᠎ᠢᠶᠡᠷ ᠳ᠋ᠠᠩ ᠭᠠᠭᠴᠠ ᠲᠦᠷᠦᠯ᠎ᠤᠨ ᠤᠷᠤᠯᠳᠤᠭᠠᠨ ᠡᠴᠡ ᠪᠠᠨ ᠬᠦᠭᠵᠢᠭᠡᠳ ᠪᠦᠬᠦ ᠤᠷᠤᠨ ᠪᠦᠰᠡ᠎ᠵᠢ ᠬᠤᠯᠪᠤᠭᠰᠠᠨ ᠰᠢᠷᠢᠰ ᠠᠵᠢᠯᠯᠠᠭ᠎ᠠ ᠪᠤᠯᠵᠦ᠂ ᠵᠢᠩᠬᠢᠨᠢ᠎ᠪᠡᠷ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠢᠬᠤᠯᠠ ᠮᠥᠰᠥ᠍ ᠴᠠᠰᠤᠨ᠎ᠤ ᠤᠷᠤᠯᠳᠤᠭᠠᠨ ᠵᠢᠭᠤᠯᠴᠢᠯᠠᠯ ᠤ᠋ᠨ IP ᠪᠣᠯᠵᠣ᠂ ᠮᠦᠰᠦ ᠴᠠᠰᠤᠨ᠎ᠤ ᠪᠡᠶ᠎ᠠ ᠳᠠᠮᠢᠷ᠎ᠤᠨ ᠬᠤᠷᠳᠤᠴᠠ ᠪᠠ ᠠᠭᠠᠭ ᠤᠮᠤᠭ᠎ᠢ ᠬᠠᠷᠠᠭᠤᠯᠵᠠᠢ᠃ ᠬᠣᠷᠢᠨ ᠬᠣᠶᠠᠳᠤᠭᠠᠷ ᠬᠤᠭᠤᠴᠠᠭᠠᠨ᠎ᠤ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠮᠥᠰᠥ᠍ ᠴᠠᠰᠤᠨ᠎ᠤ ᠨᠠᠢᠷ ᠬᠤᠯᠠ᠎ᠶᠢᠨ ᠵᠢᠭᠤᠯᠴᠢᠯᠠᠭᠰᠠᠳ ᠪᠤᠯᠤᠨ ᠬᠣᠲᠠ᠎ᠶ᠋ᠢᠨ ᠠᠷᠠᠳ᠎ᠲᠤ ᠬᠢᠯᠢ᠎ᠶ᠋ᠢᠨ ᠪᠣᠭᠣᠮᠲᠠ᠎ᠶ᠋ᠢᠨ ᠬᠣᠲᠠ᠎ᠶ᠋ᠢᠨ ᠮᠥᠰᠥ᠍ ᠴᠠᠰᠤᠨ᠎ᠤ ᠷᠢᠳᠢ ᠱᠢᠳᠢ ᠪᠣᠯᠤᠨ ᠭᠤᠷᠪᠠᠨ ᠤᠯᠤᠰ᠎ᠤᠨ ᠵᠠᠩ ᠦᠶ᠋ᠯᠡ᠎ᠶ᠋ᠢᠨ ᠠᠭᠤᠰᠤᠯᠴᠠᠯ᠎ᠤᠨ ᠥᠪᠡᠷᠮᠢᠴᠡ ᠭᠠᠢᠬᠠᠮᠰᠢᠭ᠎ᠢ ᠮᠡᠳᠡᠷᠡᠭᠦᠯᠪᠡ᠃ 《ᠴᠠᠰᠤ ᠴᠠᠭᠠᠨ ᠳᠡᠯᠡᠬᠡᠢ》 ᠴᠡᠩᠬᠡᠯ᠎ᠤᠨ ᠬᠦᠷᠢᠶᠡᠯᠡᠩ᠎ᠳ᠋ᠤ ᠪᠥᠬᠥ᠌ ᠤᠯᠤᠰ᠎ᠤᠨ ᠴᠣᠷ᠎ᠤᠨ ᠭᠠᠭ᠍ᠴᠠ ᠦᠨᠡᠨ ᠬᠦ᠌ ᠰᠠᠭᠤᠵᠤ ᠪᠣᠯᠬᠤ ᠮᠥᠰᠥ᠍ ᠴᠠᠰᠤᠨ᠎ᠤ ᠪᠠᠭᠤᠳᠠᠯ ᠪᠠᠢᠭᠤᠯᠵᠦ᠂ ᠭᠤᠤᠯ ᠰᠡᠳᠦᠪᠲᠦ ᠮᠥᠰᠥᠨ ᠱᠤᠭᠤᠮᠠᠯ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠤᠭ᠍ᠯᠠᠭ᠎ᠠ ᠮᠠᠢᠮᠠᠶ ᠪᠠ ᠪᠥᠬᠥ᠌ ᠨᠠᠰᠤᠨ᠎ᠤ ᠵᠤᠭ᠎ᠠ ᠴᠡᠩᠭᠡᠯ᠎ᠦᠨ ᠲᠥᠬᠥᠭᠡᠷᠦᠮᠵᠢ ᠪᠠᠢᠭᠤᠯᠵᠤ᠂ ᠮᠦᠰᠦ ᠴᠠᠰᠤᠨ᠎ᠤ ᠲᠤᠮᠤᠭᠯᠢᠭ ᠠᠬᠤᠢ᠎ᠵᠢ ᠪᠦᠳᠦᠭᠡᠵᠡᠢ᠃


QQ截图20260317110943.png


ᠤᠨᠴᠠᠯᠢᠬᠳᠤ ᠰᠠᠢᠬᠠᠨ ᠦᠵᠡᠬᠦᠯᠭᠡ


ᠬᠦᠯᠦᠨ ᠪᠤᠢᠷ ᠬᠤᠳᠠ ᠮᠥᠰᠥ᠍ ᠴᠠᠰᠤᠨ᠎ᠤ ᠨᠠᠭᠠᠳᠤᠮ᠂ ᠡᠪᠦᠯ᠎ᠦᠨ ᠤᠯᠠᠷᠢᠯ᠎ᠤᠨ ᠪᠠᠭᠠᠲᠤᠷᠴᠤᠳ᠎ᠤᠨ ᠴᠤᠭ᠍ᠯᠠᠭᠠᠨ ᠵᠡᠷᠭᠡ ᠲᠥᠷᠥᠯ ᠲᠡᠮᠳᠡᠭ᠌ᠲᠦ᠍ ᠠᠵᠢᠯᠯᠠᠭ᠎ᠠ᠎ᠪᠠᠷ᠎ᠢᠶᠡᠨ ᠮᠥᠰᠥ᠍ ᠴᠠᠰᠤᠨ᠎ᠤ ᠬᠠᠮᠢᠶ᠎ᠠ ᠪᠥᠬᠥᠶ ᠬᠡᠷᠡᠭ᠌ᠯᠡᠭᠡ᠎ᠶ᠋ᠢ ᠳᠠᠢᠴᠢᠯᠠᠨ 5000 ᠲᠦᠮᠡᠨ ᠲᠥᠭᠥᠷᠢᠭ᠎ᠤᠨ ᠤᠷᠤᠯᠭ᠎ᠠ ᠡᠬᠦᠳᠴᠦ᠂ ᠮᠠᠰᠢᠨ ᠲᠡᠷᠭᠡᠨ᠎ᠤ ᠬᠦᠶ᠋ᠲᠡᠨ᠎ᠤ ᠳᠡᠰᠬᠡᠯ᠎ᠤᠨ ᠲᠤᠷᠱᠢᠯᠲᠠ᠂ ᠮᠥᠰᠥ᠍ ᠴᠠᠰᠤᠨ᠎ᠤ ᠵᠢᠭᠤᠯᠴᠢᠯᠠᠯ ᠵᠡᠷᠭᠡ ᠠᠵᠤ ᠦᠶ᠋ᠯᠡᠰ᠎ᠢᠶᠡᠷ ᠪᠠᠭᠤᠳᠠᠯ᠂ ᠢᠳᠡᠭᠡᠨ ᠤᠮᠳᠠᠭᠠᠨ᠂ ᠰᠡᠯᠪᠢᠨ ᠵᠠᠰᠠᠯᠲᠠ ᠵᠡᠷᠭᠡ ᠢᠵᠢ ᠪᠦᠷᠢᠳᠦᠭᠰᠡᠨ ᠠᠵᠤ ᠦᠶ᠋ᠯᠡᠰ᠎ᠦᠨ ᠪᠦᠯᠦᠭ᠌ᠵᠢᠨ ᠬᠥᠭ᠌ᠵᠢᠬᠦ᠌᠎ᠶ᠋ᠢ ᠳᠠᠢᠴᠢᠯᠠᠪᠠ᠃

ᠬᠦᠯᠦᠨ ᠪᠤᠢᠷ ᠬᠤᠳᠠ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠬᠣᠲᠠ ᠵᠢᠨ᠎ᠲᠤᠳᠤᠷᠠᠬᠢ ᠬᠡᠭᠡᠷ᠎ᠡ᠎ᠶ᠋ᠢᠨ ᠴᠡᠨᠡᠯᠡᠯᠲᠡ᠎ᠶ᠋ᠢᠨ ᠴᠡᠴᠡᠷᠯᠢᠭ᠎ᠢ ᠪᠠᠢᠭᠤᠯᠤᠨ᠂ 7000 ᠮᠧᠲ᠋ᠷ᠎ᠦᠨ ᠬᠡᠭᠡᠷ᠎ᠡ᠎ᠶ᠋ᠢᠨ ᠴᠡᠨᠡᠯᠡᠯᠲᠡ᠎ᠶ᠋ᠢᠨ ᠵᠠᠮ᠂ ᠲᠦᠷᠭᠡᠨ ᠲᠡᠱᠢᠯᠲᠡ᠎ᠶ᠋ᠢᠨ ᠵᠠᠮ ᠵᠢᠴᠢ ᠣᠯᠠᠨ ᠡᠱᠢᠲᠦ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠲᠠᠯᠠᠪᠤᠷ᠎ᠢ ᠰᠦᠶ᠋ᠳᠭᠡᠯ ᠬᠤᠷᠢᠶᠠᠬᠤ ᠥᠬᠡᠶ᠎ᠪᠡᠷ ᠨᠡᠭᠡᠭᠡᠵᠦ᠍᠂ ᠪᠥᠬᠥ᠌ ᠤᠯᠤᠰ᠎ᠤᠨ U16 ᠡᠮᠡᠭ᠌ᠲᠡᠶ᠎ᠶ᠋ᠢᠨ ᠮᠥᠰᠥᠨ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠂ ᠬᠦᠶ᠋ᠲᠡᠨ ᠲᠤᠢᠯ᠎ᠤᠨ ᠮᠠᠷᠠᠽᠤᠨ ᠵᠡᠷᠭᠡ ᠤᠷᠤᠯᠳᠤᠭᠠᠨ᠎ᠢ ᠳᠠᠭᠠᠭᠠᠨ ᠡᠷᠭᠢᠯᠡᠵᠦ᠍᠂ 2025 ᠣᠨ᠎ᠤ ᠮᠥᠰᠥ᠍ ᠴᠠᠰᠤᠨ᠎ᠤ ᠤᠯᠠᠷᠢᠯ᠎ᠳᠤ ᠨᠡᠢᠲᠡ 80 ᠭᠠᠷᠤᠶ ᠲᠠᠯᠠᠪᠠᠢ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ ᠥᠷᠨᠢᠭᠦᠯᠵᠦ᠍᠂ 《ᠡᠪᠦᠯ᠎ᠦᠨ ᠪᠡᠶ᠎ᠡ᠎ᠶ᠋ᠢᠨ ᠲᠠᠮᠢᠷ᠎ᠤᠨ ᠬᠣᠲᠠ》 ᠶ᠋ᠢᠨ ᠲᠦᠷᠦᠯ ᠲᠡᠮᠳᠡᠭ᠎ᠢ ᠡᠷᠴᠢᠮᠳᠡᠢ ᠴᠤᠭᠴᠠᠯᠠᠵᠠᠢ᠃ 《ᠪᠦᠬᠦ ᠤᠯᠤᠰ᠎ᠤᠨ ᠲᠤᠮᠤ ᠲᠤᠮᠤ ᠤᠷᠤᠯᠳᠤᠭᠠᠨ᠎ᠢ ᠡᠷᠬᠢᠯᠡᠬᠦ ᠪᠡᠷ ᠳᠠᠮᠵᠢᠨ ᠬᠦᠯᠦᠨ ᠪᠤᠢᠷ ᠬᠤᠳᠠ᠎ᠶᠢᠨ ᠨᠡᠷ᠎ᠡ᠎ᠠᠯᠳᠠᠷᠰᠢᠯ᠎ᠢ ᠤᠯᠠᠮ ᠨᠡᠮᠡᠭᠳᠡᠬᠦᠯᠵᠦ᠂ ᠣᠯᠠᠨ ᠡᠱᠢᠲᠦ ᠡᠵᠡᠩᠨᠡᠯᠲᠡ᠎ᠶ᠋ᠢᠨ ᠬᠡᠯᠪᠡᠷᠢ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ》 ᠭᠡᠵᠦ ᠬᠦᠯᠦᠨ ᠪᠤᠢᠷ ᠬᠤᠳᠠ᠎ᠶᠢᠨ ᠰᠤᠶᠤᠯ ᠵᠢᠭᠤᠯᠴᠢᠯᠠᠯ ᠷᠠᠳᠢᠣ᠋ ᠲᠧᠯᠸᠢᠰ ᠲᠤᠪᠴᠢᠶᠠᠨ᠎ᠤ ᠬᠠᠷᠢᠭᠤᠴᠠᠯᠭᠠᠳᠠᠨ ᠬᠡᠯᠡᠨ᠎ᠠ᠃ ᠪᠠᠰᠠ᠂ 45 ᠵᠦᠢᠯ᠎ᠦᠨ ᠣᠨᠴᠠᠯᠢᠭ᠍ᠲᠤ ᠵᠢᠭᠤᠯᠴᠢᠯᠠᠯ᠎ᠤᠨ ᠪᠦᠲᠦᠭᠡᠭ᠌ᠳᠡᠬᠦᠨ᠂ ᠮᠥᠰᠥ᠍ ᠴᠠᠰᠤᠨ᠎ᠤ ᠨᠠᠭᠠᠳᠤᠮ᠂ ᠲᠣᠪᠠ ᠱᠢᠶᠡᠨᠪᠢ᠎ᠶ᠋ᠢᠨ ᠡᠷᠲᠡᠨ᠎ᠦ ᠵᠠᠮ᠎ᠢᠶᠠᠷ ᠬᠤᠪᠢ ᠵᠢᠨ ᠮᠠᠰᠢᠨ ᠲᠡᠷᠭᠡ ᠵᠢᠯᠣᠭᠣᠳᠴᠤ ᠵᠢᠭᠤᠯᠴᠢᠯᠠᠬᠤ ᠵᠡᠷᠭᠡ ᠠᠵᠢᠯᠯᠠᠭ᠎ᠠ᠎ᠥᠷᠨᠢᠭᠦᠯᠵᠦ᠍᠂ ᠣᠷᠣᠰ ᠦᠨᠳᠦᠰᠦᠲᠡᠨ᠎ᠦ ᠭᠡᠷ ᠪᠦᠯᠢ᠎ᠶ᠋ᠢᠨ ᠵᠢᠭᠤᠯᠴᠢᠯᠠᠯ᠂ ᠮᠠᠯᠴᠢᠨ ᠠᠢᠯ᠎ᠤᠨ ᠵᠢᠭᠤᠯᠴᠢᠯᠠᠯ ᠵᠡᠷᠭᠡ ᠵᠢ ᠦᠷᠨᠢᠬᠦᠯᠵᠦ᠂ 2025 ᠣᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ 165.14 ᠲᠦᠮᠡᠨ ᠬᠥᠮᠦᠨ ᠤᠳᠠᠭ᠎ᠠ᠎ᠶᠢᠨ ᠵᠢᠭᠤᠯᠴᠢᠯᠠᠭᠴᠢ᠎ᠵᠢ ᠬᠦᠯᠢᠶᠡᠨ ᠠᠪᠴᠠᠢ᠃

ᠣᠨᠴᠠᠯᠢᠭ᠍ᠲᠤ ᠠᠵᠤ ᠦᠢᠯᠡᠰ᠎ᠦᠨ ᠱᠢᠪᠲᠤᠯᠤᠯᠲᠠ ᠬᠢᠵᠦ᠍᠂ ᠪᠦᠬᠦ᠌ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠱᠢᠰᠲ᠋ᠧᠮ᠎ᠢ ᠴᠣᠭ᠍ᠴᠠᠯᠠᠨ ᠪᠠᠢᠭᠤᠯᠪᠠ᠃ ᠶᠠᠭ᠍ᠰᠢ ᠬᠤᠳᠠ ᠲᠡᠭ ᠡᠴᠡ ᠲᠤᠷᠤᠬᠰᠢ 50°C᠎ᠤ᠋ᠨ ᠲᠤᠢᠯ᠎ᠤᠨ ᠬᠦᠢᠲᠡᠨ ᠨᠥᠬᠥᠴᠡᠯ ᠵᠢᠴᠢ 363 ᠲᠦᠮᠡᠨ ᠲᠡᠭ᠌ᠰᠢ ᠳᠥᠷᠪᠡᠯᠵᠢᠨ ᠮᠧᠲ᠋ᠷ᠎ᠳᠠᠯᠠᠪᠠᠢ ᠲᠠᠢ ᠲᠤᠰᠭᠠᠶ ᠮᠡᠷᠭᠡᠵᠢᠯ᠎ᠦᠨ ᠱᠢᠯᠭᠠᠯᠲᠠ᠎ᠶ᠋ᠢᠨ ᠲᠠᠯᠠᠪᠤᠷ᠎ᠲᠤ ᠲᠦᠱᠢᠭ᠌ᠯᠡᠨ᠂ ᠤᠯᠤᠰ᠎ᠤᠨ ᠲᠠᠰ᠎ᠤᠨ ᠮᠠᠱᠢᠨ ᠲᠡᠷᠭᠡᠨ᠎ᠦ ᠬᠦᠢᠳᠡᠨ᠎ᠤ ᠳᠡᠰᠬᠡᠯ᠎ᠤᠨ ᠰᠤᠷᠢᠯᠳᠠ᠎ᠶᠢᠨ ᠠᠵᠤ ᠦᠢᠯᠡᠰ᠎ᠦᠨ ᠰᠠᠭᠤᠷᠢᠨ ᠭᠠᠵᠠᠷ᠎ᠢ ᠪᠠᠢᠭᠤᠯᠵᠤ᠂ ᠪᠥᠸᠧ ᠱ᠌ᠢ ᠪᠦᠯᠦᠭ᠌ᠯᠡᠯ᠂ ᠵᠥᠩ ᠴᠢ ᠶᠠᠨ ᠵᠡᠷᠭᠡ 196 ᠠᠵᠤ ᠠᠬᠤᠢᠯᠠᠯ᠎ᠢ ᠰᠠᠭᠤᠷᠢᠱᠢᠭᠤᠯᠤᠨ᠂ 2024 ᠣᠨ᠎ᠳᠤ 2676 ᠲᠡᠷᠭᠡ ᠬᠥᠰᠭᠡ᠎ᠶ᠋ᠢ ᠱᠢᠯᠭᠠᠨ ᠪᠠᠢᠴᠠᠭᠠᠵᠤ᠂ ᠡᠵᠡᠩᠨᠡᠯᠲᠡ᠎ᠶ᠋ᠢᠨ ᠣᠷᠣᠯᠭ᠎ᠠ ᠨᠢ 1.79 ᠳ᠋ᠦᠩᠱᠢᠭᠤᠷ ᠲᠥᠭᠥᠷᠢᠭ᠎ᠲᠦ ᠬᠦᠷᠴᠦ᠍᠂ 2.5 ᠲᠦᠮᠡᠨ ᠲᠡᠷᠭᠡ᠎ᠵᠢ ᠰᠢᠯᠭᠠᠵᠠᠢ᠃ 《ᠪᠢᠳᠡ ᠨᠤᠭᠤ ᠭᠠᠵᠠᠷ᠎ᠤᠨ ᠮᠦᠰᠦ ᠴᠠᠰᠤᠨ᠎ᠤ ᠡᠬᠢ ᠪᠠᠶᠠᠯᠢᠭ᠎ᠢ ᠪᠦᠬᠦ ᠳᠠᠯ᠎ᠠ ᠪᠡᠷ ᠬᠠᠮᠠᠭᠠᠯᠬᠤ᠂ ᠰᠢᠨᠵᠢᠯᠡᠬᠦ ᠤᠬᠠᠭᠠᠨᠴᠢ ᠪᠡᠷ ᠵᠠᠰᠠᠨ ᠰᠡᠷᠬᠦᠬᠡᠬᠦ᠂ ᠵᠤᠬᠢᠰᠳᠠᠢ ᠠᠰᠢᠭᠯᠠᠬᠤ᠂ ᠦᠷᠬᠦᠯᠵᠢᠯᠡᠬᠦ ᠬᠦᠭᠵᠢᠯᠳᠡ᠎ᠶᠢᠨ ᠵᠠᠷᠴᠢᠮ ᠶᠤᠰᠤᠭᠠᠷ᠂ ᠤᠯᠠᠷᠢᠯ ᠬᠤᠪᠢᠶᠠᠨ ᠠᠰᠢᠭᠯᠠᠵᠦ ᠦᠷᠳᠡᠭᠵᠢᠬᠦᠯᠵᠦ ᠪᠠᠢᠨ᠎ᠠ》 ᠭᠡᠵᠦ ᠶᠠᠭᠰᠢ ᠬᠤᠳᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤᠨ ᠲᠤᠪᠴᠢᠶᠠᠨ᠎ᠤ᠋  ᠳᠡᠳ᠋ ᠳᠠᠷᠤᠭ᠎ᠠ ᠵᠠᠩ ᠴᠢ ᠬᠡᠯᠡᠨ᠎ᠠ᠃

ᠭᠡᠭᠡᠨ ᠭᠣᠣᠯ ᠬᠤᠳᠠ ᠬᠦᠢᠳᠡᠨ ᠡᠬᠢ ᠪᠠᠶᠠᠯᠢᠭ᠎ᠤᠨ ᠰᠤᠳᠤᠯᠭᠠᠨ᠎ᠤ ᠬᠦᠷᠢᠶᠡᠯᠡᠩ ᠵᠢᠴᠢ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠵᠤ᠂ 22 ᠭᠣᠣᠯᠳᠠᠯᠭ᠎ᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ ᠵᠦᠢᠯ᠎ᠢ ᠠᠬᠢᠭᠤᠯᠵᠤ᠂ 2022 — 2023 ᠣᠨ᠎ᠳᠤ 116 ᠲᠤᠷᠱᠢᠯᠲᠠ᠎ᠶ᠋ᠢᠨ ᠲᠦᠷᠦᠯ ᠵᠦᠢᠯ᠎ᠢ ᠪᠡᠶᠡᠯᠡᠭᠦᠯᠵᠦ᠍᠂ 5000 ᠱᠢᠬᠠᠮ ᠬᠡᠮᠵᠢᠯᠲᠡ᠎ᠶ᠋ᠢᠨ ᠪᠣᠯᠵᠣᠯᠲᠤ ᠲᠣᠭ᠎ᠠ᠂ ᠬᠦᠯᠳᠡᠬᠦᠦ ᠬᠦᠢᠳᠡᠨ᠎ᠢ ᠰᠡᠷᠭᠡᠢᠯᠡᠬᠦ᠌ ᠲᠣᠨᠣᠭ᠍ᠯᠠᠯ᠎ᠤᠨ ᠲᠤᠷᠱᠢᠯᠲᠠ᠎ᠶ᠋ᠢᠨ ᠠᠵᠤ ᠦᠢᠯᠡᠰ᠎ᠢ ᠲᠣᠭ᠍ᠲᠠᠭᠤᠨ᠎ᠢᠶᠠᠷ ᠥᠷᠭᠡᠳᠭᠡᠪᠡ᠃

ᠶᠠᠭ᠍ᠰᠢ ᠬᠤᠳᠠ᠎ᠶᠢᠨ ᠮᠠᠰᠢᠨ ᠲᠡᠷᠭᠡᠨ᠎ᠤ ᠬᠦᠢᠳᠡᠨ᠎ᠤ ᠳᠡᠰᠬᠡᠯ᠎ᠤᠨ ᠰᠤᠷᠢᠯᠳᠠ᠂ ᠮᠠᠨᠵᠤᠤᠷ᠎ᠤᠨ ᠬᠢᠯᠢ ᠠᠯᠤᠰᠯᠠᠭ᠍ᠰᠠᠨ ᠵᠢᠭᠤᠯᠴᠢᠯᠠᠯ ᠦᠢᠯᠡᠴᠢᠯᠡᠭᠡ᠂ ᠬᠠᠭᠤᠴᠢᠨ ᠪᠠᠷᠭᠤ ᠬᠣᠱᠢᠭᠤᠨ ᠤ᠋ ᠤᠢᠷ᠎ᠠ ᠤᠭᠳᠠᠷᠭᠤᠢ᠎ᠶᠢᠨ ᠲᠤᠷᠱᠢᠯᠲᠠ ᠵᠡᠷᠭᠡ ᠨᠢ ᠶᠠᠭ ᠤᠯᠤᠰ᠎ᠤᠨ ᠲᠤᠳᠤᠭᠠᠳᠦ᠎ᠶᠢᠨ ᠬᠦᠢᠳᠡᠨ᠎ᠤ ᠡᠬᠢ ᠪᠠᠶᠠᠯᠢᠭ᠎ᠢ ᠪᠤᠳᠠᠳᠦ ᠠᠵᠤ ᠠᠬᠤᠢ᠎ᠶᠢᠨ ᠦᠷ᠎ᠠ ᠠᠰᠢᠭ ᠪᠤᠯᠭᠠᠬᠤ᠂ ᠰᠢᠨᠵᠢᠯᠡᠬᠦ ᠤᠬᠠᠭᠠᠨ᠎ᠤ ᠰᠤᠳᠤᠯᠭᠠᠨ ᠲᠤᠷᠰᠢᠯᠳᠠ ᠬᠢᠬᠦ᠂ ᠤᠯᠠᠨ ᠵᠦᠢᠯ᠎ᠤᠨ ᠡᠵᠡᠩᠨᠡᠯᠳᠡ᠎ᠵᠢ ᠠᠭᠤᠰᠤᠯᠴᠠᠭᠤᠯᠤᠨ ᠬᠦᠭᠵᠢᠬᠦᠯᠬᠦ ᠬᠡᠪ ᠳᠠᠭᠤᠷᠢᠶᠠᠯ ᠪᠤᠯᠵᠦ ᠪᠠᠢᠨ᠎ᠠ᠃

ᠬᠤᠨᠠᠨ᠎ᠤ ᠵᠢᠭᠤᠯᠴᠢᠯᠠᠭᠴᠢ ᠯᠢ ᠠᠪᠤᠭᠠᠢ ᠬᠡᠷ ᠪᠦᠯᠢ ᠪᠡᠷ᠎ᠢᠶᠡᠨ ᠦᠷᠯᠦᠬᠡ ᠡᠷᠳᠡᠯᠡᠨ ᠪᠤᠰᠴᠤ᠂ ᠴᠠᠰᠤᠳᠦ ᠳᠠᠯ᠎ᠠ᠎ᠳᠦ ᠤᠯᠠᠭᠠᠨ ᠨᠠᠷᠠᠨ ᠮᠠᠨᠳᠤᠬᠤ ᠭᠠᠢᠬᠠᠮᠰᠢᠭᠳᠦ ᠦᠵᠡᠮᠵᠢ᠎ᠵᠢ ᠦᠵᠡᠬᠦ ᠪᠡᠷ ᠮᠡᠷᠭᠡᠯ ᠭᠤᠤᠯ᠎ᠤᠨ ᠦᠵᠡᠮᠵᠢ᠎ᠶᠢᠨ ᠤᠷᠤᠨ᠎ᠳᠦ ᠬᠦᠷᠦᠯ᠎ᠠ᠃ ᠬᠦᠯᠦᠨ ᠪᠤᠢᠷ ᠬᠤᠳᠠ ᠠᠭᠠᠷ᠎ᠤᠨ ᠠᠶᠠᠯᠠᠯ᠂ ᠲᠡᠮᠦᠷ ᠵᠠᠮ᠂ ᠵᠠᠰᠠᠮᠠᠯ ᠵᠠᠮ᠎ᠤᠨ ᠬᠠᠮᠵᠢᠯᠴᠠᠨ ᠬᠥᠭ᠌ᠵᠢᠬᠦ᠌᠎ᠳᠦ ᠲᠦᠱᠢᠭ᠌ᠯᠡᠨ᠂ 《ᠥᠷᠯᠥᠭᠡ ᠦᠳᠡᠰᠢ᠎ᠶ᠋ᠢᠨ ᠬᠣᠭᠣᠷᠣᠨᠳᠣ᠂ ᠪᠥᠬᠥ᠌ ᠣᠷᠣᠨ ᠪᠦᠰᠡ᠎ᠪᠡᠷ ᠪᠦᠷᠬᠦᠭᠦᠯᠬᠦ᠌》 ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠱᠢᠰᠲ᠋ᠧᠮ᠎ᠢ ᠪᠠᠢᠭᠤᠯᠵᠤ᠂ ᠭᠠᠵᠠᠷ ᠣᠷᠣᠨ ᠥᠷᠭᠡᠨ ᠠᠭᠤᠳᠠᠮ᠂ ᠡᠬᠢ ᠪᠠᠶᠠᠯᠢᠭ ᠲᠠᠷᠠᠬᠠᠶ ᠪᠤᠲᠠᠷᠬᠠᠶ ᠬᠥᠭ᠌ᠵᠢᠯᠲᠡ᠎ᠶ᠋ᠢᠨ ᠪᠣᠭᠣᠮᠢ᠎ᠶ᠋ᠢ ᠠᠷᠢᠯᠭᠠᠵᠦ᠂ ᠪᠦᠬᠦ ᠤᠯᠤᠰ᠂ ᠲᠡᠷᠡᠴᠢᠯᠡᠨ ᠭᠠᠳᠠᠭᠠᠳᠦ᠎ᠶᠢᠨ ᠵᠢᠭᠤᠯᠴᠢᠯᠠᠭᠰᠠᠳ᠎ᠤᠨ ᠵᠤᠷᠢᠯᠳᠠᠳᠦ ᠤᠷᠤᠨ ᠪᠤᠯᠵᠠᠢ᠃

ᠣᠯᠠᠨ ᠲᠦᠷᠦᠯ᠎ᠤᠨ ᠵᠤᠭ᠎ᠠ ᠴᠡᠩᠬᠡᠬᠦᠨ᠂ ᠠᠳᠠᠯᠢ ᠪᠤᠰᠤ ᠵᠢᠭᠤᠯᠴᠢᠯᠠᠬᠰᠠᠳ᠎ᠤᠨ ᠪᠠᠬ᠎ᠠ᠎ᠵᠢ ᠳᠠᠳᠠᠵᠦ᠂ ᠰᠡᠳᠬᠢᠯ ᠬᠤᠷᠭᠤᠳᠠᠭᠤᠯᠤᠨ᠎ᠠ᠃ 7 ᠰᠠᠷ᠎ᠠ᠎ᠦᠷᠬᠦᠯᠵᠢᠯᠡᠬᠦ ᠮᠦᠰᠦ ᠴᠠᠰᠤᠳᠦ ᠬᠤᠭᠤᠴᠠᠭᠠᠨ᠎ᠳᠤ᠂ ᠲᠠᠯ᠎ᠠ ᠨᠤᠲᠤᠭ ᠪᠣᠯᠤᠨ ᠤᠢ ᠱᠢᠭᠤᠢ ᠰᠣᠯᠪᠢᠴᠠᠭ᠍ᠰᠠᠨ ᠥᠪᠡᠷᠮᠢᠴᠡ ᠣᠨᠴᠠᠯᠢᠭ ᠲᠠᠶ ᠦᠵᠡᠮᠵᠢ ᠨᠢ ᠬᠥᠯᠥᠨ ᠪᠤᠢ᠌ᠷ᠎ᠤᠨ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠦᠪᠡᠷᠮᠢᠴᠡ ᠳᠠᠪᠠᠭᠤᠯᠢᠭ ᠪᠤᠯᠭᠠᠵᠠᠢ᠃ ᠡᠨᠡ ᠡᠪᠦᠯ᠂ ᠬᠥᠯᠥᠨ ᠪᠤᠢ᠌ᠷ ᠵᠦᠪᠭᠡᠨ 《ᠴᠠᠰᠤ ᠦᠵᠡᠬᠦ᠌》 ᠪᠡᠷ ᠵᠣᠭ᠍ᠰᠣᠬᠤ ᠦᠭᠡᠢ ᠪᠣᠯᠵᠠᠢ᠂ 143 ᠲᠠᠯᠠᠪᠤᠷ ᠮᠥᠰᠥ᠍ ᠴᠠᠰᠤᠨ᠎ᠤ ᠦᠪᠡᠳᠡᠭ᠌ᠰᠢ ᠳᠠᠢᠯᠠᠯᠭ᠎ᠠ᠂ ᠲᠤᠰᠭᠠᠢ ᠮᠡᠷᠭᠡᠵᠢᠯ᠎ᠦᠨ ᠤᠷᠤᠯᠳᠤᠭᠠᠨ᠎ᠠᠴᠠ ᠵᠠᠩ ᠦᠢᠯᠡ᠎ᠶ᠋ᠢᠨ ᠪᠡᠶᠡᠴᠢᠯᠡᠨ ᠣᠢᠯᠠᠭᠠᠯᠲᠠ᠂ ᠰᠣᠶᠣᠯ᠎ᠢ ᠤᠯᠠᠮᠵᠢᠯᠠᠬᠤ᠎ᠠᠴᠠ ᠤᠯᠠᠨ ᠲᠦᠮᠡᠨ᠎ᠦ ᠵᠤᠭ᠎ᠠ ᠴᠡᠩᠭᠡᠯ᠂ ᠬᠥᠯᠥᠨ ᠪᠤᠢ᠌ᠷ᠎ᠤᠨ ᠡᠪᠦᠯ᠎ᠦᠨ ᠤᠯᠠᠷᠢᠯ ᠬᠦᠷ᠎ᠬᠥᠭ᠌ᠵᠢᠶᠡᠨ᠎ᠢᠶᠡᠷ ᠪᠢᠯᠬᠠᠵᠦ᠂ ᠬᠥᠮᠦᠰ᠎ᠦᠨ ᠪᠠᠬᠠᠷᠬᠠᠯ᠎ᠢ ᠲᠠᠲᠠᠵᠠᠢ᠃

ᠶᠠᠭ᠍ᠰᠢ ᠬᠤᠳᠠ᠎ᠶ᠋ᠢᠨ ᠹᠧᠩ ᠬᠤᠸᠠᠩ ᠱᠠᠨ ᠠᠭᠤᠯᠠ᠂ ᠵᠠᠯᠠᠨ ᠠᠢᠯ᠎ᠤᠨ ᠵᠢᠨ ᠯᠦᠩ ᠱᠠᠨ ᠠᠭᠤᠯᠠ᠎ᠶ᠋ᠢᠨ 4A ᠲᠡᠰ᠎ᠤᠨ ᠬᠣᠶᠠᠷ ᠶᠡᠬᠡ ᠴᠠᠨᠠᠯᠠᠯᠳᠠ᠎ᠶᠢᠨ ᠲᠠᠯᠠᠪᠠᠢ᠎ᠳᠤ ᠴᠠᠨᠠᠯᠠᠯᠳᠠ᠎ᠶᠢᠨ ᠪᠠᠬᠠᠳᠠᠳ ᠰᠦᠯᠵᠢᠯᠳᠦᠨ᠂ ᠴᠠᠰᠤᠨ ᠮᠣᠲ᠋ᠣᠷ᠂ ᠴᠠᠰᠤᠨ ᠴᠠᠭᠠᠷᠢᠭ᠂ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ ᠢᠳᠡ ᠦᠷᠨᠢᠨ᠎ᠠ᠃ 《ᠡᠨᠳᠡᠬᠢ ᠴᠠᠰᠤᠨ᠎ᠤ ᠴᠢᠨᠠᠷ ᠰᠠᠢ᠌ᠨ᠂ ᠦᠢᠯᠡᠴᠢᠯᠡᠭᠡ ᠪᠦᠷᠢᠨ᠂ ᠲᠤᠰᠭᠠᠢ ᠮᠡᠷᠭᠡᠵᠢᠯ᠎ᠤᠨ ᠴᠠᠨᠠᠯᠠᠯᠳᠠ ᠬᠢᠵᠦ ᠪᠤᠯᠬᠤ ᠪᠡᠷ ᠪᠠᠷᠠᠬᠤ ᠦᠬᠡᠢ᠂ ᠪᠠᠰᠠ ᠴᠠᠰᠤᠨ᠎ᠳᠦ ᠨᠠᠭᠠᠳᠴᠤ᠌᠂ ᠵᠢᠭᠤᠯᠴᠢᠯᠠᠨ ᠰᠡᠯᠡᠬᠦᠴᠡᠵᠦ ᠪᠤᠯᠤᠨ᠎ᠠ》 ᠭᠡᠵᠦ᠍ ᠴᠠᠩᠴᠦ᠋ᠨ᠎ᠦ ᠴᠠᠨᠠᠯᠠᠯᠳᠠ᠎ᠶᠢᠨ ᠪᠠᠬᠠᠳᠠᠨ ᠯᠢᠦ ᠠᠪᠤᠭᠠᠶ ᠬᠡᠯᠡᠨ᠎ᠠ; ᠭᠡᠭᠡᠡ ᠭᠣᠣᠯ᠎ᠤᠨ ᠣᠯᠭᠣᠶᠠ ᠴᠠᠳᠠᠨ ᠠᠢᠮᠠᠭ᠎ᠤᠨ ᠦᠵᠡᠮᠵᠢ᠎ᠶᠢᠨ ᠤᠷᠤᠨ᠎ᠳᠦ ᠴᠠ ᠪᠤᠭᠤ᠎ᠵᠢ ᠰᠤᠨᠢᠷᠬᠠᠨ᠂ ᠢᠳᠡᠰᠢ ᠦᠭᠬᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠂ ᠤᠢ ᠱᠢᠭᠤᠢ᠎ᠶ᠋ᠢᠨ ᠰᠣᠶᠣᠯ᠎ᠤᠨ ᠲᠠᠢᠯᠪᠤᠷᠢᠯᠠᠯᠲᠠ ᠵᠡᠷᠭᠡ ᠰᠢᠨ᠎ᠠ ᠰᠡᠪᠡᠬᠦᠨ ᠲᠦᠷᠦᠯ ᠵᠦᠢᠯ᠎ᠨᠢ ᠵᠢᠭᠤᠯᠴᠢᠯᠠᠬᠰᠠᠳ᠎ᠲᠤ ᠤᠤᠭᠠᠯ ᠠᠮᠢ ᠠᠬᠤᠢ᠎ᠶ᠋ᠢᠨ ᠵᠠᠩ ᠦᠢᠯᠡ᠎ᠶ᠋ᠢ ᠤᠢ᠍ᠢᠯᠠᠭᠠᠭᠤᠯᠵᠠᠢ; ᠡᠷᠭᠦᠨ᠎ᠡ᠎ᠶ᠋ᠢᠨ ᠬᠢᠯᠢ᠎ᠶ᠋ᠢᠨ ᠭᠣᠣᠯ᠎ᠳᠦ ᠵᠢᠭᠠᠰᠤ ᠭᠥᠬᠢᠳᠡᠬᠦ᠌᠂ ᠮᠠᠯᠴᠢᠨ ᠠᠢᠯ᠎ᠳᠦ ᠲᠤᠯᠭ᠎ᠠ ᠲᠣᠭᠣᠷᠢᠨ ᠴᠠᠢ ᠤᠤᠭᠤᠬᠤ᠂ ᠡᠸᠡᠩᠬᠢ ᠵᠠᠩ ᠦᠢᠯᠡ᠎ᠶ᠋ᠢ ᠪᠡᠶᠡᠴᠢᠯᠡᠨ ᠣᠢᠯᠠᠭᠠᠬᠤ ᠵᠡᠷᠭᠡ ᠠᠵᠢᠯᠯᠠᠭ᠎ᠠ ᠨᠢ ᠵᠢᠭᠤᠯᠴᠢᠯᠠᠭᠰᠠᠳ ᠲᠦ᠍ ᠤᠯᠠᠨ ᠦᠨᠳᠦᠰᠦᠳᠡᠨ᠎ᠤ ᠵᠠᠩ ᠦᠢᠯᠡ᠎ᠶ᠋ᠢ ᠮᠡᠳᠡᠷᠡᠭᠦᠯᠪᠡ᠃

331 ᠬᠢᠯᠢ᠎ᠶ᠋ᠢᠨ ᠵᠠᠰᠠᠮᠠᠯ ᠵᠠᠮ᠎ᠢ ᠠᠰᠢᠭᠯᠠᠨ᠂ ᠬᠤᠪᠢ ᠵᠢᠨ ᠮᠠᠱᠢᠨ ᠲᠡᠷᠭᠡ ᠵᠢᠯᠣᠭᠣᠳᠴᠤ ᠲᠤᠢᠯ᠎ᠤᠨ ᠬᠦᠢᠲᠡᠨ ᠨᠢᠭᠤᠴᠠᠬᠠᠢ ᠣᠷᠣᠨ ᠪᠣᠯᠬᠤ ᠴᠠᠰᠤᠲᠤ ᠲᠠᠯ᠎ᠠ᠂ ᠱᠢᠶᠠᠨᠪᠸᠢ ᠵᠢᠨ ᠡᠬᠦᠰᠦᠯ᠎ᠤᠨ ᠨᠢᠭᠤᠴᠠ᠎ᠵᠢ ᠬᠠᠢᠬᠤ 2 ᠵᠠᠮ ᠱᠤᠭᠤᠮ ᠭᠠᠷᠭᠠᠵᠤ᠂ ᠴᠠᠰᠤᠲᠤ ᠲᠠᠯ᠎ᠠ᠂ ᠱᠢᠭᠤᠢᠲᠤ ᠣᠷᠣᠨ᠂ ᠬᠢᠯᠢ᠎ᠶ᠋ᠢᠨ ᠦᠵᠡᠮᠵᠢ᠎ᠶ᠋ᠢ ᠬᠣᠯᠪᠣᠵᠤ᠂ ᠵᠠᠮ ᠳᠠᠭᠠᠤ ᠲᠤᠯᠠᠭᠠᠯᠠᠭ᠎ᠠ᠎ᠶᠢᠨ ᠥᠷᠲᠡᠭᠡ᠂ ᠪᠠᠴᠢᠮ ᠪᠠᠢᠳᠠᠯ᠎ᠢ ᠠᠷᠭᠠᠴᠠᠭᠠᠬᠤ ᠴᠡᠭ ᠭᠠᠷᠭᠠᠪᠠ᠃ 《ᠵᠠᠮ ᠲᠤᠷᠰᠢ᠎ᠶ᠋ᠢᠨ ᠥᠩᠭᠡ ᠦᠵᠡᠮᠵᠢ ᠰᠦᠷᠯᠢᠭ ᠰᠠᠢᠬᠠᠨ᠂ ᠢᠵᠢ ᠪᠥᠷᠢᠳᠦᠭ᠌ᠰᠡᠨ ᠲᠦᠬᠦᠭᠡᠷᠦᠮᠵᠢ ᠬᠢᠭᠡᠳ ᠳᠣᠲᠣᠨᠣ ᠦᠢᠯᠡᠴᠢᠯᠡᠬᠡ ᠨᠢ ᠠᠶᠠᠯᠠᠯ ᠵᠢᠭᠤᠯᠴᠢᠯᠠᠯ᠎ᠳᠦ ᠦᠨᠡᠬᠡᠷ ᠳᠠᠭᠠᠳᠠᠢ》 ᠭᠡᠵᠦ ᠬᠤᠪᠢ ᠵᠢᠨ ᠮᠠᠱᠢᠨ ᠲᠡᠷᠭᠡ ᠵᠢᠯᠣᠭᠣᠳᠤᠨ ᠵᠢᠭᠤᠯᠴᠢᠯᠠᠵᠦ ᠶᠠᠪᠤᠭ᠎ᠠ ᠸᠠᠩ ᠠᠪᠤᠭᠠᠶ ᠪᠠᠶᠠᠷᠳᠠᠢᠬᠠᠨ ᠬᠡᠯᠡᠨ᠎ᠠ᠃ ᠬᠦᠯᠦᠨ ᠪᠤᠢᠷ ᠬᠤᠳᠠ᠎ᠶᠢᠨ ᠬᠡᠪᠴᠢᠶᠡᠨ᠎ᠳᠡᠬᠢ A ᠲᠠᠰ᠎ᠤᠨ38 ᠦᠵᠡᠮᠵᠢ᠎ᠶ᠋ᠢᠨ ᠣᠷᠣᠨ᠎ᠢ ᠡᠪᠦᠯ᠎ᠦᠨ ᠤᠯᠠᠷᠢᠯ᠎ᠳᠤ ᠪᠠᠢᠩᠭᠤᠵᠢᠭᠤᠯᠤᠨ ᠴᠢᠯᠥᠭᠡᠲᠡᠶ ᠨᠡᠭᠡᠭᠡᠵᠦ᠍᠂ 100 ᠱᠢᠬᠠᠮ ᠵᠦᠶ᠋ᠯ᠎ᠦᠨ ᠣᠨᠴᠠᠯᠢᠭ᠍ᠲᠤ ᠡᠵᠡᠩᠨᠡᠯᠲᠡ᠎ᠶ᠋ᠢᠨ ᠪᠠᠢᠳᠠᠯ᠎ᠢ ᠪᠣᠶ ᠪᠣᠯᠭᠠᠵᠤ᠂ ᠪᠡᠶ᠎ᠠ ᠵᠢᠨ ᠳᠠᠮᠢᠷ᠂ ᠰᠣᠶᠣᠯ᠂ ᠰᠡᠯᠡᠭᠦᠴᠡᠯ᠂ ᠠᠮᠲᠠᠲᠤ ᠢᠳᠡᠭᠡᠨ᠎ᠢ ᠪᠦᠬᠦᠨ᠎ᠢ ᠬᠠᠮᠤᠷᠴᠠᠶ᠃

ᠠᠷᠪᠠᠨ ᠵᠢᠯ᠎ᠦᠨ ᠢᠷᠠᠭᠤ ᠠᠯᠳᠠᠷ᠎ᠢᠶᠠᠷ ᠲᠦᠷᠦᠯ ᠲᠡᠮᠳᠡᠭ᠎ᠢᠶᠡᠨ ᠤᠯᠠᠮ ᠠᠯᠳᠠᠷᠰᠢᠭᠤᠯᠵᠦ᠂ ᠮᠥᠰᠥ᠍ ᠴᠠᠰᠤᠨ᠎ᠤ ᠦᠪᠡᠳᠡᠭ᠌ᠰᠢ ᠴᠤᠭ᠍ᠯᠠᠭᠠᠨ ᠱᠢᠨ᠎ᠡ ᠠᠶᠠᠨ᠎ᠢᠶᠠᠨ ᠡᠬᠢᠯᠡᠭᠦᠯᠪᠠ᠃ ᠱᠢᠨ᠎ᠡ ᠵᠢᠯ᠎ᠦᠨ ᠭᠠᠷᠤᠭ᠎ᠠ᠎ᠳᠤ᠂ ᠬᠥᠯᠥᠨ ᠪᠤᠢ᠌ᠷ ᠶᠠᠭ ᠮᠥᠰᠥ᠍ ᠴᠠᠰᠤ᠎ᠪᠠᠷ ᠵᠠᠭᠤᠴᠢ ᠪᠣᠯᠭᠠᠵᠤ᠂ ᠰᠣᠶᠣᠯ᠎ᠢᠶᠠᠷ ᠰᠦᠭ ᠰᠦᠨᠡᠰᠦ ᠪᠣᠯᠭᠠᠵᠤ᠂ ᠠᠵᠤ ᠦᠢᠯᠡᠰ᠎ᠢᠶᠡᠷ ᠰᠠᠭᠤᠷᠢ ᠪᠣᠯᠭᠠᠵᠤ᠂ 《ᠮᠥᠰᠥ᠍ ᠴᠠᠰᠤᠨ᠎ᠤ ᠠᠷᠪᠠᠨ ᠱᠢᠯᠢᠳᠡᠭ ᠵᠢᠭᠤᠯᠴᠢᠯᠠᠯ᠎ᠤᠨ ᠬᠣᠲᠠ》 ᠵᠢᠨ ᠨᠡᠷ᠎ᠠ ᠠᠯᠳᠠᠷ᠎ᠢ᠎ᠤᠯᠠᠮ ᠮᠠᠨᠳᠤᠭᠤᠯᠵᠦ᠂ ᠮᠥᠰᠥ᠍ ᠴᠠᠰᠤᠨ᠎ᠤ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠂ ᠬᠥᠯᠥᠨ ᠪᠤᠢ᠌ᠷ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号