ᠦᠢᠷ᠎ᠠ᠎ᠳᠤ᠂ ᠥᠪᠥᠷ ᠮᠣᠩᠭᠣᠯ᠎ᠤᠨ ᠠᠷᠠᠳ᠎ᠤᠨ ᠤᠷᠠᠯᠢᠭ᠍ᠴᠢᠳ᠎ᠤᠨ ᠨᠡᠢᠭᠡᠮᠯᠢᠭ᠎ᠡᠴᠡ ᠭᠤᠤᠯᠯᠠᠨ ᠡᠷᠬᠢᠯᠡᠭᠰᠡᠨ 《ᠥᠨᠢᠳᠡ ᠶ᠋ᠢᠨ ᠥᠯᠢᠭᠡᠷ ᠳᠠᠭᠤᠷᠢᠶᠠᠯ — 2026 ᠣᠨ᠎ᠤ ᠯᠸᠢ ᠹᠸᠩ᠎ᠠᠴᠠ ᠰᠤᠷᠤᠯᠴᠠᠬᠤ ᠭᠤᠤᠯ ᠰᠡᠳᠦᠪᠲᠦ ᠦᠵᠡᠭᠦᠯᠭᠡ》 ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠡᠬᠢᠯᠡᠪᠡ᠃

ᠦᠵᠡᠭᠦᠯᠭᠡ᠎ᠨᠢ ᠨᠡᠩ ᠶᠡᠬᠡ ᠨᠥᠯᠥᠭᠡᠯᠡᠬᠦ᠌ ᠬᠦᠴᠦᠨ ᠪᠣᠯᠤᠨ ᠨᠡᠩ ᠭᠦᠨ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠮᠡᠳᠡᠷᠡᠬᠦᠯᠬᠦ ᠵᠢᠨ ᠲᠥᠯᠥᠭᠡ᠂ ᠨᠡᠢᠭᠡᠮ᠎ᠦᠨ ᠡᠯ᠎ᠡ ᠡᠲᠡᠭᠡᠳ᠎ᠡᠴᠡ ᠯᠸᠢ ᠹᠸᠩ᠎ᠤᠨ ᠭᠣᠣᠯ ᠰᠡᠳᠦᠪᠲᠦ ᠬᠡᠪᠯᠡᠭ᠌ᠳᠡᠬᠦᠨ᠂ ᠰᠦᠯᠳᠡ ᠲᠡᠮᠳᠡᠭ᠂ ᠳᠤᠷᠠᠰᠭᠠᠯ᠎ᠤᠨ ᠪᠣᠳᠠᠰ᠂ ᠤᠳᠭ᠎ᠠ ᠤᠷᠠᠯᠢᠭ᠎ᠤᠨ ᠪᠦᠲᠦᠭᠡᠯ ᠵᠡᠷᠭᠡ ᠭᠤᠷᠪᠠᠨ ᠶᠡᠬᠡ ᠲᠥᠷᠥᠯ ᠵᠦᠢᠯ᠎ᠢ ᠬᠠᠮᠤᠷᠤᠬᠰᠠᠨ ᠨᠡᠢᠲᠡ 3000 ᠭᠠᠷᠤᠢ ᠬᠤᠪᠢ ᠳᠡᠯᠭᠡᠨ ᠦᠵᠡᠭᠦᠯᠬᠦ᠌ ᠪᠣᠳᠠᠰ᠎ᠢ ᠴᠤᠭ᠍ᠯᠠᠭᠤᠯᠤᠭ᠍ᠰᠠᠨ ᠪᠠᠢᠨ᠎ᠠ᠃ ᠲᠡᠯᠭᠡᠨ ᠦᠵᠡᠬᠦᠯᠭᠡ᠎ᠳᠤ ᠤᠷᠤᠯᠴᠠᠬᠰᠠᠨ ᠪᠦᠳᠤᠭᠡᠯ ᠨᠢᠭᠡ ᠪᠦᠷᠢ ᠨᠢ ᠠᠳᠠᠯᠢ ᠪᠤᠰᠤ ᠴᠠᠭ ᠦᠶ᠎ᠡ᠎ᠳᠤ ᠬᠡᠪᠯᠡᠭ᠌ᠰᠡᠨ 《ᠯᠧᠢ ᠹᠧᠩ᠎ᠦᠨ ᠡᠳᠦᠷ᠎ᠦᠨ ᠲᠡᠮᠳᠡᠭ᠌ᠯᠡᠯ》᠂ ᠯᠧᠢ ᠹᠧᠩ᠎ᠦᠨ ᠦᠯᠢᠭᠡᠷ᠎ᠦᠨ ᠦᠷᠭᠦᠯᠵᠢᠯᠡᠭ᠌ᠰᠡᠨ ᠵᠢᠷᠤᠭ᠂ ᠭᠣᠣᠯ ᠰᠡᠳᠦᠪᠲᠦ ᠤᠬᠠᠭᠤᠯᠭ᠎ᠠ᠎ᠶ᠋ᠢᠨ ᠵᠢᠷᠤᠭ᠂ ᠰᠣᠨᠢᠨ᠎ᠤ ᠲᠤᠰᠭᠠᠶ ᠬᠡᠪᠯᠡᠯ᠂ ᠴᠠᠭ ᠦᠶ᠎ᠡ᠎ᠶ᠋ᠢᠨ ᠳᠤᠷᠠᠰᠤᠮᠵᠢ᠎ᠶ᠋ᠢ ᠰᠡᠢᠯᠦᠭ᠌ᠰᠡᠨ ᠯᠧᠢ ᠹᠧᠩ᠎ᠦᠨ ᠬᠦᠷᠦᠭ ᠵᠢᠷᠤᠭ᠂ ᠳᠤᠷᠠᠰᠭᠠᠯ᠎ᠤᠨ ᠲᠡᠮᠳᠡᠭ᠂ ᠱᠤᠭᠤᠮᠠᠯ ᠬᠥ᠋ᠷᠥᠭ᠂ ᠱᠢᠦᠳᠠᠨ ᠲᠡᠮᠳᠡᠭ ᠵᠡᠷᠭᠡ ᠨᠢ ᠪᠦᠷ ᠯᠧᠢ ᠹᠧᠩ᠎ᠦᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠬᠣᠪᠣᠷ ᠨᠠᠨᠳᠢᠨ ᠠᠴᠢᠶᠠᠯᠠᠪᠤᠷᠢ ᠪᠣᠯᠵᠠᠶ᠃
ᠭᠤᠤᠯᠯᠠᠨ ᠡᠷᠭᠢᠯᠡᠭ᠌ᠰᠡᠨ ᠲᠠᠯ᠎ᠠ᠎ᠶ᠋ᠢᠨ ᠬᠢᠨ ᠢᠯᠡᠷᠬᠡᠢᠯᠡᠬᠦ᠌᠎ᠳᠡᠭᠡᠨ᠂ ᠲᠣᠰ ᠤᠳᠠᠭᠠᠨ᠎ᠤ ᠭᠤᠤᠯ ᠰᠡᠳᠦᠪᠲᠦ ᠦᠵᠡᠭᠦᠯᠭᠡ᠎ᠪᠡᠷ ᠠᠵᠠ ᠲᠣᠬᠢᠶᠠᠯ ᠪᠣᠯᠭᠠᠵᠤ᠂ ᠦᠵᠡᠭ᠌ᠴᠢᠳ᠎ᠲᠦ ᠯᠸᠢ ᠹᠸᠩ ᠨᠥᠬᠥᠷ᠎ᠦᠨ ᠰᠡᠳᠭᠢᠯ ᠬᠥᠳᠡᠯᠭᠡᠮ᠎ᠡ ᠦᠶ᠋ᠯᠡ ᠠᠵᠢᠯᠯᠠᠭ᠎ᠠ᠎ᠶ᠋ᠢ ᠳᠠᠬᠢᠨ ᠡᠷᠭᠢᠴᠡᠭᠦᠯᠵᠦ᠍᠂ ᠯᠸᠢ ᠹᠸᠩ᠎ᠤᠨ ᠵᠣᠷᠢᠭ ᠰᠠᠨᠠᠭᠠᠨ᠎ᠤ ᠭᠤᠤᠯ ᠠᠭᠤᠯᠤᠭ᠍ᠳᠠᠬᠤᠨ᠎ᠢ ᠭᠦᠨᠵᠡᠭᠡᠶ ᠣᠢᠯᠠᠭᠠᠭᠤᠯᠵᠤ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠪᠠᠳᠠᠷᠠᠭᠤᠯᠵᠤ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠨ ᠵᠠᠯᠭᠠᠮᠵᠢᠯᠠᠬᠤ᠎ᠶ᠋ᠢ ᠳᠥᠯᠭᠢᠨ ᠠᠬᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ᠎ᠢ ᠤᠯᠠᠮ ᠨᠢᠭᠡ ᠠᠯᠬᠤᠮ ᠬᠥᠲᠥᠯᠥᠨ ᠵᠢᠯᠣᠭᠣᠳᠴᠤ᠌ ᠦᠵᠡᠯ ᠰᠠᠨᠠᠭ᠎ᠠ ᠶᠣᠰᠣ ᠮᠣᠷᠠᠯ᠎ᠤᠨ ᠰᠠᠭᠤᠷᠢ᠎ᠶ᠋ᠢ ᠪᠡᠬᠢᠵᠢᠭᠦᠯᠦᠨ᠂ ᠱᠢᠯᠢᠳᠡᠭ ᠰᠠᠢᠨ ᠶᠣᠰᠣ ᠮᠣᠷᠠᠯ ᠵᠠᠩ ᠴᠢᠨᠠᠷ ᠪᠠ ᠪᠣᠯᠪᠠᠰᠤᠨ ᠦᠶ᠋ᠯᠡ ᠠᠵᠢᠯᠯᠠᠭ᠎ᠠ᠎ᠶ᠋ᠢᠨ ᠳᠠᠳᠭᠠᠯ᠎ᠢ ᠪᠣᠢᠵᠢᠭᠤᠯᠵᠤ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠳᠦ ᠨᠠᠩ ᠬᠡᠷᠡᠯ ᠭᠢᠯᠪᠠᠭ᠎ᠠ ᠰᠠᠴᠤᠷᠠᠭᠤᠯᠬᠤ᠎ᠶ᠋ᠢ ᠬᠦᠰᠡᠵᠦ᠍ ᠪᠠᠢᠨ᠎ᠠ ᠭᠡᠵᠡᠶ᠃
ᠦᠵᠡᠬᠦᠯᠭᠡ ᠨᠢ 4 ᠰᠠᠷ᠎ᠠ᠎ᠶ᠋ᠢᠨ 6᠎ᠤ᠋ ᠡᠳᠦᠷ ᠪᠣᠯᠲᠠᠯ᠎ᠠ ᠦᠷᠬᠦᠯᠵᠢᠯᠡᠨᠠ᠃