ᠲᠤᠰᠬᠤ ᠬᠡᠷ ᠲᠤᠰᠬᠤᠨ᠎ᠤ ᠲᠡᠭᠷᠢ ᠵᠢᠨ ᠰᠠᠡᠭ ᠨᠡᠭᠡᠭᠡᠭᠰᠡᠨ ᠡᠳᠤᠷ᠎ᠢ ᠪᠡᠯᠭᠡᠯᠡᠬᠦ ᠠᠵᠢᠯᠯᠠᠭ᠎ᠠ ᠶᠠᠪᠤᠬᠳᠠᠯ᠎ᠠ
2026-03-18 11:12:59
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 13᠎ᠤ᠋ ᠡᠳᠦᠷ᠂ ᠪᠢᠯᠢᠭ᠎ᠦᠨ ᠤᠯᠠᠷᠢᠯ᠎ᠤᠨ ᠴᠠᠭᠠᠨ ᠰᠠᠷ᠎ᠠ᠎ᠶ᠋ᠢᠨ ᠬᠣᠷᠢᠨ ᠲᠠᠪᠤᠨ᠎ᠳᠤ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠳᠠᠯᠠᠨ ᠬᠠᠷ᠎ᠠ ᠵᠡᠭᠡᠯᠢ᠎ᠶ᠋ᠢᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠲᠤᠰᠬᠤ ᠬᠡᠷ ᠲᠣᠰᠭᠣᠨ᠎ᠳᠤ ᠦᠡᠭᠭᠡᠳᠤ ᠳ᠋ᠸᠡᠭᠯᠦ ᠬᠢᠯᠠᠯᠵᠠᠵᠤ᠂ ᠬᠡᠡᠭᠭᠡᠷᠭᠡ ᠴᠠᠡᠭ ᠎ᠤᠨ ᠲᠠᠭᠤᠨ ᠨᠢᠵᠢᠬᠢᠨᠡᠵᠤ᠂ ᠵᠢᠯ᠎ᠳᠦ ᠨᠢᠭᠡ ᠤᠳᠠᠭ᠎ᠠ ᠶᠠᠪᠤᠭ᠍ᠳᠠᠳᠠᠭ 《ᠲᠤᠰᠬᠤ ᠬᠡᠷ ᠲᠤᠰᠬᠤᠨ᠎ᠤ ᠲᠡᠭᠷᠢ ᠵᠢᠨ ᠰᠠᠡᠭ ᠨᠡᠭᠡᠭᠡᠭᠰᠡᠨ ᠡᠳᠤᠷ》᠎ᠢ᠋ ᠪᠡᠯᠭᠡᠯᠡᠬᠦ ᠱᠢᠷᠢᠰ ᠠᠵᠢᠯᠯᠠᠭ᠎ᠠ ᠶᠠᠪᠤᠬᠳᠠᠵᠤ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ ᠪᠠ ᠲᠦᠷᠪᠡᠨ ᠵᠦᠭ ᠨᠠᠶ᠋ᠮᠠᠨ ᠵᠣᠪᠬᠢᠰ᠎ᠤᠨ ᠵᠢᠭᠤᠯᠴᠢᠯᠠᠬᠰᠠᠳ᠎ᠲᠤ ᠨᠢᠭᠡᠨ ᠥᠪᠡᠷᠮᠢᠴᠡ ᠣᠨᠴᠠᠯᠢᠭ ᠪᠥᠬᠥᠶ ᠠᠷᠠᠳ᠎ᠤᠨ ᠵᠠᠩ ᠦᠶ᠋ᠯᠡ ᠰᠣᠶᠣᠯ᠎ᠤᠨ ᠦᠪᠡᠳᠡᠭ᠌ᠰᠢ ᠨᠠᠢᠷ᠎ᠢ ᠠᠪᠴᠢᠷᠠᠬᠰᠠᠨ ᠪᠠᠢᠨ᠎ᠠ᠃


QQ截图20260317152916.png


ᠲᠡᠭᠷᠢ ᠵᠢᠨ ᠰᠠᠡᠭ ᠨᠡᠭᠡᠭᠡᠭᠰᠡᠨ ᠡᠳᠤᠷ ᠪᠤᠯ ᠤᠮᠠᠷᠠᠲᠤ᠎ᠶ᠋ᠢᠨ ᠲᠠᠷᠢᠶᠠᠯᠠᠬᠤ ᠣᠷᠣᠨ᠎ᠤ ᠲᠠᠪᠤᠨ ᠲᠠᠷᠢᠶ᠎ᠠ ᠡᠯᠪᠡᠭ ᠬᠤᠷᠢᠶᠠᠯᠲᠠ ᠤᠯᠬᠤ᠎ᠶ᠋ᠢ ᠳᠠᠭᠠᠳᠭᠠᠬᠰᠠᠨ ᠤᠯᠠᠮᠵᠢᠯᠠᠯᠲᠤ ᠪᠠᠶᠠᠷ᠎ᠤᠨ ᠡᠳᠦᠷ᠎ᠤᠨ ᠨᠢᠭᠡ ᠪᠣᠯᠤᠨ᠎ᠠ᠂ ᠲᠤᠰᠬᠤ ᠬᠡᠷ ᠲᠣᠰᠭᠣᠨ᠎ᠤ ᠲᠡᠭᠷᠢ ᠵᠢᠨ ᠰᠠᠡᠭ ᠨᠡᠭᠡᠭᠡᠭᠰᠡᠨ ᠡᠳᠤᠷ᠎ᠢ ᠪᠡᠯᠭᠡᠯᠡᠬᠦ ᠠᠵᠢᠯᠯᠠᠭ᠎ᠠ ᠨᠢ 200 ᠭᠠᠷᠤᠢ ᠵᠢᠯ᠎ᠪᠤᠯᠵᠦ᠂ ᠨᠢᠭᠡᠨᠲᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠷᠡᠰ᠎ᠲᠦ ᠵᠢᠭ᠍ᠰᠠᠭᠠᠭ᠍ᠳᠠᠪᠠ᠃ 《ᠰᠠᠡᠭ ᠲᠦᠬᠦᠷᠭᠡᠬᠦ》 ᠠᠵᠢᠯᠯᠠᠭ᠎ᠠ ᠨᠢ ᠡᠷᠲᠡᠨ᠎ᠦ ᠬᠠᠷᠠᠩᠭ᠎ᠠ ᠬᠡᠩᠭᠡᠷᠭᠡ᠎ᠶ᠋ᠢᠨ ᠲᠠᠭᠤᠨ᠎ᠤ ᠲᠤᠮᠳᠠ ᠡᠬᠢᠯᠡᠵᠤ᠂ ᠲᠣᠰᠭᠣᠨ᠎ᠤ ᠠᠷᠠᠳ ᠤᠯᠠᠮᠵᠢᠯᠠᠯᠲᠤ ᠬᠤᠪᠴᠠᠰᠤ ᠵᠠᠰᠠᠯ᠎ᠢᠶᠠᠨ ᠡᠮᠦᠰᠴᠦ᠍᠂ ᠭᠠᠷ᠎ᠲᠠᠭᠠᠨ ᠲᠠᠪᠤᠨ ᠲᠠᠷᠢᠶ᠎ᠠ ᠰᠠᠪᠠᠯᠠᠭ᠍ᠰᠠᠨ ᠳᠡᠪᠢᠭᠦᠷ ᠪᠠᠷᠢᠵᠤ᠂ ᠠᠮᠤ ᠪᠤᠳᠠᠭ᠎ᠠ᠎ᠪᠠᠨ ᠠᠯᠭᠤᠷᠬᠠᠨ᠎ᠢᠶᠠᠷ 《ᠰᠠᠡᠭ ᠬᠥᠮᠥᠷᠭᠡ》᠎ᠳ᠋ᠡᠭᠡᠨ ᠨᠡᠮᠡᠵᠤ᠂ ᠱᠢᠨ᠎ᠡ ᠨᠢᠭᠡ ᠵᠢᠯ᠎ᠳᠡᠭᠡᠨ ᠬᠤᠷ᠎ᠠ ᠪᠣᠷᠣᠭᠠᠨ ᠲᠡᠭ᠌ᠰᠢ᠂ ᠲᠠᠪᠤᠨ ᠲᠠᠷᠢᠶ᠎ᠠ ᠡᠯᠪᠡᠭ ᠬᠤᠷᠢᠶᠠᠯᠲᠠ ᠤᠯᠬᠤ᠎ᠶ᠋ᠢ ᠳᠠᠭᠠᠳᠭᠠᠨ᠎ᠠ᠃ ᠡᠨᠡ ᠬᠦ᠌ ᠤᠯᠠᠮᠵᠢᠯᠠᠯᠲᠤ ᠶᠣᠰᠣ ᠵᠠᠡᠭᠰᠢᠯ ᠨᠢ ᠲᠠᠷᠢᠶᠠᠯᠠᠬᠤ ᠰᠣᠶᠣᠯ᠎ᠤᠨ ᠨᠢᠭᠡᠨ ᠢᠯᠡᠷᠡᠬᠦᠯᠤᠯ ᠪᠤᠯᠬᠤ ᠪᠠᠷ ᠪᠠᠷᠠᠬᠤ ᠦᠭᠡᠢ ᠨᠡᠩ ᠴᠤ᠌ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠤᠯᠤᠨ᠎ᠠ᠃

ᠤᠯᠠᠮᠵᠢᠯᠠᠯᠲᠤ ᠠᠷᠠᠳ᠎ᠤᠨ ᠵᠠᠩ ᠦᠢᠯᠡ᠎ᠶ᠋ᠢᠨ ᠠᠵᠢᠯᠯᠠᠭ᠎ᠠ᠎ᠡᠴᠡ ᠭᠠᠳᠠᠨ᠎ᠠ᠂ ᠱᠠᠨ ᠰᠢ ᠵᠦᠴᠦᠭᠡ ᠵᠡᠷᠭᠡ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠨᠢ ᠦᠵᠡᠭᠴᠢᠳ᠎ᠤᠨ ᠬᠠᠷᠠᠭ᠎ᠠ ᠵᠢ ᠪᠠᠶᠠᠰᠬᠠᠵᠤ ᠰᠡᠳᠬᠢᠯ᠎ᠢ ᠨᠢ ᠰᠡᠷᠬᠦᠭᠡᠵᠠᠢ᠃

《ᠲᠤᠰᠬᠤ ᠬᠡᠷ ᠲᠤᠰᠬᠤᠨ᠎ᠤ ᠲᠡᠭᠷᠢ ᠵᠢᠨ ᠰᠠᠡᠭ ᠨᠡᠭᠡᠭᠡᠭᠰᠡᠨ ᠡᠳᠤᠷ》᠎ᠢ᠋ ᠪᠡᠯᠭᠡᠯᠡᠬᠦ ᠱᠢᠷᠢᠰ ᠠᠵᠢᠯᠯᠠᠭ᠎ᠠ ᠪᠣᠯ ᠱᠢᠨ᠎ᠡ ᠬᠣᠲᠠ ᠲᠣᠭᠣᠷᠢᠭ᠎ᠤᠨ ᠠᠷᠠᠳ᠎ᠤᠨ ᠵᠠᠩ ᠦᠶ᠋ᠯᠡ᠎ᠶ᠋ᠢᠨ ᠰᠣᠶᠣᠯ᠎ᠢ ᠤᠯᠠᠮᠵᠢᠯᠠᠨ ᠪᠠᠳᠠᠷᠠᠭᠤᠯᠬᠤ ᠴᠢᠬᠤᠯᠠ ᠨᠠᠷᠠᠲᠤ ᠲᠡᠮᠳᠡᠭ᠎ᠦᠨ ᠠᠵᠢᠯᠯᠠᠭ᠎ᠠ ᠮᠥᠨ᠂ ᠲᠡᠷᠡ ᠨᠢ ᠣᠯᠠᠨ ᠲᠦᠮᠡᠨ᠎ᠦ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠎ᠪᠠᠷ ᠪᠠᠷᠠᠬᠤ ᠥᠬᠡᠶ᠂ ᠨᠠᠩ ᠴᠤ᠌ ᠡᠷᠲᠡᠨ᠎ᠦ ᠤᠯᠠᠮᠵᠢᠯᠠᠯᠳᠤ ᠰᠣᠶᠣᠯ᠎ᠢ ᠱᠢᠨ᠎ᠡ ᠴᠠᠭ ᠦᠶ᠎ᠡ᠎ᠳᠦ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠬᠰᠠᠨ ᠶᠠᠪᠤᠳᠠᠯ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号