ᠬᠠᠷᠢᠯᠴᠠᠨ ᠬᠠᠪᠰᠤᠷᠤᠯᠴᠠᠬᠤ ᠳᠤᠮᠳᠠ ᠡᠯ᠎ᠡ ᠦᠨᠳᠦᠰᠦᠲᠡᠨ᠎ᠦ᠌ ᠣᠯᠠᠨ ᠲᠦᠮᠡᠨ᠎ᠤ ᠡᠶ᠎ᠡ ᠨᠠᠢᠷ᠎ᠢ ᠵᠤᠵᠠᠭᠠᠳᠬᠠᠨ᠎ᠠ
2026-03-18 15:35:57
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

— ᠭᠠᠭᠴᠠᠮᠤᠳᠤ ᠪᠠᠯᠭᠠᠰᠤ 《ᠬᠢᠯᠢ᠎ᠶ᠋ᠢᠨ ᠬᠦᠰᠢᠶ᠎ᠡ᠎ᠶᠢᠨ ᠲᠡᠷᠭᠡᠳᠡᠬᠢ ᠬᠤᠪᠢᠰᠬᠠᠯᠲᠤ ᠰᠠᠢᠨ ᠳᠤᠷᠠᠴᠤᠳ᠎ᠤᠨ ᠡᠩᠨᠡᠭᠡ》 ᠭᠡᠬᠦ ᠦᠢᠯᠡᠴᠢᠯᠡᠭᠡᠨ᠎ᠦ᠌ ᠲᠦᠷᠦᠯ ᠲᠡᠮᠳᠡᠭ᠎ᠢ᠋ ᠡᠭᠦᠳᠪᠡ


ᠪᠠᠶᠠᠨᠨᠠᠭᠤᠷ ᠬᠣᠲᠠ ᠎ᠶ᠋ᠢᠨ ᠤᠷᠠᠳ ᠎ᠤ᠋ᠨ ᠳᠤᠮᠳᠠᠳᠤ ᠬᠤᠰᠢᠭᠤᠨ ᠎ᠤ᠋ ᠭᠠᠭᠴᠠᠮᠣᠳᠣ ᠪᠠᠯᠭᠠᠰᠤᠨ᠎ᠤ ᠬᠠᠩᠭᠠᠢ ᠨᠡᠢᠭᠡᠮ ᠲᠣᠭᠣᠷᠢᠭ ᠎ᠤ᠋ᠨ ᠨᠠᠮ ᠎ᠤ᠋ᠨ ᠡᠭᠦᠷ ᠎ᠦ᠋ᠨ ᠱᠦᠵᠢ ᠲᠤᠤ ᠶᠦᠩ ᠬᠤᠸᠠ ᠰᠢᠷᠡᠭᠡᠨ ᠲᠡᠭᠡᠷ᠎ᠡ ᠲᠡᠯᠭᠡᠭᠡᠰᠦᠲᠡᠢ ᠪᠢᠴᠢᠮᠡᠯ ᠵᠠᠬᠢᠳᠠᠯ᠎ᠤᠨ ᠬᠠᠭᠤᠳᠠᠰᠤ᠎ᠵᠢ  ᠵᠢᠭᠠᠭᠠᠳ᠄ 《ᠲᠠ ᠦᠵᠡ᠂ ᠡᠨᠡ ᠪᠣᠯ ᠬᠠᠷᠢᠶ᠎ᠠ ᠣᠷᠣᠨ᠎ᠤ᠋ ᠣᠯᠠᠨ ᠲᠦᠮᠡᠨ᠎ᠦ᠌ ᠮᠠᠨ᠎ᠳᠤ ᠢᠯᠡᠭᠡᠭᠰᠡᠨ ᠲᠠᠯᠠᠷᠬᠠᠯ᠎ᠤ᠋ᠨ ᠵᠠᠬᠢᠳᠠᠯ ᠪᠤᠯᠤᠨ᠎ᠠ᠃ ᠡᠨᠡ ᠬᠦ᠌ ᠲᠠᠯᠠᠷᠬᠠᠯ᠎ᠤ᠋ᠨ ᠵᠠᠬᠢᠳᠠᠯ ᠪᠣᠯ ᠣᠯᠠᠨ ᠲᠦᠮᠡᠨ ᠮᠠᠨ᠎ᠤ᠋ ᠰᠠᠢᠨ ᠳᠤᠷ᠎ᠠ ᠎ᠶ᠋ᠢᠨ ᠦᠢᠯᠡᠴᠢᠯᠡᠭᠡᠨ᠎ᠦ᠌ ᠠᠵᠢᠯ ᠎ᠢ᠋ ᠮᠡᠳᠡᠷᠡᠵᠦ ᠪᠠᠢᠭ᠎ᠠ ᠵᠢ ᠬᠠᠷᠠᠭᠤᠯᠵᠤ ᠪᠤᠢ᠂ ᠪᠢᠳᠡ ᠦᠷᠭᠦᠯᠵᠢᠯᠡᠨ ᠴᠢᠷᠮᠠᠢᠨ ᠠᠵᠢᠯᠯᠠᠬᠤ ᠎ᠳᠤ ᠤᠷᠮᠠᠳᠠᠢ ᠪᠠᠢᠨ᠎ᠠ》  ᠭᠡᠵᠦ ᠰᠤᠷᠪᠤᠯᠵᠢᠯᠠᠭᠴᠢ᠎ᠳ᠋ᠤ᠌ ᠬᠡᠯᠡᠪᠡ᠃

ᠤᠤᠯ ᠨᠢ ᠭᠠᠭᠴᠠᠮᠤᠳᠤ ᠪᠠᠯᠭᠠᠰᠤᠨ᠎ᠤ ᠬᠠᠩᠭᠠᠢ ᠨᠡᠢᠭᠡᠮ ᠲᠤᠭᠤᠷᠢᠭ᠎ᠤᠨ ᠰᠠᠭᠤᠭᠠᠯᠢ ᠠᠷᠠᠳ ᠤᠷᠲᠤᠨᠠᠰᠤᠨ ᠪᠡᠶ᠎ᠡ ᠵᠡᠮᠳᠡᠭ ᠪᠣᠯᠤᠭᠠᠳ ᠠᠮᠢᠳᠤᠷᠠᠯ ᠨᠢ ᠬᠦᠴᠢᠷᠲᠡᠢ ᠪᠣᠯᠵᠠᠢ᠃ ᠨᠡᠢᠭᠡᠮ ᠲᠤᠭᠤᠷᠢᠭ ᠪᠠᠢᠳᠠᠯ ᠎ᠢ᠋ ᠨᠢ ᠣᠢᠯᠠᠭᠠᠭᠰᠠᠨ᠎ᠤ᠋ ᠳᠠᠷᠠᠭ᠎ᠠ᠂ ᠲᠤᠤ ᠶᠦᠩ ᠬᠤᠸᠠ ᠨᠡᠢᠭᠡᠮ ᠲᠣᠭᠣᠷᠢᠭ᠎ᠤ᠋ᠨ ᠰᠠᠢᠨ ᠲᠤᠷᠠᠴᠤᠳ ᠎ᠢ᠋ ᠳᠠᠭᠠᠭᠤᠯᠤᠭᠠᠳ᠂  ᠣᠯᠠᠨᠲᠠ ᠭᠡᠷ᠎ᠲᠤᠨᠢ ᠬᠦᠷᠴᠦ ᠲᠣᠬᠣᠨᠢᠭᠤᠯᠪᠠ᠃ ᠪᠠᠰᠠ ᠪᠢᠴᠢᠭ ᠮᠠᠲ᠋ᠧᠷᠢᠶᠠᠯ᠎ᠢ᠋ ᠨᠢ ᠲᠢᠭᠯᠡᠭᠡᠳ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠡᠢ ᠵᠤᠯᠭᠠᠭᠤᠯᠤᠨ᠂ ᠲᠡᠭᠦᠨ ᠎ᠢ᠋ ᠬᠠᠪᠰᠤᠷᠤᠨ ᠬᠣᠶᠠᠳᠤᠭᠠᠷ ᠳᠡᠰ᠎ᠦ᠋ᠨ ᠵᠡᠮᠳᠡᠭ᠎ᠦ᠋ᠨ ᠦᠨᠡᠮᠯᠡᠯ ᠪᠣᠯᠤᠨ ᠬᠠᠮᠢᠶ᠎ᠠ ᠪᠦᠬᠦᠢ ᠨᠥᠬᠥᠪᠥᠷᠢ ᠵᠢ ᠡᠷᠡᠮᠡᠯᠵᠡᠨ ᠦᠭᠴᠦ᠂ ᠠᠮᠢᠳᠤᠷᠠᠯ᠎ᠤ᠋ᠨ ᠢᠲᠡᠭᠡᠯ ᠵᠣᠷᠢᠭ ᠎ᠢ᠋ ᠨᠢ ᠡᠷᠴᠢᠯᠡᠭᠰᠡᠨ ᠪᠠᠢᠨ᠎ᠠ᠃

《ᠨᠡᠢᠭᠡᠮ ᠲᠣᠭᠣᠷᠢᠭ ᠎ᠤ᠋ᠨ ᠨᠠᠮ᠎ᠤ᠋ᠨ ᠡᠭᠦᠷ ᠪᠠ ᠰᠠᠢᠨ ᠳᠤᠷᠠᠴᠤᠳ᠎ᠤᠨ ᠬᠠᠯᠠᠭᠤᠨ ᠲᠡᠮᠵᠢᠯᠭᠡ ᠪᠡᠷ ᠮᠢᠨᠦ ᠠᠮᠢᠳᠤᠷᠠᠯ ᠎ᠢᠯᠡᠳᠲᠡ ᠰᠠᠢᠵᠢᠷᠠᠵᠤ᠂ ᠬᠣᠢᠰᠢᠳᠠ᠎ᠶ᠋ᠢᠨ ᠠᠮᠢᠳᠤᠷᠠᠯ᠎ᠳ᠋ᠠᠭᠠᠨ ᠴᠦ᠍ ᠢᠲᠡᠭᠡᠯ ᠲᠡᠭᠦᠯᠳᠡᠷ ᠪᠣᠯᠤᠯ᠎ᠠ᠃ ᠲᠡᠳᠡ ᠬᠦᠯᠢᠴᠡᠩᠭᠦᠢ ᠦᠢᠯᠡᠴᠢᠯᠡᠭᠡ ᠪᠠ ᠪᠣᠳᠠᠲᠠᠢ ᠠᠵᠢᠯᠯᠠᠭ᠎ᠠ ᠎ᠪᠠᠷ ᠎ᠢ᠋ᠶ᠋ᠠᠨ ᠨᠠᠮ ᠵᠠᠰᠠᠭ᠎ᠤ᠋ᠨ ᠬᠠᠢᠷ᠎ᠠ ᠬᠠᠯᠠᠮᠵᠢ ᠎ᠶ᠋ᠢ ᠮᠡᠳᠡᠷᠡᠭᠦᠯᠦᠨ᠂ ᠦᠨᠳᠦᠰᠦᠲᠡᠨ᠎ᠦ᠌ ᠪᠦᠯᠬᠦᠮᠳᠡᠯ ᠪᠤᠯᠤᠨ ᠬᠠᠷᠢᠯᠴᠠᠨ ᠬᠠᠪᠰᠤᠷᠤᠯᠴᠠᠬᠤ᠎ᠶᠢᠨ ᠰᠠᠢᠨ ᠰᠠᠢᠬᠠᠨ᠎ᠢ ᠨᠠᠳᠠᠳᠤ ᠲᠠᠨᠢᠭᠤᠯᠵᠠᠢ》 ᠭᠡᠵᠦ ᠤᠷᠲᠤᠨᠠᠰᠤᠨ ᠰᠡᠳᠬᠢᠯ ᠳᠣᠭᠳᠣᠯᠤᠨ ᠬᠡᠯᠡᠨ᠎ᠡ᠃

ᠭᠠᠭᠴᠠᠮᠤᠳᠤ ᠪᠠᠯᠭᠠᠰᠤ ᠬᠢᠯᠢ᠎ᠶ᠋ᠢᠨ ᠪᠣᠭᠣᠮᠲᠠ᠎ᠶ᠋ᠢᠨ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠵᠦ᠂ ᠬᠢᠯᠢ ᠠᠯᠤᠰᠯᠠᠨ ᠬᠦᠴᠦ ᠶᠠᠪᠤᠵᠤ ᠪᠠᠢᠭ᠎ᠠ ᠬᠥᠮᠦᠰ ᠨᠢᠭᠲᠠᠷᠠᠭᠰᠠᠨ ᠣᠨᠴᠠᠭᠠᠢ ᠣᠷᠣᠨ ᠪᠠᠢᠷᠢ ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ᠂《ᠬᠢᠯᠢ᠎ᠶ᠋ᠢᠨ ᠬᠦᠰᠢᠶ᠎ᠡ᠎ᠶᠢᠨ ᠲᠡᠷᠭᠡᠳᠡᠬᠢ ᠬᠤᠪᠢᠰᠬᠠᠯᠲᠤ ᠰᠠᠢᠨ ᠳᠤᠷᠠᠴᠤᠳ᠎ᠤᠨ ᠡᠩᠨᠡᠭᠡ》 ᠭᠡᠬᠦ ᠦᠢᠯᠡᠴᠢᠯᠡᠭᠡᠨ᠎ᠦ᠌ ᠲᠦᠷᠦᠯ ᠲᠡᠮᠳᠡᠭ ᠎ᠢ᠋ ᠡᠭᠦᠳᠴᠡᠢ᠃ ᠲᠤᠰ ᠦᠢᠯᠡᠴᠢᠯᠡᠭᠡ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ᠋ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠨᠠᠮ ᠎ᠤ᠋ᠨ ᠪᠠᠢᠭᠤᠯᠤᠯᠲᠠ᠎ᠶ᠋ᠢᠨ ᠤᠯᠠᠭᠠᠨ + ᠰᠠᠢᠨ ᠳᠤᠷ᠎ᠠ ᠎ᠶ᠋ᠢᠨ ᠤᠯᠠᠭᠠᠨ + ᠦᠨᠳᠦᠰᠦᠲᠡᠨ ᠎ᠦ᠌ ᠥᠩᠭᠡ ᠪᠣᠳᠣᠭ》 ᠭᠡᠬᠦ ᠭᠤᠷᠮᠤᠰᠤᠨ ᠠᠭᠤᠰᠤᠯᠴᠠᠯ ᠤ᠋ᠨ ᠵᠠᠭᠪᠤᠷ᠎ᠢ᠋ ᠡᠭᠦᠳᠦᠨ᠂ ᠨᠡᠭᠦᠳᠡᠯ ᠬᠥᠮᠦᠨ ᠠᠮᠠ ᠎ᠶ᠋ᠢ ᠬᠠᠮᠢᠶᠠᠷᠬᠤ᠂ ᠰᠣᠶᠣᠯ ᠎ᠤ᠋ᠨ ᠵᠥᠷᠢᠶ᠎ᠡ᠎ᠶ᠋ᠢ ᠠᠭᠤᠰᠤᠯᠴᠠᠭᠤᠯᠬᠤ ᠵᠡᠷᠭᠡ ᠪᠣᠳᠠᠲᠤ ᠬᠦᠴᠢᠷ ᠠᠰᠠᠭᠤᠳᠠᠯ ᠎ᠢ᠋ ᠬᠦᠴᠦᠯᠡᠨ ᠰᠢᠢᠳᠪᠦᠷᠢᠯᠡᠵᠡᠢ᠃ ᠣᠳᠣᠬᠠᠨ᠎ᠳ᠋ᠤ᠌ 60 ᠭᠠᠷᠤᠢ ᠬᠦᠮᠦᠨ ᠲᠠᠢ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ᠌ ᠡᠩᠨᠡᠭᠡ᠎ᠶ᠋ᠢ ᠪᠠᠢᠭᠤᠯᠵᠤ᠂ ᠨᠠᠮ ᠎ᠤ᠋ᠨ ᠭᠡᠰᠢᠭᠦᠨ᠎ᠦ᠌ ᠡᠵᠡᠯᠡᠬᠦ ᠬᠠᠷᠢᠴᠠᠯ ᠨᠢ 40% ᠶ᠋ᠢ ᠳᠠᠪᠠᠵᠤ᠂ ᠬᠢᠯᠢ ᠬᠢᠵᠠᠭᠠᠷ ᠣᠷᠣᠨ ᠎ᠳ᠋ᠤ᠌ ᠬᠥᠭᠵᠢᠶᠡᠨᠲᠡᠢ 《ᠬᠤᠪᠢᠰᠬᠠᠯᠲᠤ ᠬᠥᠩᠭᠡᠨ ᠮᠣᠷᠢᠲᠤ ᠴᠡᠷᠢᠭ》 ᠪᠣᠯᠤᠭᠰᠠᠨ ᠪᠠᠢᠨ᠎ᠠ᠃

ᠨᠢᠳᠤᠨᠤᠨ ᠨᠠᠮᠤᠷ᠂ ᠱᠠᠨᠳᠦ᠋ᠩ᠎ᠦ᠋ᠨ ᠬᠥᠯᠥᠰᠥᠨ ᠠᠵᠢᠯᠴᠢᠨ ᠸᠠᠩ ᠤᠪᠤᠭᠲᠤ ᠠᠵᠢᠯᠯᠠᠵᠤ ᠪᠠᠢᠭᠠᠳ ᠠᠵᠠ ᠪᠤᠰᠤ ᠪᠡᠷ ᠬᠡᠮᠲᠦᠨ ᠲᠠᠮᠪᠠᠷᠠᠵᠤ᠂ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠨ᠂ 《ᠣᠷᠣᠨ ᠪᠦᠰᠡ ᠠᠯᠤᠰᠯᠠᠭᠰᠠᠨ》 ᠲᠥᠷᠥ᠎ᠶ᠋ᠢᠨ ᠪᠣᠳᠣᠯᠭ᠎ᠠ᠎ᠶ᠋ᠢᠨ ᠵᠤᠯᠭᠠᠯᠴᠠᠭ᠎ᠠ ᠬᠢᠬᠦ ᠬᠦᠴᠢᠷᠳᠡᠯ ᠎ᠳ᠋ᠦ᠍ ᠲᠤᠯᠭᠠᠷᠠᠪᠠ᠃ ᠡᠭᠦᠨ᠎ᠳᠤ ᠬᠠᠩᠭᠠᠢ ᠨᠡᠢᠭᠡᠮ ᠲᠣᠭᠣᠷᠢᠭ ᠡᠩ ᠲᠡᠷᠢᠭᠦᠨ᠎ᠳ᠋ᠦ᠍ ᠬᠠᠪᠰᠤᠷᠤᠨ ᠲᠡᠳᠬᠦᠬᠦ ᠳᠤᠭᠤᠢᠯᠠᠩ ᠵᠣᠬᠢᠶᠠᠨ ᠪᠠᠢᠭᠤᠯᠤᠭᠠᠳ᠂ ᠨᠡᠢᠭᠡᠮ᠎ᠦ᠋ᠨ ᠵᠣᠬᠢᠶᠠᠨ ᠪᠠᠢᠭᠤᠯᠤᠯᠲᠠ᠎ᠲᠠᠢ ᠬᠣᠯᠪᠣᠭᠠᠯᠠᠨ᠂ ᠤᠷᠤᠨ ᠪᠦᠰᠡ ᠠᠯᠤᠰᠯᠠᠭᠰᠠᠨ ᠲᠥᠷᠥ᠎ᠶ᠋ᠢᠨ ᠪᠣᠳᠣᠯᠭ᠎ᠠ᠎ᠶ᠋ᠢ ᠡᠮᠬᠢᠯᠡᠵᠦ᠂ ᠡᠷᠦᠬᠡ ᠠᠮᠠ᠎ᠪᠠᠢᠭ᠎ᠠ ᠭᠠᠵᠠᠷ ᠎ᠤ᠋ᠨ ᠠᠷᠠᠳ ᠎ᠤ᠋ᠨ ᠶᠠᠪᠤᠳᠠᠯ ᠎ᠤ᠋ᠨ ᠰᠠᠯᠠᠭ᠎ᠠ ᠮᠥᠴᠢᠷ ᠪᠣᠯᠤᠨ ᠠᠵᠢᠯ ᠡᠭᠦᠷᠭᠡ ᠬᠠᠷᠢᠭᠤᠴᠠᠬᠤ ᠲᠠᠯ᠎ᠠ ᠶ᠋ᠢ ᠬᠠᠷᠢᠯᠴᠠᠨ ᠵᠣᠯᠭᠠᠭᠤᠯᠤᠨ᠂ ᠲᠡᠭᠦᠨ᠎ᠳ᠋ᠦ᠍ ᠤᠷᠤᠨ ᠪᠦᠰᠡ ᠠᠯᠤᠰᠯᠠᠭᠰᠠᠨ ᠨᠠᠭᠠᠳᠤ ᠵᠠᠬ᠎ᠠ ᠎ᠶ᠋ᠢᠨ ᠠᠮᠢᠳᠤᠷᠠᠯ᠎ᠤ᠋ᠨ ᠪᠠᠲᠤᠯᠠᠭᠠᠲᠤ ᠡᠷᠦᠬᠡ ᠪᠡᠷ ᠡᠷᠡᠮᠡᠯᠵᠡᠬᠦ ᠭᠠᠷᠳᠠᠮ ᠬᠢᠵᠦ ᠥᠭᠴᠡᠢ᠃ ᠡᠭᠦᠨ᠎ᠳᠤ ᠭᠡᠷ ᠎ᠦ᠋ᠨ ᠬᠥᠮᠦᠰ ᠨᠢ ᠱᠠᠨᠳᠦ᠋ᠩ᠎ᠡᠴᠡ ᠬᠡᠮᠡᠷᠯᠢᠭ ᠲᠤᠭ ᠬᠦᠷᠭᠡᠨ ᠢᠷᠡᠵᠤ᠂ 《ᠠᠯᠤᠰ ᠬᠢᠵᠠᠭᠠᠷ ᠎ᠲᠤ᠌ ᠴᠤ᠌ ᠭᠡᠷ ᠪᠦᠯᠢ᠎ᠶᠢᠨ ᠬᠠᠯᠠᠮᠵᠢ ᠲᠡᠢ》 ᠭᠡᠬᠦ ᠪᠢᠴᠢᠭᠡᠰᠦ ᠨᠢ ᠦᠨᠡᠨ ᠰᠡᠳᠭᠢᠯ᠎ᠤᠨ ᠰᠠᠢᠰᠢᠶᠠᠯ ᠲᠠᠯᠠᠷᠬᠠᠯ ᠪᠤᠯᠵᠠᠢ᠃

《 ᠪᠢ ᠨᠤᠲᠤᠭ ᠤᠰᠤ ᠡᠴᠡ᠎ᠪᠡᠨ ᠰᠠᠯᠤᠭᠠᠳ ᠭᠡᠨᠡᠳᠲᠡ᠎ᠶᠢᠨ ᠡᠨᠳᠡᠯ ᠭᠠᠷᠤᠭᠰᠠᠨ ᠬᠠᠮᠤᠭ᠎ᠤ᠋ᠨ ᠬᠠᠲᠠᠭᠤ ᠪᠡᠷᠬᠡᠰᠢᠶᠡᠯ ᠲᠠᠢ ᠦᠶ᠎ᠡ ᠎ᠳ᠋ᠦ᠍ ᠲᠤᠬᠠᠢ᠎ᠶ᠋ᠢᠨ ᠭᠠᠵᠠᠷ᠎ᠤ᠋ᠨ ᠵᠠᠰᠠᠭ᠎ᠤ᠋ᠨ ᠣᠷᠳᠣᠨ ᠪᠣᠯᠤᠨ ᠦᠨᠳᠦᠰᠦᠲᠡᠨ ᠨᠤᠬᠦᠳ᠎ᠤᠨ ᠰᠠᠢᠨ ᠲᠤᠷᠠᠴᠤᠳ ᠨᠠᠮ᠎ᠠ ᠵᠢ ᠬᠠᠪᠰᠤᠷᠤᠨ ᠬᠦᠴᠢᠷ᠎ᠢ᠋ ᠲᠤᠭᠤᠯᠵᠤ᠂ ᠨᠠᠳᠠ᠎ᠳᠤ ᠨᠠᠮ ᠵᠠᠰᠠᠭ᠎ᠤ᠋ᠨ ᠬᠠᠢᠷ᠎ᠠ ᠬᠠᠯᠠᠮᠵᠢ ᠎ᠶ᠋ᠢ ᠦᠨᠡᠨ ᠬᠦ᠌ ᠮᠡᠳᠡᠷᠡᠭᠦᠯᠦᠯ᠎ᠡ》  ᠭᠡᠮᠡᠨ ᠸᠠᠩ ᠠᠪᠤᠭᠠᠢ ᠰᠡᠳᠬᠢᠯ ᠬᠥᠳᠡᠯᠦᠨ ᠶᠠᠷᠢᠬᠰᠠᠨ ᠪᠠᠢᠯ᠎ᠠ᠃

ᠭᠠᠭᠴᠠᠮᠤᠳᠤ ᠪᠠᠯᠭᠠᠰᠤᠨ᠎ᠳ᠋ᠤ᠌ ᠨᠡᠭᠦᠳᠡᠯ ᠬᠥᠮᠦᠨ ᠠᠮᠠ᠎ᠤᠯᠠᠰᠢᠷᠠᠭᠠᠳ᠂ ᠦᠨᠳᠦᠰᠦᠲᠡᠨ᠎ᠦ᠌ ᠰᠣᠶᠣᠯ᠎ᠤ᠋ᠨ ᠵᠥᠷᠢᠶ᠎ᠡ ᠎ᠡᠴᠡ ᠪᠣᠯᠵᠤ ᠰᠣᠯᠢᠯᠴᠠᠬᠤ᠎ᠳᠤ ᠬᠦᠴᠢᠷᠳᠡᠨ᠂ ᠭᠠᠳᠠᠨ᠎ᠠ᠎ᠠ᠋ᠴᠠ ᠢᠷᠡᠭᠰᠡᠨ ᠬᠦᠴᠦ ᠶᠠᠪᠤᠭᠰᠠᠳ ᠲᠤᠰ ᠭᠠᠵᠠᠷ᠎ᠲᠤ ᠬᠠᠷᠢᠶᠠᠯᠠᠭᠳᠠᠬᠤ ᠤᠬᠠᠮᠰᠠᠷ ᠵᠢᠡᠷ ᠳᠤᠲᠠᠮᠠᠭ ᠪᠠᠢᠵᠤ᠂ ᠬᠥᠮᠦᠨ ᠠᠮᠠ᠎ᠶ᠋ᠢᠨ ᠪᠦᠲᠦᠴᠡ ᠪᠤᠳᠤᠯᠢᠶᠠᠨᠲᠠᠢ ᠪᠤᠯᠬᠤᠷ ᠨᠡᠢᠭᠡᠮ ᠲᠣᠭᠣᠷᠢᠭ ᠨᠢ ᠬᠡᠰᠡᠭ ᠬᠤᠭᠤᠴᠠᠭᠠᠨ᠎ᠳᠤ ᠵᠠᠰᠠᠨ ᠴᠡᠭᠴᠡᠯᠡᠬᠦ᠎ᠳᠤ ᠬᠦᠴᠢᠷ ᠵᠡᠷᠭᠡ ᠠᠰᠠᠭᠤᠳᠠᠯ᠎ᠳᠤ ᠲᠤᠯᠭᠠᠷᠠᠨ᠂ ᠨᠡᠢᠭᠡᠮ ᠲᠣᠭᠣᠷᠢᠭ᠎ᠤ᠋ᠨ ᠡᠶ᠎ᠡ ᠵᠣᠬᠢᠴᠠᠩᠭᠤᠢ ᠬᠥᠭᠵᠢᠯᠲᠡ᠎ᠶ᠋ᠢ ᠬᠠᠷᠰᠢᠯᠠᠵᠤ ᠪᠠᠢᠵᠠᠢ ᠃

ᠲᠤᠤ ᠶᠦᠩ ᠬᠤᠸᠠ᠄《ᠡᠢᠮᠦ ᠠᠬᠤᠢ ᠪᠠᠢᠳᠠᠯ ᠳᠣᠣᠷ᠎ᠠ ᠰᠠᠢᠨ ᠳᠤᠷ᠎ᠠ᠎ᠶ᠋ᠢᠨ ᠦᠢᠯᠡᠴᠢᠯᠡᠭᠡ ᠠᠰᠠᠭᠤᠳᠠᠯ᠎ᠢ ᠰᠢᠢᠳᠪᠦᠷᠢᠯᠡᠬᠦ ᠵᠠᠩᠭᠢᠯᠠᠭ᠎ᠠ ᠪᠣᠯᠵᠠᠢ᠃ ᠲᠡᠷᠡ ᠨᠢ ᠵᠥᠷᠢᠴᠡᠯ᠎ᠢ᠋ ᠨᠠᠮᠳᠠᠭᠠᠬᠤ ᠮᠥᠷᠲᠡᠭᠡᠨ ᠬᠥᠮᠦᠨ᠎ᠦ᠌ ᠰᠡᠳᠬᠢᠯ᠎ᠢ᠋ ᠤᠯᠬᠤ ᠦᠢᠯᠡᠴᠢᠯᠡᠭᠡ ᠪᠣᠯᠤᠨ᠎ᠠ᠂ ᠡᠯ᠎ᠡ ᠦᠨᠳᠦᠰᠦᠲᠡᠨ᠎ᠦ᠌ ᠣᠯᠠᠨ ᠲᠦᠮᠡᠨ᠎ᠢ ᠬᠠᠪᠰᠤᠷᠬᠤ ᠪᠡᠷ ᠳᠠᠮᠵᠢᠨ᠂ ᠲᠡᠳᠡᠨ᠎ᠤ ᠢᠲᠡᠭᠡᠯ᠎ᠢ ᠡᠷᠴᠢᠯᠡᠨ᠂ ᠨᠡᠭᠦᠳᠡᠯ ᠬᠥᠮᠦᠨ ᠠᠮᠠ᠎ᠶ᠋ᠢ ᠦᠢᠯᠡᠴᠢᠯᠡᠭᠡᠨ᠎ᠦ᠌ ᠳᠤᠮᠳᠠ ᠨᠡᠢᠭᠡᠮ ᠲᠣᠭᠣᠷᠢᠭ᠎ᠲᠤ᠌ ᠠᠭᠤᠰᠬᠠᠨ᠂ ᠬᠢᠯᠢ᠎ᠬᠢᠵᠠᠭᠠᠷ ᠎ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ᠎ᠢ᠎ᠬᠠᠮᠲᠤ ᠪᠠᠷ ᠪᠠᠲᠤᠳᠬᠠᠵᠠᠢ》  ᠭᠡᠵᠦ ᠰᠤᠷᠪᠤᠯᠵᠢᠯᠠᠭᠴᠢ᠎ᠳᠤ ᠬᠡᠯᠡᠵᠦ ᠪᠠᠢᠯ᠎ᠠ᠃

ᠡᠭᠦᠨ᠎ᠡᠴᠡ ᠭᠠᠳᠠᠨ᠎ᠠ᠂ ᠰᠠᠢᠨ ᠳᠤᠷ᠎ᠠ᠎ᠶ᠋ᠢᠨ ᠦᠢᠯᠡᠴᠢᠯᠡᠭᠡ᠎ᠪᠠᠰᠠ ᠰᠣᠶᠣᠯ᠎ᠤ᠋ᠨ ᠠᠵᠢᠯᠯᠠᠭ᠎ᠠ᠎ᠪᠠᠷ ᠠᠴᠢᠶᠠᠯᠠᠪᠤᠷᠢ ᠪᠣᠯᠭᠠᠨ᠂ ᠬᠡᠦᠬᠡᠳ᠎ᠦ᠋ᠨ ᠬᠦᠰᠡᠯ ᠵᠡᠭᠦᠳᠦ᠎ᠵᠢ ᠲᠡᠷᠭᠡᠯᠰᠢᠭᠦᠯᠬᠦ ᠲᠥᠯᠥᠪᠯᠡᠭᠡ᠎ᠶ᠋ᠢ ᠨᠠᠷᠢᠨ ᠨᠢᠮᠪᠠᠢ ᠬᠡᠷᠡᠭᠵᠢᠭᠦᠯᠵᠦ᠂ ᠬᠢᠯᠢ ᠬᠢᠵᠠᠭᠠᠷ᠎ᠤ᠋ᠨ 83 ᠬᠡᠦᠬᠡᠳ᠎ᠦ᠋ᠨ ᠬᠦᠰᠡᠯ ᠎ᠢ᠋ ᠪᠡᠶᠡᠯᠡᠭᠦᠯᠵᠦ᠂ ᠤᠯᠤᠰ᠎ᠢ᠋ᠶ᠋ᠠᠨ ᠬᠠᠢᠷᠠᠯᠠᠵᠤ ᠬᠢᠯᠢ ᠬᠢᠵᠠᠭᠠᠷ᠎ᠢ᠋ ᠬᠠᠮᠠᠭᠠᠯᠠᠬᠤ ᠬᠥᠮᠦᠵᠢᠯ᠎ᠢ᠋ ᠵᠡᠷᠭᠡ ᠪᠡᠷ ᠥᠷᠨᠢᠭᠦᠯᠪᠡ᠃ 《ᠭᠡᠷ᠎ᠦ᠋ᠨ ᠰᠤᠷᠲᠠᠯ ᠎ᠢ᠋ ᠤᠯᠠᠮᠵᠢᠯᠠᠵᠦ᠂ ᠦᠰᠦᠯᠳᠠ ᠪᠣᠢᠵᠢᠯᠲᠠ᠎ᠶ᠋ᠢ ᠬᠠᠯᠠᠮᠵᠢᠯᠠᠶ᠎ᠠ》 ᠭᠡᠬᠦ ᠭᠣᠣᠯ ᠰᠡᠳᠦᠪᠲᠦ ᠠᠵᠢᠯᠯᠠᠭ᠎ᠠ ᠡᠷᠬᠢᠯᠡᠵᠦ᠂ ᠠᠬᠠᠮᠠᠳ ᠨᠠᠮ᠎ᠤ᠋ᠨ ᠭᠡᠰᠢᠭᠦᠨ᠂ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠢ᠋ ᠤᠷᠢᠭᠠᠳ᠂ ᠬᠤᠪᠢᠰᠬᠠᠯᠲᠤ ᠭᠡᠷ᠎ᠦ᠋ᠨ ᠰᠤᠷᠲᠠᠯ ᠢ᠋ ᠡᠷᠬᠢᠮᠯᠡᠬᠦ ᠠᠵᠢᠯᠯᠠᠭ᠎ᠠ ᠦᠷᠨᠢᠭᠦᠯᠵᠦ᠂ 100 ᠭᠠᠷᠤᠢ ᠭᠡᠷ ᠪᠦᠯᠢ᠎ᠶ᠋ᠢ ᠬᠠᠮᠤᠷᠪᠠ᠃ ᠪᠠᠶᠠᠷ ᠲᠤᠷᠠᠰᠬᠠᠯ᠎ᠤᠨ ᠡᠳᠦᠷ ᠬᠠᠤᠯᠢ ᠴᠠᠭᠠᠵᠠ᠎ᠶ᠋ᠢᠨ ᠲᠠᠢᠯᠤᠮᠵᠢ᠎ᠬᠢᠵᠦ᠂ ᠡᠮᠡᠭᠲᠡᠢᠴᠦᠳ᠎ᠦ᠋ᠨ ᠡᠷᠬᠡ ᠠᠰᠢᠬ ᠵᠢᠡᠨ ᠬᠠᠮᠠᠭᠠᠯᠠᠬᠤ ᠤᠬᠠᠮᠰᠠᠷ ᠢ᠋ ᠳᠡᠭᠡᠭᠰᠢᠯᠡᠭᠦᠯᠪᠡ᠃《ᠠᠨᠠᠷ᠎ᠤ᠋ᠨ ᠴᠡᠴᠡᠭ ᠳᠡᠯᠭᠡᠷᠡᠯ᠎ᠡ》 ᠵᠡᠷᠭᠡ ᠳᠠᠭᠤᠤ ᠪᠥᠵᠢᠭ᠎ᠤᠨ ᠲᠤᠭᠯᠠᠯᠲᠠ᠎ᠵᠢ ᠨᠠᠢᠷᠠᠭᠤᠯᠤᠨ᠂ ᠦᠨᠳᠦᠰᠦᠲᠡᠨ᠎ᠦ᠌ ᠰᠣᠶᠣᠯ᠎ᠤ᠋ᠨ ᠰᠣᠯᠢᠯᠴᠠᠭᠠᠨ ᠎ᠤ᠋ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠡᠯ᠎ᠡ ᠦᠨᠳᠦᠰᠦᠲᠡᠨ᠎ᠦ᠌ ᠣᠯᠠᠨ ᠲᠦᠮᠡᠨ᠎ᠦ᠌ ᠡᠶ᠎ᠡ ᠨᠠᠢᠷ ᠎ᠢ ᠵᠤᠵᠠᠭᠠᠳᠬᠠᠭᠰᠠᠨ ᠪᠠᠢᠨ᠎ᠠ᠃

ᠰᠠᠢᠨ ᠳᠤᠷ᠎ᠠ ᠵᠢᠨ ᠦᠢᠯᠡᠴᠢᠯᠡᠭᠡ ᠵᠢ ᠦᠷᠨᠢᠭᠦᠯᠦᠭᠰᠡᠨ᠎ᠡᠴᠡ ᠨᠡᠭᠠᠰᠢ᠂ 20 ᠭᠠᠷᠤᠢ ᠲᠠᠯᠠᠪᠠᠢ ᠭᠣᠣᠯ ᠰᠡᠳᠦᠪᠲᠦ ᠠᠵᠢᠯᠯᠠᠭ᠎ᠠ ᠬᠢᠵᠦ᠂ 85% ᠠ᠋ᠴᠠ ᠳᠡᠭᠡᠭᠰᠢᠬᠢ ᠰᠠᠭᠤᠭᠠᠯᠢ ᠠᠷᠠᠳ᠎ᠢ᠋ ᠬᠠᠮᠤᠷᠤᠨ᠂ 66 ᠵᠦᠢᠯ ᠎ᠦ᠋ᠨ ᠠᠷᠠᠳ ᠎ᠤ᠋ᠨ ᠠᠮᠢᠳᠤᠷᠠᠯ᠎ᠤ᠋ᠨ ᠪᠣᠳᠠᠲᠤ ᠤᠴᠢᠷ᠎ᠢ᠋ ᠰᠢᠢᠳᠪᠦᠷᠢᠯᠡᠪᠡ᠃ ᠰᠣᠶᠣᠯ ᠎ᠤ᠋ᠨ ᠠᠵᠢᠯᠯᠠᠭ᠎ᠠ᠎ᠦᠷᠨᠢᠭᠦᠯᠦᠨ᠂ ᠨᠠᠷᠢᠯᠢᠭ ᠣᠨᠣᠪᠴᠢᠲᠠᠢ ᠦᠢᠯᠡᠴᠢᠯᠡᠬᠦ ᠎ᠪᠡᠷ ᠳᠠᠮᠵᠢᠨ᠂ ᠦᠨᠳᠦᠰᠦᠲᠡᠨ ᠎ᠦ᠌ ᠬᠣᠭᠣᠷᠣᠨᠳᠣᠬᠢ ᠵᠠᠪᠰᠠᠷᠳᠠᠯ ᠎ᠢ᠋ ᠪᠦᠲᠦᠮᠵᠢᠲᠡᠢ ᠠᠷᠢᠯᠭᠠᠵᠤ᠂ ᠨᠡᠢᠭᠡᠮ ᠲᠣᠭᠣᠷᠢᠭ ᠎ᠤ᠋ᠨ ᠨᠢᠭᠲᠠᠷᠠᠯ ᠎ᠤ᠋ᠨ ᠬᠦᠴᠦᠨ ᠎ᠢ᠋ ᠴᠢᠩᠭᠠᠳᠬᠠᠪᠠ᠃ ᠣᠳᠣᠬᠠᠨ᠎ᠳ᠋ᠤ᠌ ᠭᠠᠭᠴᠠᠮᠤᠳᠤ ᠪᠠᠯᠭᠠᠰᠤᠨ ᠎ᠳ᠋ᠤ᠌︽ᠨᠠᠮ ᠎ᠤ᠋ᠨ ᠭᠡᠰᠢᠭᠦᠨ ᠲᠦᠷᠦᠭᠦᠯᠡᠨ᠂ ᠰᠠᠢᠨ ᠳᠤᠷᠠᠴᠤᠳ ᠣᠷᠣᠯᠴᠠᠵᠤ᠂ ᠣᠯᠠᠨ ᠲᠦᠮᠡᠨ ᠳᠠᠭᠠᠬᠤ︾ᠬᠠᠮᠲᠤ  ᠪᠠᠷ ᠵᠠᠰᠠᠬᠤ ᠪᠠᠢᠷᠢᠰᠢᠯ ᠨᠢᠭᠡᠨᠲᠡ ᠠᠩᠬ᠎ᠠ ᠠᠯᠬᠤᠮ ᠪᠦᠷᠢᠯᠳᠦᠵᠦ᠂ ᠨᠡᠢᠭᠡᠮ ᠲᠣᠭᠣᠷᠢᠭ ᠎ᠤ᠋ᠨ ᠵᠠᠰᠠᠨ ᠴᠡᠭᠴᠡᠯᠡᠬᠦ ᠦᠢᠯᠡᠳᠦᠯ ᠴᠢᠳᠠᠮᠵᠢ ᠠᠯᠬᠤᠮ ᠠᠯᠬᠤᠮ᠎ᠢ᠋ᠶ᠋ᠠᠷ ᠳᠡᠭᠡᠭᠰᠢᠯᠡᠵᠦ ᠪᠣᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号