ᠵᠠᠯᠠᠨ ᠠᠢᠯ ᠬᠤᠳᠠ ᠶ᠋ᠢᠨ ᠤᠯᠠᠭᠠᠨᠮᠥ᠋ᠴᠢᠷ ᠪᠦᠬᠦ᠌ ᠤᠯᠤᠰ ᠤ᠋ᠨ 《3·8》 ᠤ᠋ ᠤᠯᠠᠭᠠᠨ ᠲᠤᠭ᠍ᠴᠢ ᠬᠠᠮᠲᠤ ᠨᠢᠭᠡᠴᠢ ᠪᠡᠷ ᠰᠤᠩᠭᠤᠭᠳᠠᠪᠠ
2026-03-18 11:25:46
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ  ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠵᠠᠯᠠᠨ ᠠᠢᠯ ᠬᠤᠳᠠ ᠶ᠋ᠢᠨ ᠤᠯᠠᠭᠠᠨᠮᠥ᠋ᠴᠢᠷ ᠪᠦᠬᠦ᠌ ᠤᠯᠤᠰ ᠤ᠋ᠨ 《3·8》 ᠤ᠋ ᠤᠯᠠᠭᠠᠨ ᠲᠤᠭ᠍ᠴᠢ ᠬᠠᠮᠲᠤ ᠨᠢᠭᠡᠴᠢ ᠶ᠋ᠢᠨ ᠢᠷᠠᠭᠤ ᠠᠯᠳᠠᠷ ᠤ᠋ᠨ ᠴᠣᠯᠠ ᠵᠢ ᠬᠦᠷᠳᠡᠵᠡᠢ᠃


QQ截图20260317110943.png


ᠵᠠᠯᠠᠨ ᠠᠢᠯ ᠬᠣᠲᠠ ᠶ᠋ᠢᠨ ᠤᠯᠠᠭᠠᠨᠮᠥ᠋ᠴᠢᠷ ᠪᠣᠯ ᠣᠨᠴᠠᠯᠢᠭ ᠢ᠋ᠶ᠋ᠠᠷ ᠢᠯᠡ ᠲᠣᠳᠣ᠂ ᠠᠮᠵᠢᠯᠲᠠ ᠪᠦᠲᠦᠮᠵᠢ᠎ᠪᠡᠷ ᠲᠣᠪᠣᠢᠮ᠎ᠠ᠂ ᠡᠮᠡᠭ᠌ᠲᠡᠢ ᠲᠤᠭᠯᠠᠭᠴᠢᠳ ᠢ᠋ᠶ᠋ᠡᠷ ᠭᠣᠣᠯᠯᠠᠭ᠍ᠴᠢ ᠬᠦᠴᠦᠨ ᠪᠣᠯᠭᠠᠭ᠍ᠰᠠᠨ ᠤᠯᠠᠭᠠᠨᠮᠥ᠋ᠴᠢᠷ ᠪᠠᠢᠵᠦ᠂ ᠤᠯᠠᠮᠵᠢᠯᠠᠨ ᠵᠠᠯᠭᠠᠮᠵᠢᠯᠠᠬᠤ ᠳᠤᠮᠳᠠ ᠵᠣᠷᠢᠭ᠍ᠲᠠᠶ᠎ᠪᠠᠷ ᠱᠢᠨ᠎ᠡ ᠵᠢ ᠡᠬᠦᠳᠦᠨ᠂ ᠬᠥᠯᠥᠨ ᠪᠣᠢᠷ ᠤ᠋ᠨ ᠠᠩᠬᠠᠳᠠᠭ᠍ᠴᠢ ᠡᠮᠡᠭ᠌ᠲᠡᠢᠴᠦᠳ ᠤ᠋ᠨ ᠠᠷᠠᠳ ᠤ᠋ᠨ ᠳᠠᠭᠤᠤ ᠬᠥᠭ᠌ᠵᠢᠮ ᠤ᠋ᠨ ᠪᠦᠯᠬᠦᠮ᠎ᠢ ᠵᠣᠬᠢᠶᠠᠨ ᠪᠠᠢᠭᠤᠯᠵᠤ᠂ ᠤᠳᠭ᠎ᠠ ᠤᠷᠠᠯᠢᠭ ᠤ᠋ᠨ ᠲᠥᠷᠥᠯ ᠲᠡᠮᠳᠡᠭ ᠢ᠋ ᠡᠭᠦᠳᠪᠡ᠃ ᠲᠡᠳᠡ ᠬᠥᠳᠡᠭᠡ ᠲᠣᠰᠭᠣᠨ᠂ ᠨᠡᠢᠭᠡᠮ ᠲᠣᠭᠣᠷᠢᠭ᠂ ᠰᠤᠷᠭᠠᠭᠤᠯᠢ᠂ ᠴᠡᠷᠢᠭ ᠤ᠋ᠨ ᠬᠤᠸᠠᠷᠠᠨ᠎ᠳᠤ ᠭᠦᠨᠵᠡᠭᠡᠢᠷᠡᠵᠦ᠍᠂ ᠣᠢᠷ᠎ᠠ ᠶ᠋ᠢᠨ 5 ᠵᠢᠯ ᠳ᠋ᠦ 800 ᠭᠠᠷᠤᠶ ᠲᠠᠯᠠᠪᠠᠶ ᠠᠷᠠᠳ ᠲᠦ᠍ ᠠᠱᠢᠭ ᠬᠦᠷᠲᠡᠭᠡᠬᠦ᠌ ᠲᠣᠭ᠍ᠯᠠᠯᠲᠠ ᠭᠠᠷᠭᠠᠵᠤ᠂ ᠦᠨᠳᠦᠰᠦᠨ ᠱᠠᠲᠤᠨ ᠤ᠋ ᠰᠣᠶᠣᠯ ᠤ᠋ᠨ ᠦᠶ᠋ᠯᠡᠴᠢᠯᠡᠭᠡᠨ ᠤ᠋ ᠬᠠᠪᠰᠤᠷᠤᠨ ᠵᠢᠯᠣᠭᠣᠳᠣᠯᠭ᠎ᠠ ᠵᠢ 300 ᠭᠠᠷᠤᠶ ᠤᠳᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ ᠤ᠋ᠨ ᠣᠯᠠᠨ ᠲᠦᠮᠡᠨ ᠳ᠋ᠦ 50 ᠲᠦᠮᠡᠨ ᠬᠥᠮᠦᠨ ᠤᠳᠠᠭ᠎ᠠ ᠠᠱᠢᠭ ᠬᠦᠷᠲᠡᠭᠡᠪᠡ᠃

ᠲᠤᠰ ᠤᠯᠠᠭᠠᠨᠮᠦᠢ᠍ᠴᠢᠷ᠎ᠤᠨ ᠵᠤᠬᠢᠶᠠᠨ ᠪᠦᠲᠦᠭᠡᠭᠰᠡᠨ ᠳᠠᠭᠤᠤ ᠪᠥᠵᠢᠭ᠌ᠲᠦ ᠨᠠᠢᠷᠠᠭ 《ᠠᠶᠠᠨ ᠵᠠᠮ》 ᠨᠢ ᠬᠤᠪᠢᠰᠭᠠᠯ ᠤ᠋ᠨ ᠰᠣᠩᠭᠣᠳᠠᠭ ᠪᠦᠲᠦᠭᠡᠯ ᠢ᠋ᠶ᠋ᠡᠷ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠤ᠋ᠨ ᠤᠢ᠎ᠳᠤ ᠬᠦᠨᠳᠦᠳᠭᠡᠯ ᠳᠡᠪᠱᠢᠭᠦᠯᠵᠦ᠍᠂ ᠬᠥᠯᠥᠨ ᠪᠤᠢ᠌ᠷ ᠤ᠋ᠨ ᠤᠨᠴᠠᠯᠢᠬ᠍ᠳᠤ ᠨᠠᠮ ᠤ᠋ᠨ ᠬᠢᠴᠢᠶᠡᠯᠯᠡᠭᠡ᠎ᠶᠢᠨ ᠭᠤᠤᠯᠳᠠᠯᠭ᠎ᠠ ᠲᠠᠢ ᠲᠣᠭᠣᠷᠢᠨ ᠲᠣᠭ᠍ᠯᠠᠯᠳᠠ ᠪᠣᠯᠪᠠ; ᠶᠠᠷᠢᠶᠠᠲᠤ ᠵᠦᠴᠦᠭᠡ 《ᠥᠨᠢᠳᠡ ᠶ᠋ᠢᠨ ᠲᠡᠮᠳᠡᠭ᠌ᠯᠡᠯ》 ᠨᠢ 《ᠪᠠᠲᠤ ᠰᠠᠬᠢᠬᠤ》 ᠪᠠ 《ᠤᠯᠠᠮᠵᠢᠯᠠᠨ ᠵᠠᠯᠭᠠᠮᠵᠢᠯᠠᠬᠤ》 ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠳᠤᠮᠳᠠᠳᠤ ᠶ᠋ᠢᠨ ᠦᠨᠳᠦᠰᠦᠲᠡᠨ ᠤ᠋ ᠮᠥᠬᠥᠯ᠎ᠡᠴᠡ ᠠᠪᠤᠷᠠᠨ ᠣᠷᠣᠱᠢᠨ ᠲᠣᠭ᠍ᠲᠠᠨᠢᠬᠤ᠎ᠠᠴᠠ ᠰᠡᠷᠭᠦᠨ ᠮᠠᠨᠳᠤᠯᠲᠠ ᠶ᠋ᠢᠨ ᠪᠦᠲᠦᠭᠡᠨ ᠪᠠᠢᠭᠤᠯᠤᠯᠲᠠ ᠬᠦᠷᠲᠡᠯᠡᠬᠢ ᠰᠦᠷ ᠳᠠᠯᠠᠢᠴᠠᠲᠠᠢ ᠲᠡᠦᠬᠡᠨ ᠶᠠᠪᠤᠴᠠ ᠵᠢ ᠬᠣᠯᠪᠣᠵᠤ᠂ 《ᠠᠷᠠᠳ ᠤ᠋ᠨ ᠡᠳᠦᠷ ᠤ᠋ᠨ ᠰᠣᠨᠢᠨ》 ᠵᠡᠷᠭᠡ ᠭᠣᠣᠯ ᠵᠠᠭᠤᠴᠢᠯᠠᠭᠤᠷ ᠲᠦ᠍ ᠨᠡᠢᠳᠡᠯᠡᠭᠳᠡᠵᠡᠢ; ᠳᠠᠬᠢᠵᠦ ᠨᠠᠢᠷᠠᠭᠤᠯᠤᠨ ᠲᠤᠭᠯᠠᠭᠰᠠᠨ ᠤᠳᠤ ᠦᠶ᠎ᠡ ᠶ᠋ᠢᠨ ᠫᠢᠩᠵᠢᠦᠶ ᠵᠦᠴᠦᠭᠡ 《ᠨᠠᠢ᠍ᠮᠠᠨ ᠡᠮᠡᠭ᠌ᠲᠡᠢ ᠮᠥᠷᠡᠨ ᠳ᠋ᠦ ᠬᠠᠷᠠᠢᠭ᠍ᠰᠠᠨ ᠨᠢ》 ᠪᠦᠬᠦ᠌ ᠤᠯᠤᠰ ᠤ᠋ᠨ ᠫᠢᠩᠵᠢᠦᠶ ᠵᠦᠴᠦᠭᠡ ᠶ᠋ᠢᠨ ᠤᠷᠠᠯᠢᠭ ᠤ᠋ᠨ ᠨᠠᠢᠷ ᠲᠦ᠍ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ᠋ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠶ᠋ᠢᠨ ᠬᠦᠰᠡᠯᠡᠩ ᠢᠲᠡᠭᠡᠯ ᠪᠢᠱᠢᠷᠡᠯ ᠤ᠋ᠨ ᠬᠥᠮᠦᠵᠢᠯ ᠤ᠋ᠨ ᠱᠢᠨ᠎ᠡ ᠵᠢ ᠡᠭᠦᠳᠦᠭ᠌ᠰᠡᠨ ᠨᠡᠢᠲᠡᠯᠢᠭ ᠵᠢᠱ᠌ᠢᠢ᠎ᠡ᠎ᠪᠡᠷ ᠰᠣᠩᠭᠣᠭ᠍ᠳᠠᠪᠠ; 《ᠲᠠᠯ᠎ᠠ ᠨᠤᠲᠤᠭ ᠤ᠋ᠨ ᠠᠭᠠᠯᠢ ᠳᠤᠮᠳᠠᠳᠤ ᠶ᠋ᠢᠨ ᠵᠡᠭᠦᠳᠦ》᠂ 《ᠲᠠᠯ᠎ᠠ ᠨᠤᠲᠤᠭ ᠢ᠋ᠶ᠋ᠠᠨ ᠤᠶᠠᠩᠭᠠᠯᠠᠨ ᠳᠠᠭᠤᠯᠠᠶ᠎ᠠ》 ᠵᠡᠷᠭᠡ ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥᠨ ᠤ᠋ ᠲᠤᠰᠠᠯᠠᠮᠵᠢ ᠵᠢ ᠭᠥᠷᠳᠡᠭ᠌ᠰᠡᠨ ᠰᠣᠳᠣᠨ ᠪᠦᠲᠦᠭᠡᠯ ᠨᠢ ᠨᠠᠮ ᠤ᠋ᠨ ᠲᠥᠷᠥ ᠶ᠋ᠢᠨ ᠪᠣᠳᠣᠯᠭ᠎ᠠ ᠶ᠋ᠢᠨ ᠬᠠᠢᠷ᠎ᠠ ᠬᠠᠯᠠᠮᠵᠢ ᠵᠢ ᠦᠨᠳᠦᠰᠦᠲᠡᠨ ᠤ᠋ ᠪᠦᠯᠬᠦᠮᠳᠡᠯ᠎ᠯᠦᠭᠡ ᠭᠦᠨ ᠠᠭᠤᠰᠤᠯᠴᠠᠭᠤᠯᠵᠤ᠂ ᠱᠢᠨ᠎ᠡ ᠴᠠᠭ ᠦᠶ᠎ᠡ ᠶ᠋ᠢᠨ ᠲᠠᠯ᠎ᠠ ᠨᠤᠲᠤᠭ ᠤ᠋ᠨ ᠥᠯᠢᠭᠡᠷ ᠢ᠋ ᠨᠠᠩ ᠠᠯᠤᠰ ᠬᠣᠯᠠ᠂ ᠨᠠᠩ ᠥᠷᠭᠡᠨ ᠠᠭᠤᠳᠠᠮ ᠭᠠᠵᠠᠷ ᠲᠦ᠍ ᠳᠡᠯᠭᠡᠷᠡᠬᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号