ᠨᠢᠰᠬᠡᠯ᠎ᠦᠨ ᠪᠢᠯᠧᠲ ᠵᠢᠨᠨ ᠦᠨᠡᠲᠡᠢ ᠬᠤᠳᠠᠯᠳᠤᠨ ᠠᠪᠤᠬᠰᠠᠨ ᠪᠤᠯ ᠦᠨ᠎ᠡ ᠲᠥᠯᠥᠪᠦᠷᠢ ᠦᠭᠡᠢ᠎ᠪᠡᠷ ᠪᠤᠴᠠᠭᠠᠵᠤ ᠪᠣᠯᠣᠨ᠎ᠠ
2026-03-18 15:17:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠺᠤᠮᠫᠠᠨᠢ᠂ ᠳᠤᠮᠳᠠᠳᠤ ᠤᠯᠤᠰ᠎ᠤᠨ ᠳᠣᠷᠣᠨᠠᠳᠠᠬᠢᠨ᠎ᠤ ᠠᠭᠠᠷ᠎ᠤᠨ ᠠᠶᠠᠯᠠᠯ᠎ᠤᠨ ᠺᠤᠮᠫᠠᠨᠢ᠂ ᠳᠤᠮᠳᠠᠳᠤ ᠤᠯᠤᠰ᠎ᠤᠨ ᠡᠮᠦᠨᠡᠲᠦ᠎ᠶᠢᠨ ᠠᠭᠠᠷ᠎ᠤᠨ ᠠᠶᠠᠯᠠᠯ᠎ᠤᠨ ᠺᠤᠮᠫᠠᠨᠢ ᠠᠶᠠᠨᠴᠢᠳ᠎ᠤᠨ ᠡᠷᠬᠡ ᠠᠰᠢᠭ᠋᠎ᠢ ᠬᠠᠮᠠᠭᠠᠯᠠᠬᠤ ᠠᠯᠪᠠᠨ ᠵᠠᠷᠯᠠᠯ ᠨᠡᠢᠲᠡᠯᠡᠵᠦ᠂ ᠪᠢᠯᠧᠲ᠎ᠦᠨ ᠦᠨ᠎ᠡ ᠬᠡᠯᠪᠡᠯᠵᠡᠯ ᠲᠠᠢ ᠪᠤᠯ ᠦᠨ᠎ᠡ ᠲᠥᠯᠥᠪᠦᠷᠢ ᠦᠭᠡᠢ ᠪᠡᠷ ᠪᠢᠯᠧᠲ ᠪᠤᠴᠠᠭᠠᠬᠤ ᠲᠥᠷᠥ᠎ᠶᠢᠨ ᠪᠣᠳᠣᠯᠭ᠎ᠠ᠎ᠶᠢ ᠨᠡᠢᠲᠡᠯᠡᠪᠡ᠃

ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠺᠤᠮᠫᠠᠨᠢ

◆ ᠠᠶᠠᠨᠴᠢᠳ ᠪᠢᠯᠧᠲ ᠬᠤᠳᠠᠯᠳᠤᠨ ᠠᠪᠤᠭᠰᠠᠨ᠎ᠤ ᠳᠠᠷᠠᠭ᠎ᠠ 《ᠳᠤᠮᠳᠠᠳᠤ ᠤᠯᠤᠰ᠎ᠤᠨ ᠤᠯᠠᠨ ᠤᠯᠤᠰ᠎ᠤᠨ ᠠᠭᠠᠷ᠎ᠤᠨ ᠠᠶᠠᠯᠠᠯ》 App ᠪᠤᠶᠤ 《ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ》 ᠭᠡᠬᠦ ᠵᠢᠵᠢᠭ ᠫᠷᠣᠭ᠌ᠷᠠᠮ᠎ᠳᠤ ᠭᠠᠷᠴᠤ᠂ ᠦᠨᠡᠨ ᠨᠡᠷ᠎ᠡ ᠪᠡᠷ ᠳᠠᠩᠰᠠᠯᠠᠭᠤᠯᠪᠠᠯ ᠳᠠᠷᠤᠢ ᠠᠶᠠᠯᠠᠯ ᠪᠠ ᠪᠢᠯᠧᠲ᠎ᠦᠨ ᠦᠨ᠎ᠡ ᠵᠢᠨ ᠭᠠᠢᠯᠢ ᠰᠦᠢᠳᠭᠡᠯ᠎ᠢ ᠪᠠᠢᠴᠠᠭᠠᠨ ᠰᠢᠯᠭᠠᠵᠤ ᠪᠣᠯᠣᠨ᠎ᠠ᠃ ᠬᠡᠷᠪᠡ ᠪᠠᠢᠴᠠᠭᠠᠨ ᠯᠠᠪᠯᠠᠭᠰᠠᠨ ᠦᠷ᠎ᠡ ᠳ᠋ᠦᠩ ᠨᠢ ᠪᠣᠳᠠᠲᠠᠢ ᠲᠠᠢ ᠨᠡᠢᠴᠡᠬᠦ ᠦᠭᠡᠢ ᠪᠠᠢᠬᠤ᠎ᠶᠢ ᠣᠯᠵᠤ ᠮᠡᠳᠡᠪᠡᠯ᠂ 95583 ᠠᠶᠠᠨᠴᠢᠳ᠎ᠤᠨ ᠦᠢᠯᠡᠴᠢᠯᠡᠭᠡᠨ᠎ᠦ ᠬᠠᠯᠠᠮᠰᠢᠯ ᠤᠲᠠᠰᠤ᠎ᠶᠢ ᠤᠲᠠᠰᠤᠳᠠᠵᠤ ᠬᠠᠷᠢᠭᠤ ᠲᠤᠰᠬᠠᠵᠤ ᠪᠤᠯᠤᠨ᠎ᠠ᠃ ᠪᠠᠢᠴᠠᠭᠠᠨ ᠲᠣᠳᠣᠯᠠᠭᠰᠠᠨ᠎ᠤ ᠳᠠᠷᠠᠭ᠎ᠠ᠂ ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠺᠣᠮᠫᠠᠨᠢ ᠠᠶᠠᠨᠴᠢᠳ᠎ᠲᠤ ᠵᠥᠷᠢᠶᠡᠲᠦ ᠦᠨ᠎ᠡ᠎ᠶᠢ ᠪᠤᠴᠠᠭᠠᠵᠤ ᠥᠭᠬᠦ ᠪᠥᠭᠡᠳ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠪᠣᠷᠤᠯᠠᠭᠤᠯᠭ᠎ᠠ᠎ᠶᠢᠨ ᠣᠷᠣᠯᠠᠨ ᠭᠦᠢᠴᠡᠳᠬᠡᠬᠦ ᠬᠡᠯᠡᠯᠴᠡᠭᠡᠷ ᠶᠣᠰᠣᠭᠠᠷ ᠬᠡᠷᠡᠭ᠎ᠲᠦ ᠬᠣᠯᠪᠣᠭᠳᠠᠭᠰᠠᠨ ᠨᠢᠭᠡᠴᠢ᠎ᠳᠦ ᠴᠢᠩᠭ᠎ᠠ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠪᠤᠯᠤᠨ᠎ᠠ᠃

◆ 《ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ》 App ᠵᠢᠴᠢ 《ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ》᠎ᠤᠨ ᠵᠢᠵᠢᠭ ᠫᠷᠣᠭ᠌ᠷᠠᠮ᠎ᠢᠶᠠᠷ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠤᠯᠤᠰ᠎ᠤᠨ ᠳᠣᠲᠣᠭᠠᠳᠤ᠎ᠶᠢᠨ ᠠᠶᠠᠯᠠᠯ᠎ᠤᠨ ᠱᠤᠭᠤᠮ᠎ᠤᠨ ᠭᠠᠭᠴᠠ ᠴᠢᠭᠯᠡᠯ᠎ᠦᠨ ᠰᠢᠭᠤᠳ ᠬᠦᠷᠬᠦ ᠠᠶᠠᠨᠴᠢᠨ᠎ᠤ ᠪᠢᠯᠧᠲ ᠬᠤᠳᠠᠯᠳᠤᠨ ᠠᠪᠤᠬᠰᠠᠨ ᠠᠶᠠᠨᠴᠢᠨ᠂ ᠬᠡᠷᠪᠡ ᠤᠯᠤᠰ᠎ᠤᠨ ᠳᠣᠲᠣᠭᠠᠳᠤ᠎ᠶᠢᠨ ᠳᠤᠷ᠎ᠠ᠎ᠶᠢᠨ ᠨᠢᠭᠡ ᠪᠣᠷᠤᠯᠠᠭᠤᠯᠭ᠎ᠠ᠎ᠶᠢᠨ ᠠᠷᠭ᠎ᠠ ᠵᠠᠮ᠎ᠢᠶᠠᠷ ᠠᠳᠠᠯᠢ ᠨᠢᠭᠡ ᠨᠢᠰᠬᠡᠯ᠎ᠳᠦ ᠰᠠᠭᠤᠭ᠍ᠴᠢ ᠳ᠋ᠦ ᠠᠳᠠᠯᠢ ᠨᠢᠭᠡ ᠠᠶᠠᠯᠠᠯ᠎ᠤᠨ ᠪᠢᠯᠧᠲ᠎ᠢ ᠨᠠᠩ ᠳᠣᠣᠷ᠎ᠠ ᠦᠨ᠎ᠡ ᠪᠡᠷ ᠳᠠᠬᠢᠨᠲᠠ ᠬᠤᠳᠠᠯᠳᠤᠨ ᠠᠪᠤᠬᠰᠠᠨ ᠪᠤᠯ᠂ ᠲᠣᠭᠲᠠᠭᠰᠠᠨ ᠴᠠᠭ᠎ᠤᠨ ᠳᠣᠲᠣᠷ᠎ᠠ᠂ ᠨᠥᠬᠥᠴᠡᠯ᠎ᠳᠦ ᠨᠡᠢᠴᠡᠬᠦ ᠠᠶᠠᠨᠴᠢᠨ᠎ᠤ ᠤᠤᠯ᠎ᠤᠨ ᠪᠢᠯᠧᠲ᠎ᠢ ᠲᠥᠯᠥᠪᠦᠷᠢ ᠦᠭᠡᠢ ᠪᠤᠴᠠᠭᠠᠬᠤ᠎ᠪᠠᠷ ᠭᠤᠶᠤᠴᠢᠯᠠᠵᠤ ᠪᠣᠯᠣᠨ᠎ᠠ᠃

◆ 《ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ》 App ᠵᠢᠴᠢ 《ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ᠎ᠤᠨ ᠠᠶᠠᠯᠠᠯ》᠎ᠤᠨ ᠵᠢᠵᠢᠭ ᠫᠷᠣᠭ᠌ᠷᠠᠮ᠎ᠢᠶᠠᠷ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠨᠢᠰᠬᠡᠯ᠎ᠦᠨ ᠪᠢᠯᠧᠲ ᠬᠤᠳᠠᠯᠳᠤᠨ ᠠᠪᠤᠬᠰᠠᠨ ᠠᠶᠠᠨᠴᠢᠳ 2 + 2 + 2᠎ᠤᠨ ᠰᠠᠨᠠᠭ᠎ᠠ ᠠᠮᠤᠷ ᠪᠢᠯᠧᠲ ᠬᠤᠳᠠᠯᠳᠤᠨ ᠠᠪᠬᠤ ᠪᠠᠲᠤᠯᠠᠭ᠎ᠠ ᠵᠢ ᠭᠥᠷᠳᠡᠵᠦ ᠪᠣᠯᠣᠨ᠎ᠠ᠂ ᠲᠤᠬᠠᠢᠯᠠᠪᠠᠯ ᠵᠢᠯ ᠪᠦᠷᠢ ᠤᠯᠤᠰ᠎ᠤᠨ ᠳᠣᠲᠣᠭᠠᠳᠤ᠎ᠶᠢᠨ ᠰᠢᠯᠲᠠᠭᠠᠨ ᠦᠭᠡᠢ᠎ᠪᠡᠷ ᠪᠢᠯᠧᠲ ᠪᠤᠴᠠᠭᠠᠬᠤ 2 ᠲᠡᠮᠳᠡᠭᠲᠤ + ᠤᠯᠠᠨ ᠤᠯᠤᠰ᠎ᠤᠨ ᠪᠠ ᠭᠠᠵᠠᠷ ᠣᠷᠣᠨ᠎ᠤ ᠰᠢᠯᠲᠠᠭᠠᠨ ᠦᠭᠡᠢ᠎ᠪᠡᠷ ᠪᠢᠯᠧᠲ ᠪᠤᠴᠠᠭᠠᠬᠤ 2 ᠲᠡᠮᠳᠡᠭᠲᠤ + 2 ᠴᠠᠭ᠎ᠤᠨ ᠲᠤᠳᠤᠷ᠎ᠠ ᠲᠦᠯᠦᠪᠦᠷᠢ ᠦᠭᠡᠢ᠂ ᠬᠠᠷᠠᠭᠠᠯᠵᠠᠯ᠎ᠲᠠᠢ ᠪᠢᠯᠧᠲ ᠪᠤᠴᠠᠭᠠᠬᠤ ᠡᠷᠬᠡ ᠠᠰᠢᠭ᠋᠎ᠢ ᠡᠳ᠋ᠯᠡᠭᠦ ᠪᠣᠯᠣᠨ᠎ᠠ᠃

ᠲᠤᠰ ᠬᠣᠯᠪᠣᠭᠠᠰᠤ᠎ᠶ᠋ᠢ ᠲᠣᠪᠴᠢᠳᠠᠵᠤ ᠳᠣᠷᠣᠨᠠᠳᠠᠬᠢᠨ᠎ᠤ ᠠᠭᠠᠷ᠎ᠤᠨ ᠠᠶᠠᠯᠠᠯ᠎ᠤᠨ ᠺᠤᠮᠫᠠᠨᠢ ᠪᠠ ᠡᠮᠦᠨᠡᠲᠤ ᠵᠢᠨ ᠠᠭᠠᠷ᠎ᠤᠨ ᠠᠶᠠᠯᠠᠯ᠎ᠤᠨ ᠺᠤᠮᠫᠠᠨᠢ ᠵᠢᠨ ᠠᠯᠪᠠᠨ ᠵᠠᠷᠯᠠᠯ᠎ᠤᠨ ᠠᠭᠤᠯᠭ᠎ᠠ ᠵᠢ ᠦᠵᠡᠭᠡᠷᠡᠢ᠃

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号