ᠥᠪᠥᠷ ᠮᠣᠩᠭᠣᠯ᠎ᠤᠨ ᠬᠠᠪᠤᠷ᠎ᠤᠨ ᠤᠯᠠᠷᠢᠯ᠎ᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠎ᠶᠢ ᠵᠠᠰᠠᠬᠤ ᠠᠵᠢᠯ ᠡᠬᠢᠯᠡᠪᠡ
2026-03-18 16:35:55
ᠵᠣᠬᠢᠶᠠᠭ᠍ᠴᠢ᠄
ᠵᠠᠩ ᠬᠣᠶ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠄ ᠣᠳᠣᠬᠠᠨ᠎ᠳᠤ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠬᠠᠪᠤᠷ᠎ᠤᠨ ᠤᠯᠠᠷᠢᠯ᠎ᠤᠨ ᠡᠯᠡᠰᠦᠷᠬᠡᠭᠵᠢᠯ᠎ᠢ ᠰᠡᠷᠭᠡᠢᠯᠡᠵᠤ ᠡᠯᠡᠰᠦ ᠵᠢ ᠵᠠᠰᠠᠬᠤ ᠠᠵᠢᠯ᠎ᠢ ᠡᠬᠢᠯᠡᠭᠦᠯᠪᠡ᠃ ᠪᠠᠢᠷᠢᠯᠠᠭᠤᠯᠤᠬᠰᠠᠨ ᠵᠢᠡᠷ 2026 ᠣᠨ᠎ᠳᠤ ᠥᠪᠥᠷ ᠮᠣᠩᠭᠣᠯ 4000 ᠲᠦᠮᠡᠨ ᠮᠦ᠍ ᠭᠠᠵᠠᠷ᠎ᠲᠦ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠬᠢᠨ᠎ᠠ᠂ ᠡᠭᠦᠨ᠎ᠳᠦ 1500 ᠲᠦᠮᠡᠨ ᠮᠦ᠍ ᠭᠠᠵᠠᠷ᠎ᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠨ᠎ᠠ᠃


QQ截图20260207120745.png


ᠠᠯᠠᠱᠠ ᠠᠢᠮᠠᠭ᠎ᠤᠨ 《ᠡᠯᠡᠰᠦᠷᠬᠡᠭᠵᠢᠯ᠎ᠢ ᠰᠡᠷᠭᠡᠢᠯᠡᠵᠤ ᠡᠯᠡᠰᠦ ᠵᠢ ᠵᠠᠰᠠᠬᠤ ᠬᠠᠯᠬᠠᠪᠴᠢ ᠪᠠᠶ᠋ᠢᠭᠤᠯᠵᠤ᠂ ᠬᠠᠲᠤᠨ ᠭᠣᠣᠯ᠎ᠤᠨ ᠠᠮᠤᠷ ᠲᠦᠪᠰᠢᠨ᠎ᠢ ᠪᠠᠳᠤᠯᠠᠵᠦ ᠠᠷᠠᠳ᠎ᠲᠤ ᠠᠰᠢᠭ᠋ ᠬᠦᠷᠲᠡᠭᠡᠬᠦ》 ᠡᠯᠡᠰᠦᠷᠬᠡᠭᠵᠢᠯ᠎ᠢ ᠰᠡᠷᠭᠡᠢᠯᠡᠵᠤ ᠡᠯᠡᠰᠦ ᠵᠢ ᠵᠠᠰᠠᠬᠤ ᠢᠨᠵᠧᠨᠧᠷᠢᠩ᠎ᠢ 2 ᠰᠠᠷ᠎ᠠ᠎ᠶᠢᠨ 28᠎ᠤ ᠡᠳᠦᠷ ᠨᠢᠭᠡᠨᠲᠡ ᠡᠬᠢᠯᠡᠭᠦᠯᠪᠡ᠃ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠶᠡᠷᠦᠩᠬᠡᠢ ᠪᠠᠢᠷᠢᠯᠠᠭᠤᠯᠤᠯᠲᠠ ᠶᠣᠰᠣᠭᠠᠷ᠂ 2026 ᠣᠨ᠎ᠳᠤ᠂ ᠠᠯᠠᠱᠠ ᠠᠢᠮᠠᠭ 240 ᠲᠦᠮᠡᠨ ᠮᠦ᠍ ᠭᠠᠵᠠᠷ᠎ᠤᠨ ᠡᠯᠡᠰᠦᠷᠬᠡᠭᠵᠢᠯ᠎ᠢ ᠰᠡᠷᠭᠡᠢᠯᠡᠵᠤ ᠡᠯᠡᠰᠦ ᠵᠢ ᠵᠠᠰᠠᠬᠤ ᠎ᠪᠠᠷ ᠲᠥᠯᠥᠪᠯᠡᠵᠦ ᠪᠣᠶ᠃

ᠪᠠᠶᠠᠨᠨᠠᠭᠤᠷ ᠬᠣᠲᠠ 2026 ᠣᠨ᠎ᠤ 《ᠤᠮᠠᠷᠠᠲᠤ ᠵᠢᠨ ᠭᠤᠷᠪᠠᠨ ᠤᠷᠤᠨ》᠎ᠤ ᠠᠮᠢ ᠠᠬᠤᠢ᠎ᠶᠢ ᠵᠠᠰᠠᠬᠤ ᠢᠨᠵᠧᠨᠧᠷᠢᠩ᠎ᠢ ᠨᠢᠭᠡᠨᠲᠡ ᠪᠥᠬᠥ ᠲᠠᠯ᠎ᠠ᠎ᠪᠠᠷ ᠡᠬᠢᠯᠡᠭᠦᠯᠵᠦ᠂ 800 ᠲᠦᠮᠡᠨ ᠮᠦ᠍ ᠭᠠᠵᠠᠷ᠎ᠲᠦ ᠣᠶ ᠰᠢᠭᠤᠢ ᠡᠪᠡᠰᠦ ᠪᠡᠯᠴᠢᠭᠡᠷ᠎ᠦᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠬᠢᠬᠦ ᠪᠡᠷ ᠲᠥᠯᠥᠪᠯᠡᠵᠦ᠂ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠲᠥᠯᠦᠪᠵᠢᠭᠦᠯᠭᠡ᠎ᠵᠢᠨ 90% ᠤᠷᠴᠢᠮ᠎ᠢ ᠪᠡᠶᠡᠯᠡᠭᠦᠯᠬᠦ᠎ᠪᠡᠷ ᠪᠠᠢᠨ᠎ᠠ᠃

ᠬᠥᠪᠴᠢ᠎ᠶᠢᠨ ᠡᠯᠡᠰᠦ᠎ᠡᠴᠡ ᠮᠤᠤᠠᠤᠰᠤ᠎ᠶᠢᠨ ᠡᠯᠡᠰᠦᠷᠬᠡᠭ ᠭᠠᠵᠠᠷ ᠬᠦᠷᠲᠡᠯ᠎ᠡ᠂ ᠣᠷᠳᠣᠰ ᠬᠤᠳᠠ᠎ᠶᠢᠨ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ ᠨᠢᠭᠡᠨᠲᠡ ᠪᠦᠬᠦ ᠲᠠᠯ᠎ᠠ᠎ᠪᠠᠷ ᠡᠬᠢᠯᠡᠪᠡ᠃ 2026 ᠣᠨ᠎ᠳᠤ᠂ ᠣᠷᠳᠣᠰ ᠬᠣᠲᠠ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ 1400 ᠲᠦᠮᠡᠨ ᠮᠦ᠍ ᠪᠡᠶᠡᠯᠡᠭᠦᠯᠬᠦ᠎ᠪᠡᠷ ᠴᠢᠷᠮᠠᠢᠵᠤ᠂ ᠡᠭᠦᠨ᠎ᠳᠦ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ ᠲᠠᠯᠠᠪᠠᠶ ᠵᠢ 600 ᠲᠦᠮᠡᠨ ᠮᠦ᠍ ᠳ᠋ᠤ ᠬᠦᠷᠭᠡᠨ᠎ᠠ; ᠬᠥᠪᠴᠢ᠎ᠶᠢᠨ ᠡᠯᠡᠰᠦᠨ᠎ᠦ 《ᠭᠡᠷᠡᠯᠴᠢ ᠴᠡᠨᠡᠭ᠎ᠦᠨ ᠣᠷᠳᠣ᠌ ᠴᠠᠭᠠᠨ ᠬᠡᠷᠡᠮ》᠎ᠤᠨ ᠪᠦᠲᠦᠭᠡᠨ ᠪᠠᠢᠭᠤᠯᠤᠯᠲᠠ᠎ᠶᠢ ᠪᠥᠬᠥ ᠬᠦᠴᠦᠨ᠎ᠢᠶᠡᠷ ᠠᠬᠢᠭᠤᠯᠵᠤ᠂ ᠵᠢᠯ᠎ᠦᠨ ᠡᠴᠦᠰ ᠪᠣᠯᠬᠤ᠎ᠳᠤ ᠭᠡᠷᠡᠯᠴᠢ ᠴᠡᠨᠡᠭ᠎ᠢᠶᠡᠷ 100 ᠲᠦᠮᠡᠨ ᠮᠦ᠍ ᠡᠯᠡᠰᠦ᠎ᠶᠢ ᠵᠠᠰᠠᠬᠤ᠎ᠪᠠᠷ ᠴᠢᠷᠮᠠᠢᠨ᠎ᠠ; 740  ᠺᠢᠯᠣᠮᠧᠲᠷ᠎ᠦᠨ 《ᠵᠠᠮ᠎ᠢᠶᠠᠷ ᠡᠯᠡᠰᠦ᠎ᠶᠢ ᠵᠠᠰᠠᠬᠤ》 ᠲᠥᠷᠥᠯ ᠵᠦᠢᠯ᠎ᠢ ᠠᠬᠢᠭᠤᠯᠵᠤ᠂ 76 ᠲᠦᠮᠡᠨ ᠮᠦ᠍  ᠭᠠᠵᠠᠷ ᠎ᠤᠨ ᠠᠮᠢ ᠠᠬᠤᠢ᠎ᠶᠢᠨ ᠵᠠᠰᠠᠯᠲᠠ᠎ᠶᠢ ᠳᠠᠶ᠋ᠢᠴᠢᠯᠠᠨ᠎ᠠ᠃

ᠲᠠᠨᠢᠯᠴᠠᠭᠤᠯᠤᠭᠰᠠᠨ᠎ᠢᠶᠠᠷ᠂ 2026 ᠣᠨ᠎ᠳᠤ᠂ ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠂ ᠡᠯᠡᠰᠦ᠎ᠶᠢ ᠵᠠᠰᠠᠬᠤ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠦᠨ᠎ᠡ᠄ ᠭᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ᠎ᠶᠢ ᠯᠠᠪᠳᠠᠭᠤᠨ᠎ᠢᠶᠠᠷ ᠠᠬᠢᠭᠤᠯᠤᠨ᠎ᠠ; 《ᠵᠠᠮ᠎ᠢᠶᠠᠷ ᠡᠯᠡᠰᠦ᠎ᠶᠢ ᠵᠠᠰᠠᠬᠤ》᠎ᠶᠢ ᠪᠦᠬᠦ ᠲᠠᠯ᠎ᠠ᠎ᠪᠠᠷ ᠠᠬᠢᠭᠤᠯᠵᠤ᠂ ᠰᠥᠨᠥᠭᠡᠬᠦ ᠣᠷᠣᠨ᠎ᠠᠴᠠ ᠪᠤᠭᠤᠮᠲᠠ ᠰᠢᠪᠲᠤᠯᠬᠤ ᠣᠷᠣᠨ᠂ ᠬᠣᠷᠢᠭ᠍ᠯᠠᠨ ᠴᠣᠬᠢᠬᠤ ᠣᠷᠣᠨ ᠲᠡᠢᠰᠢ ᠥᠷᠭᠡᠵᠢᠬᠦ᠎ᠶᠢ ᠠᠬᠢᠭᠤᠯᠵᠤ᠂ ᠡᠯᠡᠰᠦ ᠳᠤᠭᠤᠯᠤᠭᠰᠠᠨ ᠵᠠᠰᠠᠮᠠᠯ ᠵᠠᠮ᠎ᠢ 2600 ᠺᠢᠯᠣᠮᠧᠲᠷ ᠰᠢᠨ᠎ᠡ᠎ᠪᠡᠷ ᠥᠭᠡᠷᠡᠴᠢᠯᠡᠨ ᠪᠠᠢᠭᠤᠯᠵᠤ᠂ 300 ᠲᠦᠮᠡᠨ ᠮᠦ᠍ ᠡᠯᠡᠰᠦ᠎ᠶᠢ ᠵᠠᠰᠠᠬᠤ᠎ᠶᠢ ᠳᠠᠶ᠋ᠢᠴᠢᠯᠠᠨ᠎ᠠ; ᠮᠠᠰᠢᠨ᠎ᠢᠶᠠᠷ ᠡᠯᠡᠰᠦ ᠵᠢ ᠵᠠᠰᠠᠬᠤ᠎ᠶᠢ ᠳᠡᠯᠭᠡᠷᠡᠭᠦᠯᠵᠦ᠂ ᠣᠶ ᠮᠣᠳᠣ᠌ ᠲᠠᠷᠢᠬᠤ ᠣᠶᠤᠨᠲᠤ ᠮᠠᠰᠢᠨ ᠬᠥᠮᠥᠨ᠂ ᠡᠯᠡᠰᠦᠨ᠎ᠦ ᠬᠠᠯᠬᠠᠪᠴᠢ ᠳᠡᠪᠢᠰᠬᠦ ᠮᠠᠰᠢᠨ ᠵᠡᠷᠭᠡ ᠡᠯᠡᠰᠦ ᠵᠢ ᠵᠠᠰᠠᠬᠤ ᠲᠡᠷᠢᠭᠦᠨ᠎ᠦ ᠮᠠᠰᠢᠨ ᠲᠣᠨᠣᠭᠯᠠᠯ᠎ᠢ ᠳᠡᠯᠭᠡᠷᠡᠭᠦᠯᠦᠨ ᠬᠡᠷᠡᠭᠯᠡᠬᠦ ᠡᠷᠴᠢᠮ᠎ᠢ ᠨᠡᠮᠡᠭᠳᠡᠭᠦᠯᠵᠦ᠂ ᠮᠠᠰᠢᠨ᠎ᠢᠶᠠᠷ ᠡᠯᠡᠰᠦᠷᠬᠡᠭᠵᠢᠯ᠎ᠢ ᠵᠠᠰᠠᠬᠤ ᠪᠦᠷᠬᠦᠴᠡ᠎ᠶᠢᠨ ᠨᠣᠷᠮ᠎ᠠ᠎ᠶᠢ 55% ᠎ᠳᠤ ᠬᠦᠷᠦᠭᠦᠯᠦᠨ᠎ᠡ; ᠲᠤᠬᠠᠢ᠎ᠶᠢᠨ ᠭᠠᠵᠠᠷ᠎ᠤᠨ ᠮᠠᠯᠴᠢᠨ ᠲᠠᠷᠢᠶᠠᠴᠢᠳ᠎ᠢ ᠵᠣᠬᠢᠶᠠᠨ ᠪᠠᠢᠭᠤᠯᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ᠎ᠳᠤ ᠣᠷᠣᠯᠴᠠᠭᠤᠯᠵᠤ᠂ ᠪᠦᠬᠦ ᠵᠢᠯ᠎ᠳᠦ ᠬᠥᠳᠡᠯᠮᠦᠷᠢ ᠦᠢᠯᠡᠴᠢᠯᠡᠭᠡᠨ᠎ᠦ ᠬᠥᠯᠥᠰᠦ ᠣᠯᠭᠣᠮᠵᠢ᠎ᠶᠢ 10 ᠳ᠋ᠦᠩᠰᠢᠭᠤᠷ ᠲᠥᠭᠥᠷᠢᠭ᠎ᠡᠴᠡ ᠳᠡᠭᠡᠭᠰᠢ ᠣᠯᠭᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号