ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ
ᠠᠯᠪᠠᠨ ᠭᠡᠷ᠎ᠦᠨ ᠡᠷᠭᠢᠯᠡᠭᠰᠡᠨ 《ᠬᠡᠷᠡᠭᠯᠡᠭᠡ᠎ᠶᠢ ᠰᠢᠯᠢᠳᠡᠭᠵᠢᠭᠦᠯᠵᠦ᠂ ᠬᠡᠷᠡᠭᠯᠡᠭᠴᠢᠳ᠎ᠦᠨ ᠬᠠᠤᠯᠢ ᠶᠣᠰᠣᠨ᠎ᠤ ᠡᠷᠬᠡ
ᠠᠰᠢᠭ᠋᠎ᠢ ᠬᠠᠮᠠᠭᠠᠯᠠᠬᠤ》 ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ
ᠣᠢᠯᠠᠭᠠᠭᠰᠠᠨ ᠵᠢᠡᠷ᠂ ᠥᠪᠥᠷ ᠮᠣᠩᠭᠣᠯ ᠵᠠᠬ᠎ᠠ ᠳᠡᠯᠭᠡᠭᠦᠷ᠎ᠦᠨ
ᠡᠮᠬᠢ ᠵᠢᠷᠤᠮ᠎ᠢ ᠵᠢᠷᠤᠮᠵᠢᠭᠤᠯᠵᠤ᠂ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ᠎ᠪᠠᠷ ᠬᠦᠴᠦᠯᠡᠨ ᠴᠢᠷᠮᠠᠢᠵᠤ᠂
ᠠᠬᠤᠢ ᠳᠠᠯᠠᠪᠠᠢ ᠵᠢᠨ ᠰᠠᠨᠠᠭ᠎ᠠ ᠠᠮᠤᠷ ᠬᠡᠷᠡᠭᠯᠡᠭᠡ᠎ᠶᠢᠨ 《ᠬᠣᠣᠰ ᠠᠮᠠᠯᠠᠯᠲᠠ》 ᠶᠢᠨ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠢᠳᠡᠭᠡᠨ ᠤᠮᠳᠠᠭᠠᠨ᠂
ᠭᠡᠷ᠎ᠦᠨ ᠴᠠᠬᠢᠯᠭᠠᠨ ᠬᠡᠷᠡᠭᠰᠡᠯ᠂ ᠵᠢᠵᠢᠭᠯᠡᠨ ᠬᠤᠳᠠᠯᠳᠤᠬᠤ ᠵᠡᠷᠭᠡ ᠠᠵᠢᠯ ᠲᠥᠷᠥᠯ᠎ᠦᠨ 1423 ᠡᠵᠡᠩᠨᠡᠯᠲᠡ᠎ᠶᠢᠨ
ᠭᠣᠣᠯ ᠴᠣᠭᠴᠠ᠎ᠶᠢ ᠬᠥᠲᠥᠯᠥᠨ ᠵᠢᠯᠤᠭᠣᠳᠴᠤ ᠪᠠᠢᠭᠠᠳ ᠰᠢᠯᠲᠠᠭᠠᠨ ᠦᠭᠡᠢ᠎ᠪᠡᠷ ᠪᠠᠷᠠᠭ᠎ᠠ ᠪᠤᠴᠠᠭᠠᠵᠤ ᠰᠣᠯᠢᠬᠤ
ᠵᠢ ᠵᠦᠪᠰᠢᠶᠡᠷᠡᠬᠦ ᠠᠮᠠᠯᠠᠯᠲᠠ ᠬᠢᠯᠭᠡᠵᠡᠢ᠃
ᠵᠠᠬ᠎ᠠ ᠳᠡᠯᠭᠡᠭᠦᠷ᠎ᠦᠨ ᠡᠮᠬᠢ
ᠳᠢᠭ᠌ᠯᠢᠮ᠎ᠢ ᠵᠢᠷᠤᠮᠵᠢᠭᠤᠯᠬᠤ ᠲᠠᠯ᠎ᠠ᠎ᠪᠠᠷ᠂ ᠥᠪᠥᠷ ᠮᠣᠩᠭᠣᠯ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ 《ᠳᠡᠮᠦᠷ ᠨᠢᠳᠤᠷᠭ᠎ᠠ》 ᠰᠠᠬᠢᠨ ᠬᠠᠮᠠᠭᠠᠯᠠᠬᠤ ᠠᠵᠢᠯᠯᠠᠭ᠎ᠠ᠎ᠶᠢ
ᠭᠦᠨᠵᠡᠭᠡᠢᠷᠡᠭᠦᠯᠵᠦ᠂ ᠬᠤᠳᠠᠯ ᠬᠠᠭᠤᠷᠮᠠᠭ ᠶᠠᠭᠤᠮ᠎ᠠ ᠬᠣᠯᠢᠬᠤ᠂ ᠵᠢᠩ ᠯᠠᠩ ᠳᠤᠲᠠᠬᠤ᠂ ᠬᠤᠳᠠᠯ ᠬᠠᠭᠤᠷᠮᠠᠭ
ᠦᠨᠡᠮᠯᠡᠯ ᠵᠢᠡᠷ ᠵᠠᠬᠢᠶᠠᠯᠠᠭ᠎ᠠ ᠵᠢᠨ ᠬᠤᠭᠤᠯᠠᠨ ᠭᠡᠷ ᠡᠷᠬᠢᠯᠡᠬᠦ ᠵᠡᠷᠭᠡ ᠬᠡᠷᠡᠭᠯᠡᠭᠡᠨ᠎ᠦ ᠠᠰᠠᠭᠤᠳᠠᠯ᠎ᠢ
ᠪᠠᠢᠩᠭᠤᠵᠢᠭᠤᠯᠤᠨ ᠴᠡᠭᠴᠡᠯᠡᠨ ᠵᠠᠰᠠᠪᠠ᠃ 2025 ᠣᠨ᠎ᠳᠤ᠂ ᠪᠥᠬᠥ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ
ᠬᠠᠮᠢᠶᠠᠷᠤᠯᠲᠠ᠎ᠶᠢᠨ ᠰᠠᠯᠠᠭ᠎ᠠ ᠮᠥᠴᠢᠷ ᠡᠯ᠎ᠡ ᠲᠥᠷᠥᠯ᠎ᠦᠨ ᠬᠠᠤᠯᠢ ᠡᠴᠡ ᠵᠥᠷᠢᠴᠡᠭᠰᠡᠨ ᠬᠡᠷᠡᠭ᠎ᠢ ᠨᠡᠶ᠋ᠢᠲᠡ
1.8 ᠲᠦᠮᠡᠨ ᠬᠤᠪᠢ ᠪᠠᠢᠴᠠᠭᠠᠨ ᠰᠢᠢᠳᠪᠦᠷᠢᠯᠡᠵᠦ᠂ 1.2 ᠳ᠋ᠦᠩᠰᠢᠭᠤᠷ ᠲᠥᠭᠥᠷᠢᠭ᠎ᠦᠨ ᠵᠣᠭᠣᠰ ᠳᠤᠷᠭᠠᠵᠤ᠂ 13
ᠬᠠᠷ᠎ᠠ ᠦᠢᠯᠡᠳᠪᠦᠷᠢ᠂ ᠬᠠᠷ᠎ᠠ ᠦᠢᠯᠡᠳᠬᠡᠯ᠎ᠦᠨ ᠭᠠᠵᠠᠷ ᠪᠠ ᠬᠠᠷ᠎ᠠ ᠡᠭᠦᠷ᠎ᠢ ᠴᠡᠪᠡᠷᠯᠡᠨ ᠬᠦᠴᠦᠨ ᠦᠭᠡᠢ ᠪᠣᠯᠭᠠᠪᠠ᠃
ᠲᠣᠭᠠᠴᠢᠯᠠᠭᠰᠠᠨ ᠬᠡᠷᠡᠭᠯᠡᠭᠡ᠎ᠶᠢᠨ ᠬᠠᠨᠳᠤᠰᠢ᠎ᠳᠤ ᠵᠣᠬᠢᠴᠠᠭᠤᠯᠤᠨ᠂ 《ᠥᠪᠥᠷ ᠮᠣᠩᠭᠣᠯ᠎ᠤᠨ ᠰᠢᠭᠤᠳ ᠨᠡᠪᠲᠡᠷᠡᠭᠦᠯᠬᠡ ᠵᠢᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ
ᠬᠠᠮᠢᠶᠠᠷᠤᠯᠲᠠ᠎ᠶᠢᠨ ᠦᠢᠯᠡᠴᠢᠯᠡᠭᠡᠨ᠎ᠦ ᠵᠢᠷᠤᠮᠵᠢᠯ》᠎ᠢ ᠨᠡᠢᠲᠡᠯᠡᠵᠦ᠂ 《ᠰᠦᠯᠵᠢᠶ᠎ᠡ᠎ᠶᠢ ᠴᠡᠪᠡᠷᠰᠢᠭᠦᠯᠦᠨ ᠰᠤᠷᠪᠤᠯᠵᠢ᠎ᠶᠢ ᠴᠡᠪᠡᠷᠯᠡᠬᠦ》 ᠲᠤᠰᠬᠠᠢ ᠠᠵᠢᠯᠯᠠᠭ᠎ᠠ᠎ᠶᠢ ᠥᠷᠨᠢᠭᠦᠯᠵᠦ᠂ ᠰᠦᠯᠵᠢᠶ᠎ᠡ ᠪᠡᠷ ᠠᠷᠠᠯᠵᠢᠶᠠᠯᠠᠬᠤ ᠠᠮᠢ ᠠᠬᠤᠢ᠎ᠶᠢ ᠰᠢᠯᠢᠳᠡᠭᠵᠢᠭᠦᠯᠪᠡ᠃
ᠡᠭᠦᠨ᠎ᠦ ᠬᠠᠮᠲᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ 2025 ᠣᠨ᠎ᠤ ᠢᠳᠡᠭᠡᠨ᠎ᠦ ᠠᠮᠤᠷ
ᠲᠦᠪᠰᠢᠨ᠎ᠦ ᠰᠤᠭᠤᠴᠢᠨ ᠪᠠᠢᠴᠠᠭᠠᠯᠲᠠ᠎ᠳᠤ ᠬᠢᠷᠢ ᠲᠡᠩᠴᠡᠭᠰᠡᠨ ᠨᠤᠷᠮ᠎ᠠ 96.8% ᠳ᠋ᠤ ᠬᠦᠷᠴᠦ᠂ ᠭᠣᠣᠯᠳᠠᠯᠭ᠎ᠠ᠎ᠲᠠᠢ ᠠᠵᠤ ᠦᠢᠯᠡᠳᠪᠦᠷᠢ᠎ᠶᠢᠨ
ᠦᠢᠯᠡᠳᠬᠦᠨ᠎ᠦ ᠰᠤᠭᠤᠴᠢᠨ ᠪᠠᠢᠴᠠᠭᠠᠯᠲᠠ᠎ᠳᠤ ᠬᠢᠷᠢ ᠲᠡᠩᠴᠡᠭᠰᠡᠨ ᠨᠤᠷᠮ᠎ᠠ 94% ᠳ᠋ᠤ ᠬᠦᠷᠴᠦ᠂ ᠡᠮ᠎ᠦᠨ ᠵᠦᠢᠯᠡᠰ᠎ᠦᠨ
ᠰᠤᠭᠤᠴᠢᠨ ᠪᠠᠢᠴᠠᠭᠠᠯᠲᠠ᠎ᠳᠤ ᠬᠢᠷᠢ ᠲᠡᠩᠴᠡᠭᠰᠡᠨ ᠨᠤᠷᠮ᠎ᠠ 99.6% ᠳ᠋ᠤ ᠬᠦᠷᠦᠭᠰᠡᠨ ᠪᠥᠭᠡᠳ 11 ᠵᠦᠢᠯ᠎ᠦᠨ
ᠣᠨᠴᠠ ᠲᠦᠷᠦᠯ᠎ᠦᠨ ᠲᠤᠨᠤᠭ ᠲᠥᠬᠦᠭᠡᠷᠦᠮᠵᠢ᠎ᠳᠦ ᠭᠡᠮ ᠰᠣᠭᠣᠭ᠎ᠤᠨ ᠪᠠᠢᠴᠠᠭᠠᠯᠲᠠ ᠬᠢᠵᠦ᠂ ᠤᠯᠠᠨ ᠲᠦᠮᠡᠨ᠎ᠦ ᠠᠮᠤᠷ
ᠲᠦᠪᠰᠢᠨ᠎ᠢ ᠪᠦᠬᠦ ᠲᠠᠯ᠎ᠠ᠎ᠪᠠᠷ ᠰᠠᠬᠢᠨ ᠬᠠᠮᠠᠭᠠᠯᠠᠪᠠ᠃
ᠬᠡᠷᠡᠭᠯᠡᠭᠡ ᠵᠢᠨ ᠡᠷᠬᠡ
ᠠᠰᠢᠭ᠎ᠢ ᠬᠠᠮᠠᠭᠠᠯᠠᠬᠤ ᠬᠦᠷᠢᠶᠡᠨ᠎ᠳᠦ᠂ ᠥᠪᠥᠷ ᠮᠣᠩᠭᠣᠯ ᠣᠯᠠᠨ ᠵᠦᠢᠯ᠎ᠦᠨ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ
ᠭᠠᠷᠭᠠᠪᠠ᠃ ᠪᠦᠬᠦ ᠤᠯᠤᠰ᠎ᠤᠨ 12315 ᠲᠠᠪᠴᠠᠩ ᠪᠣᠯᠣᠨ ᠪᠦᠬᠦ ᠣᠷᠣᠨ᠎ᠤ 12345 ᠬᠠᠯᠠᠮᠰᠢᠯ ᠤᠲᠠᠰᠤ᠎ᠶᠢ ᠠᠭᠤᠰᠤᠯᠴᠠᠭᠤᠯᠤᠨ
ᠨᠠᠪᠲᠠᠷᠡᠭᠦᠯᠵᠦ᠂ 2025 ᠣᠨ᠎ᠳᠤ 46.5 ᠲᠦᠮᠡᠨ ᠬᠤᠪᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ
ᠠᠪᠴᠤ᠂ ᠬᠡᠷᠡᠭᠯᠡᠭᠴᠢᠳ᠎ᠲᠦ 6100 ᠭᠠᠷᠤᠢ ᠲᠦᠮᠡᠨ ᠲᠥᠭᠥᠷᠢᠭ᠎ᠦᠨ ᠬᠣᠬᠢᠷᠠᠯ᠎ᠢ ᠡᠭᠡᠭᠦᠯᠦᠨ ᠠᠪᠴᠢᠷᠠᠪᠠ᠃