ᠤᠢᠷ᠎ᠠ ᠵᠢᠨ ᠡᠳᠦᠷ᠂ ᠬᠥᠬᠡᠬᠣᠲᠠ ᠶ᠋ᠢᠨ ᠵᠠᠯᠠᠭᠤᠴᠤᠳ ᠪᠠᠭᠠᠴᠤᠳ᠎ᠤᠨ ᠠᠵᠢᠯᠯᠠᠭᠠᠨ᠎ᠤ ᠲᠥᠪ 《ᠤᠭ ᠵᠤᠷᠢᠯᠳᠠ ᠵᠢ ᠳᠠᠪᠲᠠᠨ ᠪᠣᠯᠪᠠᠰᠤᠷᠠᠭᠤᠯᠵᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ ᠡᠷᠡᠯᠬᠡᠭᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ᠎ᠵᠢ ᠵᠣᠷᠢᠭ᠍ᠲᠠᠢ᠎ᠪᠠᠷ ᠡᠭᠦᠷᠭᠡᠯᠡᠨ ᠰᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠰᠤᠭᠠᠢ》 ᠭᠡᠬᠦ ᠭᠣᠣᠯ ᠰᠡᠳᠦᠪᠳᠤ 2026 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯᠤᠷᠤᠪᠠ᠃ ᠲᠤᠰ ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠵᠢ ᠪᠠᠳᠠᠷᠠᠭᠤᠯᠬᠤ᠂ ᠡᠷᠡᠭᠦᠯ ᠮᠡᠨᠳᠤ ᠠᠮᠤᠷ ᠲᠦᠪᠰᠢᠨ᠎ᠦ ᠬᠥᠮᠦᠵᠢᠯ᠎ᠢ ᠪᠡᠶᠡᠴᠢᠯᠡᠨ ᠣᠢᠯᠠᠭᠠᠬᠤ ᠬᠢᠴᠢᠶᠡᠯᠲᠤᠬᠢᠷᠠᠭᠤᠯᠵᠤ᠂ ᠵᠠᠯᠠᠭᠤᠴᠤᠳ ᠪᠠᠭᠠᠴᠤᠳ᠎ᠤᠨ ᠰᠤᠶᠤᠯ᠎ᠤᠨ ᠢᠳᠡᠭᠡᠯ᠎ᠢ ᠨᠡᠮᠡᠭᠳᠡᠬᠦᠯᠵᠦ ᠬᠦᠴᠦᠨ ᠴᠢᠳᠠᠯ᠎ᠢ ᠨᠢᠭ᠍ᠲᠠᠷᠠᠭᠤᠯᠬᠤ ᠵᠢ ᠬᠦᠴᠦᠯᠡᠨ ᠵᠢᠯᠤᠭᠤᠳᠪᠠ᠃
ᠲᠠᠭᠤᠤ ᠬᠥᠭᠵᠢᠮ᠎ᠦᠨ ᠬᠡᠯᠲᠡᠰ᠎ᠦᠨ ᠪᠠᠭ᠍ᠰᠢ 《ᠰᠡᠷᠡᠯ ᠮᠣᠷᠢ》 ᠭᠡᠬᠦ ᠪᠦᠳᠦᠭᠡᠯ᠎ᠢ ᠬᠦᠭᠵᠢᠮᠳᠡ ᠠᠵᠢᠯᠯᠠᠭ᠎ᠠ ᠵᠢᠨ ᠬᠥᠰᠢᠭᠡ᠎ᠵᠢ ᠰᠡᠬᠦᠪᠡ᠃ ᠲᠤᠬᠠᠢ᠎ᠶᠢᠨ ᠲᠠᠯᠠᠪᠤᠷ᠎ᠲᠤ ᠰᠢᠨ᠎ᠡ ᠵᠢᠯ᠎ᠤᠨ ᠠᠭᠤᠯᠭ᠎ᠠ ᠪᠦᠬᠦᠢ ᠺᠠᠷᠲ ᠪᠦᠷᠢᠳᠬᠡᠬᠦᠯᠬᠦ ᠬᠡᠷᠡᠮ ᠵᠢᠴᠢ ᠠᠰᠠᠭᠤᠯᠲᠠ ᠬᠠᠷᠢᠭᠤᠯᠲᠠ᠎ᠶᠢᠨ ᠭᠣᠭᠴᠣᠭ᠎ᠠ᠎ᠶᠢ ᠪᠠᠢᠷᠢᠯᠠᠭᠤᠯᠵᠤ᠂ ᠤᠯᠠᠭᠠᠨ ᠪᠦᠴᠡᠲᠡᠨ ᠲᠠᠢᠯᠪᠤᠷᠢᠯᠠᠭ᠍ᠴᠢ ᠪᠣᠯᠣᠨ ᠰᠤᠷᠤᠭ᠍ᠴᠢᠳ 《ᠮᠣᠷᠢ》 ᠵᠢᠨ ᠳᠤᠬᠠᠢ ᠬᠡᠪᠰᠢᠮᠡᠯ ᠬᠡᠯᠡᠯᠭᠡ ᠶᠢᠨ ᠲᠣᠭᠣᠷᠢᠨ᠎ᠳᠤ ᠬᠠᠷᠢᠯᠴᠠᠨ ᠬᠥᠳᠡᠯᠦᠯᠴᠡᠵᠦ᠂ ᠲᠡᠰᠪᠦᠷᠢ ᠬᠠᠳᠠᠭᠤᠵᠢᠯᠳᠠᠢ᠂ ᠴᠤᠴᠠᠯᠳᠠ ᠦᠭᠡᠢ ᠤᠷᠤᠭᠰᠢᠯᠠᠬᠤ᠂ ᠵᠤᠷᠢᠭᠰᠠᠨ ᠳ᠋ᠠᠭᠠᠨ ᠵᠠᠪᠠᠯ ᠬᠦᠷᠬᠦ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠳᠠᠮᠵᠢᠭᠤᠯᠵᠠᠢ᠃ ᠵᠢᠭᠠᠬᠤ ᠵᠢ ᠰᠤᠳᠤᠯᠬᠤ ᠪᠠ ᠠᠵᠢᠯᠯᠠᠭᠠᠨ᠎ᠤ ᠬᠡᠯᠲᠡᠰ᠎ᠤᠨ ᠬᠢᠨ 《ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ — ᠮᠤᠷᠢ ᠰᠡᠢᠯᠬᠦ》 ᠠᠵᠢᠯᠯᠠᠭ᠎ᠠ ᠥᠷᠨᠢᠭᠦᠯᠵᠦ᠂ ᠦᠢᠯᠡᠳᠦᠯᠭᠡ᠎ᠶᠢᠨ ᠳᠤᠮᠳᠠ ᠤᠷᠠᠨ ᠳᠠᠷᠬᠠᠨ᠎ᠤ ᠵᠤᠷᠢᠭ ᠰᠠᠨᠠᠭ᠎ᠠ ᠵᠢ ᠲᠠᠮᠵᠢᠭᠤᠯᠪᠠ᠃ ᠪᠥᠵᠢᠭ᠎ᠦᠨ ᠬᠡᠯᠲᠡᠰ᠂ ᠳᠠᠭᠤᠤ ᠬᠥᠭᠵᠢᠮ᠎ᠦᠨ ᠬᠡᠯᠲᠡᠰ᠂ ᠰᠢᠨᠵᠢᠯᠡᠬᠦ ᠤᠬᠠᠭᠠᠨ ᠪᠡᠶ᠎ᠡ᠎ᠶᠢᠨ ᠲᠠᠮᠢᠷ᠎ᠤᠨ ᠬᠡᠯᠲᠡᠰ᠎ᠦᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠳᠤ ᠴᠤᠭᠴᠠᠯᠠᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ 《ᠠᠨᠠᠷ᠎ᠤᠨ ᠦᠷ᠎ᠡ ᠪᠦᠵᠢᠭᠯᠡᠬᠦᠢ》᠂ ᠴᠠᠭᠠᠨ ᠰᠠᠷ᠎ᠠ᠎ᠶᠢᠨ ᠦᠳᠡᠰᠢᠯᠡᠭᠡ᠎ᠶᠢᠨ ᠤᠷᠠᠨ ᠰᠠᠢᠬᠠᠨ᠎ᠤ ᠪᠦᠲᠦᠭᠡᠯ ᠢ ᠠᠭᠤᠳᠠᠯᠬᠤ ᠵᠢᠴᠢ 《ᠦᠨᠳᠦᠰᠦᠲᠡᠨ᠎ᠨᠦᠭᠦᠳ ᠪᠦᠯᠬᠦᠮᠳᠡᠵᠦ ᠨᠢᠭᠡ ᠭᠡᠷ᠎ᠤᠨ ᠬᠦᠮᠦᠨ ᠮᠡᠳᠤ ᠳᠤᠳᠤᠨᠤ ᠪᠠᠢᠬᠤ》 ᠵᠢᠷᠤᠭ ᠲᠦᠷᠰᠦ ᠵᠢ ᠨᠡᠢᠯᠡᠭᠦᠯᠬᠦ ᠠᠵᠢᠯᠯᠠᠭ᠎ᠠ ᠥᠷᠨᠢᠭᠦᠯᠵᠡᠢ; ᠤᠷᠠᠨ ᠵᠢᠷᠤᠭ᠎ᠤᠨ ᠬᠡᠯᠲᠡᠰ᠂ ᠰᠡᠳᠬᠢᠯ᠎ᠦᠨ ᠦᠭᠡ ᠪᠡᠨ ᠬᠡᠯᠡᠬᠦ ᠬᠡᠯᠲᠡᠰ᠎ᠤᠨ ᠬᠢᠨ ᠰᠡᠳᠬᠢᠴᠡ ᠶ᠋ᠢᠨ ᠡᠷᠡᠭᠦᠯ ᠮᠡᠨᠳᠦ ᠶ᠋ᠢᠨ ᠵᠢᠷᠤᠭ᠂ ᠰᠡᠳᠬᠢᠴᠡ ᠶ᠋ᠢᠨ ᠪᠦᠯᠬᠦᠮ᠎ᠦᠨ ᠬᠠᠪᠰᠤᠷᠤᠮᠵᠢ ᠦᠵᠡᠬᠦᠯᠬᠦ ᠵᠢᠴᠢ ᠵᠡᠪᠰᠡᠭ᠎ᠦᠨ ᠡᠷᠳᠡᠮ᠎ᠦᠨ ᠪᠣᠯᠪᠠᠰᠤᠷᠠᠯ ᠵᠡᠷᠭᠡ ᠬᠡᠯᠪᠡᠷᠢ᠎ᠪᠡᠷ ᠡᠷᠡᠭᠦᠯ ᠮᠡᠨᠳᠦ ᠶ᠋ᠢᠨ ᠬᠥᠮᠦᠵᠢᠯ᠎ᠦᠨ ᠠᠩᠬᠠᠨ᠎ᠤ ᠬᠢᠴᠢᠶᠡᠯ ᠢ᠋ ᠰᠠᠢᠳᠤᠷ ᠤᠷᠤᠪᠠ᠃ ᠡᠯ᠎ᠡ ᠬᠡᠯᠳᠡᠰ ᠲᠠᠰᠤᠭ᠎ᠤᠨ ᠬᠢᠨ ᠪᠠᠰᠠ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠂ ᠭᠠᠯ ᠰᠡᠷᠭᠡᠢᠯᠡᠵᠦ ᠭᠠᠯ ᠤᠨᠳᠠᠷᠠᠭᠠᠬᠤ ᠠᠮᠤᠷ ᠲᠦᠪᠰᠢᠨ᠂ ᠤᠰᠤᠨ᠎ᠳᠤ ᠴᠠᠴᠠᠬᠤ ᠵᠢ ᠰᠡᠷᠭᠡᠢᠯᠡᠬᠦ ᠠᠮᠤᠷ ᠲᠦᠪᠰᠢᠨ᠎ᠦ ᠬᠥᠮᠦᠵᠢᠯ᠎ᠢ ᠥᠷᠨᠢᠭᠦᠯᠵᠦ᠂ ᠰᠤᠷᠤᠭ᠍ᠴᠢᠳ᠎ᠤᠨ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠪᠡ᠃
ᠲᠤᠰ ᠤᠳᠠᠭ᠎ᠠ᠎ᠶᠢᠨ ᠠᠵᠢᠯᠯᠠᠭ᠎ᠠ᠎ᠨᠢ ᠤᠯᠠᠮᠵᠢᠯᠠᠯᠲᠤ ᠰᠣᠶᠣᠯ᠂ ᠦᠨᠳᠦᠰᠦᠲᠡᠨ᠎ᠦ ᠪᠦᠯᠬᠦᠮᠳᠡᠯ ᠪᠣᠯᠣᠨ ᠪᠡᠶ᠎ᠡ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠢ ᠣᠷᠭᠠᠨᠢᠭ᠋᠎ᠢᠶᠠᠷ ᠠᠭᠤᠰᠤᠯᠴᠠᠭᠤᠯᠵᠠᠢ᠃ ᠳᠠᠷᠠᠭᠠᠴᠢ᠎ᠪᠡᠷ ᠳᠤᠰ ᠲᠥᠪ᠎ᠤᠨ ᠬᠢᠨ ᠠᠴᠢᠶᠠᠯᠠᠪᠤᠷᠢ᠎ᠶᠢᠨ ᠰᠢᠨ᠎ᠡ᠎ᠶᠢ ᠡᠭᠦᠳᠴᠦ᠂ ᠵᠠᠯᠠᠭᠤᠴᠤᠳ ᠪᠠᠭᠠᠴᠤᠳ᠎ᠤᠨ ᠤᠯᠤᠰ ᠭᠡᠷ᠎ᠤᠨ ᠲᠤᠬᠠᠢ ᠬᠠᠢᠷ᠎ᠠ ᠰᠡᠳᠬᠢᠯᠭᠡ᠎ᠵᠢ ᠵᠤᠵᠠᠭᠠᠳᠬᠠᠵᠤ᠂ ᠪᠣᠳᠠᠲᠤ ᠠᠵᠢᠯᠯᠠᠭ᠎ᠠ᠎ᠪᠠᠷ ᠵᠢᠡᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠵᠢᠳᠬᠦᠯ ᠴᠢᠷᠮᠠᠢᠯᠭ᠎ᠠ ᠭᠠᠷᠭᠠᠬᠤ ᠵᠢ ᠬᠦᠳᠦᠯᠦᠨ ᠵᠢᠯᠤᠭᠤᠳᠤᠨ᠎ᠠ᠃