ᠵᠢᠨᠢᠩ ᠲᠣᠭᠣᠷᠢᠭ ᠰᠤᠷᠭᠠᠭᠤᠯᠢ᠎ᠶ᠋ᠢᠨ ᠬᠦᠷᠢᠶᠡᠨ᠎ᠦ ᠢᠳᠡᠭᠡᠨ᠎ᠦ ᠠᠮᠤᠷ ᠲᠦᠪᠱᠢᠨ᠎ᠦ ᠳᠤᠰᠬᠠᠢ ᠪᠠᠢᠴᠠᠭᠠᠯᠲᠠ ᠥᠷᠨᠢᠭᠦᠯᠪᠡ
2026-03-19 17:46:35
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠥᠷᠭᠡᠨ ᠣᠯᠠᠨ ᠪᠠᠭ᠍ᠰᠢ ᠰᠤᠷᠤᠭ᠍ᠴᠢᠳ᠎ᠤᠨ ᠢᠳᠡᠭᠡᠨ ᠤᠮᠳᠠᠭᠠᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ ᠤᠢᠷ᠎ᠠ ᠵᠢᠨ ᠬᠡᠳᠤᠨ ᠡᠳᠤᠷ ᠂ ᠵᠢᠨᠢᠩ ᠲᠣᠭᠣᠷᠢᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠤᠯᠢ ᠬᠡᠷᠡᠭ᠌ᠵᠢᠭᠦᠯᠬᠦ᠌ ᠠᠵᠢᠯᠲᠠᠳ ᠬᠠᠷᠢᠶ᠎ᠠ ᠣᠷᠣᠨ᠎ᠤ ᠪᠠᠨ ᠰᠤᠷᠭᠠᠭᠤᠯᠢ᠎ᠳᠤ ᠭᠦᠨᠵᠡᠭᠡᠢᠷᠡᠨ᠂ ᠰᠤᠷᠭᠠᠭᠤᠯᠢ᠎ᠶ᠋ᠢᠨ ᠬᠦᠷᠢᠶᠡᠨ᠎ᠦ ᠢᠳᠡᠭᠡᠨ᠎ᠦ ᠠᠮᠤᠷ ᠲᠦᠪᠱᠢᠨ᠎ᠦ ᠲᠤᠰᠭᠠᠶ ᠪᠠᠢᠴᠠᠭᠠᠯᠲᠠ ᠵᠢᠨ ᠠᠵᠢᠯᠯᠠᠭ᠎ᠠ ᠥᠷᠨᠢᠭᠦᠯᠵᠦ᠍᠂ ᠢᠳᠡᠭᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠥᠬᠥ᠌ ᠬᠦᠴᠦᠨ᠎ᠢᠶᠡᠷ᠎ᠢᠶᠡᠨ ᠪᠡᠬᠢᠵᠢᠭᠦᠯᠵᠦ᠍ ᠪᠤᠢ᠃

ᠰᠤᠷᠪᠤᠯᠵᠢᠯᠠᠭ᠍ᠴᠢ ᠵᠢᠨᠢᠩ ᠲᠣᠭᠣᠷᠢᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠤᠯᠢ ᠬᠡᠷᠡᠭ᠌ᠵᠢᠭᠦᠯᠬᠦ᠌ ᠠᠵᠢᠯᠲᠠᠳ᠎ᠢ ᠳᠠᠭᠠᠵᠤ᠂ ᠤᠷᠢᠳ ᠬᠣᠵᠢᠳ ᠪᠡᠭᠡᠵᠢᠩ᠎ᠦᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠯᠠᠭᠠᠨᠴᠠᠪ ᠬᠣᠲᠠ᠎ᠶ᠋ᠢᠨ ᠵᠢᠨᠢᠩ᠎ᠦᠨ ᠬᠠᠷᠢᠶᠠᠲᠤ ᠳᠤᠮᠳᠠᠳᠤ ᠰᠤᠷᠭᠠᠭᠤᠯᠢ ᠂ ᠵᠢᠨᠢᠩ ᠲᠣᠭᠣᠷᠢᠭ᠎ᠤᠨ ᠱᠢᠨ ᠱᠢᠩ ᠰᠤᠷᠭᠠᠭᠤᠯᠢ᠎ᠳᠤ ᠬᠦᠷᠴᠦ᠍ ᠪᠠᠢᠴᠠᠭᠠᠯᠲᠠ ᠬᠢᠬᠦ ᠵᠢ ᠤᠢᠯᠠᠭᠠᠪᠠ᠃ ᠬᠠᠤᠯᠢ ᠬᠡᠷᠡᠭᠵᠢᠭᠦᠯᠬᠦ ᠠᠵᠢᠯᠲᠡᠳ ᠲᠤᠬᠠᠶ᠎ᠶ᠋ᠢᠨ ᠲᠠᠯᠠᠪᠠᠶ᠎ᠶ᠋ᠢᠨ ᠪᠠᠢᠴᠠᠭᠠᠯᠲᠠ ᠪᠠ ᠡᠬᠡ ᠲᠠᠩᠰᠠ᠎ᠶ᠋ᠢ ᠬᠠᠷᠭᠤᠭᠤᠯᠤᠨ ᠪᠠᠢᠴᠠᠭᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠬᠣᠭᠣᠯᠠᠨ ᠬᠡᠷ᠎ᠦᠨ ᠲᠣᠭᠣᠭᠠᠨ ᠬᠡᠷ᠎ᠦᠨ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠂ ᠲᠦᠭᠦᠬᠡᠶ ᠮᠠᠲ᠋ᠧᠷᠢᠶᠠᠯ᠎ᠤᠨ ᠬᠠᠳᠠᠭᠠᠯᠠᠯᠲᠠ᠂ ᠬᠤᠭᠤᠯᠠ ᠬᠢᠬᠦ ᠶᠠᠪᠤᠴᠠ᠂ ᠬᠣᠭᠣᠯᠠ ᠪᠡᠯᠡᠳᠭᠡᠬᠦ᠌ ᠲᠠᠰᠤᠭ᠎ᠤᠨ ᠬᠠᠮᠢᠶᠠᠷᠤᠯᠲᠠ ᠵᠢᠴᠢ ᠠᠵᠢᠯᠯᠠᠵᠤ ᠪᠠᠢᠭ᠎ᠠ ᠬᠥᠮᠦᠰ᠎ᠦᠨ ᠡᠷᠡᠭᠦᠯ ᠮᠡᠨᠳᠦ᠍᠎ᠶ᠋ᠢᠨ ᠭᠡᠷᠡᠴᠢ ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠎ᠳᠤ ᠭᠡᠷᠡᠴᠢ ᠪᠠᠷᠢᠮᠲᠠ ᠠᠪᠬᠤ ᠵᠡᠷᠭᠡ ᠪᠠᠢᠳᠠᠯ᠎ᠢ ᠪᠥᠬᠥ᠌ ᠲᠠᠯ᠎ᠠ᠎ᠪᠠᠷ ᠨᠠᠷᠢᠨ ᠪᠠᠢᠴᠠᠭᠠᠪᠠ᠃ ᠠᠮᠤ ᠪᠤᠳᠠᠭ᠎ᠠ᠂ ᠭᠤᠯᠢᠷ᠂ ᠲᠣᠰᠣ᠂ ᠮᠢᠬ᠎ᠠ᠂ ᠥᠨᠳᠡᠭᠡ᠂ ᠰᠦ ᠵᠡᠷᠭᠡ ᠢᠳᠡᠭᠡᠨ᠎ᠦ ᠮᠠᠲ᠋ᠧᠷᠢᠶᠠᠯ᠎ᠳᠤ ᠴᠢᠭ᠌ᠯᠡᠭᠦᠯᠦᠨ ᠂ ᠬᠠᠤᠯᠢ ᠬᠡᠷᠡᠭ᠌ᠵᠢᠭᠦᠯᠬᠦ᠌ ᠠᠵᠢᠯᠲᠠᠳ ᠬᠢᠷᠢ ᠬᠡᠮ᠎ᠦᠨ ᠦᠨᠠᠮᠯᠠᠯ ᠂ ᠴᠢᠨᠠᠷ᠎ᠢ ᠪᠠᠲᠤᠯᠠᠬᠤ ᠬᠤᠭᠤᠴᠠᠭ᠎ᠠ ᠵᠢᠴᠢ ᠬᠠᠳᠠᠭᠠᠯᠠᠬᠤ ᠨᠥᠬᠥᠴᠡᠯ᠂ ᠬᠥᠯᠳᠡᠭᠡᠵᠦ᠍ ᠬᠦᠶ᠋ᠲᠡᠨ᠎ᠢᠶᠡᠷ ᠬᠠᠳᠠᠭᠠᠯᠠᠬᠤ ᠲᠥᠬᠥᠭᠡᠷᠦᠮᠵᠢ᠎ᠶ᠋ᠢᠨ ᠠᠵᠢᠯᠯᠠᠭᠠᠨ᠎ᠤ ᠳᠤᠯᠠᠭᠠᠨ᠎ᠤ ᠬᠡᠮᠵᠢᠶ᠎ᠡ᠎ᠶ᠋ᠢ ᠨᠢᠭᠡᠳ ᠨᠢᠭᠡ᠎ᠪᠡᠷ ᠬᠠᠷᠭᠤᠭᠤᠯᠤᠨ ᠦᠵᠡᠵᠦ᠂ ᠬᠤᠭᠤᠴᠠᠭ᠎ᠠ ᠬᠡᠲᠦᠷᠡᠭ᠌ᠰᠡᠨ᠂ ᠴᠢᠨᠠᠷ ᠬᠤᠪᠢᠷᠬᠠᠰᠠᠨ᠂ ᠢᠷᠡᠯᠲᠡ᠎ᠨᠢ ᠲᠣᠳᠣᠷᠬᠠᠶ ᠥᠬᠡᠶ ᠢᠳᠡᠭᠡᠨ᠎ᠦ ᠮᠠᠲ᠋ᠧᠷᠢᠶᠠᠯ᠎ᠤᠨ ᠰᠤᠷᠭᠠᠭᠤᠯᠢ᠎ᠶ᠋ᠢᠨ ᠬᠦᠷᠢᠶᠡᠨ᠎ᠳᠦ ᠣᠷᠣᠬᠤ᠎ᠶ᠋ᠢ ᠡᠷᠡᠰ ᠬᠣᠷᠢᠭ᠍ᠯᠠᠵᠤ᠂ ᠡᠬᠢ᠎ᠡᠭᠦᠰᠦᠯ ᠡᠴᠡ᠎ᠨᠢ ᠬᠣᠭᠣᠯᠠᠨ ᠱᠢᠷᠡᠭᠡ ᠬᠦᠷᠲᠡᠯᠡᠬᠢ ᠪᠥᠬᠥ᠌ ᠶᠠᠪᠤᠴᠠ᠎ᠶ᠋ᠢ ᠡᠵᠡᠮᠳᠡᠵᠦ᠍ ᠪᠣᠯᠬᠤ᠂ ᠮᠥᠷᠳᠡᠵᠦ᠍ ᠪᠣᠯᠬᠤ᠎ᠶ᠋ᠢ ᠦᠨᠡᠨ ᠬᠦ᠌ ᠪᠠᠲᠤᠯᠠᠪᠠ᠃

ᠪᠠᠢᠴᠠᠭᠠᠬᠤ ᠶᠠᠪᠤᠴᠠ᠎ᠳᠤ᠂ ᠬᠠᠤᠯᠢ ᠬᠡᠷᠡᠭ᠌ᠵᠢᠭᠦᠯᠬᠦ᠌ ᠠᠵᠢᠯᠲᠠᠨ 《ᠪᠠᠢᠴᠠᠭᠠᠬᠤ᠂ ᠵᠢᠯᠣᠭᠣᠳᠭᠤ᠂ ᠤᠬᠠᠭᠤᠯᠬᠤ》 ᠶ᠋ᠢ ᠵᠡᠷᠭᠡ᠎ᠪᠡᠷ ᠠᠬᠢᠭᠤᠯᠬᠤ᠎ᠶ᠋ᠢ ᠪᠠᠷᠢᠮᠲᠠᠯᠠᠵᠤ᠂ ᠢᠯᠡᠷᠡᠭᠦᠯᠦᠭ᠌ᠰᠡᠨ ᠠᠰᠠᠭᠤᠳᠠᠯ᠎ᠢ ᠲᠤᠬᠠᠶ᠎ᠶ᠋ᠢᠨ ᠲᠠᠯᠠᠪᠤᠷ᠎ᠲᠤ ᠲᠤᠱᠢᠶᠠᠨ ᠱᠢᠶ᠋ᠳᠪᠦᠷᠢᠯᠡᠭᠦᠯᠵᠦ᠍᠂ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ ᠪᠠ ᠴᠠᠭ᠎ᠤᠨ ᠬᠢᠵᠠᠭᠠᠷ᠎ᠢ ᠲᠣᠳᠣᠷᠬᠠᠢᠯᠠᠨ᠂ ᠰᠤᠷᠭᠠᠭᠤᠯᠢ᠎ᠶ᠋ᠢ ᠱᠢᠮᠳᠠᠭᠤᠯᠵᠤ ᠳᠠᠷᠤᠢ ᠳ᠋ᠤᠨᠢ ᠬᠡᠷᠡᠭ᠌ᠵᠢᠭᠦᠯᠵᠦ᠍ ᠳᠠᠷᠤᠢ ᠳ᠋ᠤᠨᠢ ᠰᠠᠢᠵᠢᠷᠠᠭᠤᠯᠵᠤ᠂ ᠪᠢᠲᠡᠭᠦᠤ ᠴᠠᠭᠠᠷᠢᠭ ᠤ᠋ᠨ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠵᠠᠢ᠃ ᠡᠭᠦᠨ᠎ᠦ ᠬᠠᠮᠲᠤ᠂ ᠬᠣᠭᠣᠯᠠᠨ ᠭᠡᠷ᠎ᠦᠨ ᠠᠵᠢᠯᠲᠠᠳ᠎ᠲᠤ ᠢᠳᠡᠭᠡᠨ᠎ᠦ ᠠᠮᠤᠷ ᠲᠦᠪᠰᠢᠨ ᠤ᠋ ᠬᠠᠤᠯᠢ ᠴᠠᠭᠠᠵᠠ ᠲᠦᠷᠢᠮ ᠲᠣᠭ᠍ᠲᠠᠭᠠᠯ᠎ᠢ ᠲᠦᠭᠡᠮᠡᠯᠵᠢᠭᠦᠯᠦᠨ᠂ ᠠᠮᠤᠷ ᠲᠦᠪᠰᠢᠨ ᠤ᠋ ᠦᠵᠡᠯ ᠤᠬᠠᠮᠰᠠᠷ ᠬᠢᠭᠡᠳ ᠵᠢᠷᠤᠮᠵᠢᠯ᠎ᠲᠠᠶ ᠠᠵᠢᠯᠯᠠᠬᠤ ᠴᠢᠳᠠᠪᠤᠷᠢ᠎ᠶ᠋ᠢ ᠨᠢ ᠲᠡᠭᠡᠭᠰᠢᠯᠡᠭᠦᠯᠵᠤ᠂ ᠰᠤᠷᠭᠠᠭᠤᠯᠢ᠎ᠶ᠋ᠢᠨ ᠬᠦᠷᠢᠶᠡᠨ᠎ᠦ ᠬᠣᠭᠣᠯᠠᠨ ᠭᠡᠷ᠎ᠦᠨ ᠬᠠᠮᠢᠶᠠᠷᠤᠯᠲᠠ᠎ᠶ᠋ᠢᠨ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ᠎ᠶ᠋ᠢ ᠠᠬᠢᠭᠤᠯᠵᠠᠢ᠃

《ᠰᠤᠷᠭᠠᠭᠤᠯᠢ ᠡᠬᠢᠯᠡᠬᠦ ᠤᠯᠠᠷᠢᠯ᠎ᠤᠨ ᠢᠳᠡᠭᠡᠨ᠎ᠦ ᠠᠮᠤᠷ ᠲᠦᠪᠱᠢᠨ᠎ᠦ ᠪᠠᠢᠴᠠᠭᠠᠯᠲᠠ ᠪᠣᠯ ᠰᠤᠷᠭᠠᠭᠤᠯᠢ᠎ᠶ᠋ᠢᠨ ᠬᠦᠷᠢᠶᠡᠨ᠎ᠦ ᠢᠳᠡᠭᠡᠨ᠎ᠦ ᠠᠮᠤᠷ ᠲᠦᠪᠱᠢᠨ᠎ᠦ ᠠᠵᠢᠯ᠎ᠤᠨ ᠨᠢᠭᠡ ᠤᠳᠠᠭᠠᠨ᠎ᠤ ᠪᠥᠬᠥ᠌ ᠲᠠᠯ᠎ᠠ᠎ᠶ᠋ᠢᠨ 〈ᠪᠡᠶ᠎ᠡ᠎ᠶ᠋ᠢᠨ ᠪᠠᠢᠴᠠᠭᠠᠯᠲᠠ〉 ᠪᠣᠯᠤᠨ᠎ᠠ᠃ ᠪᠢᠳᠡ ᠪᠦᠬᠦᠨ᠎ᠢ ᠬᠠᠮᠤᠷᠬᠤ᠂ ᠪᠠᠷᠢᠮᠵᠢᠶ᠎ᠠ᠎ᠶ᠋ᠢ ᠴᠢᠩᠳᠠᠯᠠᠬᠤ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠲᠤᠬᠠᠶ᠎ᠶ᠋ᠢᠨ ᠲᠠᠯᠠᠪᠤᠷ᠎ᠲᠤ ᠵᠢᠭᠠᠵᠤ ᠭᠠᠷᠭᠠᠬᠤ ᠂ ᠬᠤᠭᠤᠴᠠᠭ᠎ᠠ ᠲᠣᠭ᠍ᠲᠠᠭᠠᠨ ᠴᠡᠭ᠌ᠴᠡᠯᠡᠨ ᠰᠠᠢᠵᠢᠷᠠᠭᠤᠯᠬᠤ᠂ ᠮᠥᠷᠳᠡᠨ ᠳᠠᠬᠢᠨ ᠪᠠᠢᠴᠠᠭᠠᠵᠤ᠂ ᠰᠤᠷᠤᠭ᠍ᠴᠢᠳ᠎ᠤᠨ ᠢᠳᠡᠭᠡᠨ ᠤᠮᠳᠠᠭᠠᠨ᠎ᠤ ᠠᠮᠤᠷ ᠲᠦᠪᠱᠢᠨ ᠢ᠋ ᠡᠷᠡᠰ ᠬᠠᠮᠠᠭᠠᠯᠠᠨ᠎ᠠ᠃ ᠪᠢᠳᠡ ᠲᠣᠭᠣᠷᠢᠨ ᠪᠠᠢᠴᠠᠭᠠᠬᠤ ᠪᠠ ᠰᠤᠭᠤᠴᠢᠨ ᠪᠠᠢᠴᠠᠭᠠᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠪᠠᠢᠩᠭᠤ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠢᠳᠡᠭᠡᠨ᠎ᠦ ᠠᠮᠤᠷ ᠲᠦᠪᠱᠢᠨ᠎ᠦ ᠠᠶᠤᠯ ᠲᠦᠭ᠌ᠰᠢᠭᠦᠷᠢ ᠬᠡᠮ ᠰᠣᠭᠣᠭ᠎ᠢ ᠴᠢᠩᠭ᠎ᠠ ᠪᠣᠳᠠᠲᠠᠶ ᠵᠢᠭ᠍ᠰᠠᠭᠠᠨ ᠪᠠᠢᠴᠠᠭᠠᠵᠤ ᠠᠷᠢᠯᠭᠠᠨ᠂ ᠰᠤᠷᠭᠠᠭᠤᠯᠢ᠎ᠶ᠋ᠢᠨ ᠬᠦᠷᠢᠶᠡᠨ᠎ᠦ ᠢᠳᠡᠭᠡᠨ᠎ᠦ ᠠᠮᠤᠷ ᠲᠦᠪᠱᠢᠨ᠎ᠢ ᠴᠢᠩᠭ᠎ᠠ ᠬᠢᠨᠠᠨ ᠬᠠᠮᠢᠶᠠᠷᠤᠨ᠎ᠠ︾ ᠬᠡᠵᠤ ᠵᠢᠨᠢᠩ ᠲᠣᠭᠣᠷᠢᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠶᠡᠬᠡ ᠠᠩᠭᠢ᠎ᠶ᠋ᠢᠨ ᠴᠢᠶᠠᠨ ᠵᠢᠨ ᠯᠦ᠍ ᠬᠠᠤᠯᠢ ᠬᠡᠷᠡᠭ᠌ᠵᠢᠭᠦᠯᠬᠦ᠌ ᠳᠤᠮᠳᠠ ᠠᠩᠭᠢ᠎ᠶ᠋ᠢᠨ ᠳᠠᠷᠤᠭ᠎ᠠ ᠯᠢᠦ ᠵᠢᠶᠠ ᠯᠦᠩ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号