ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠢ᠎ᠠ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ ᠎ᠶ᠋ᠢᠨ ᠲᠤᠬᠠᠢ ᠵᠥᠪ ᠦᠵᠡᠯᠲᠡ ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠎ᠦᠨ ᠨᠣᠮ ᠤᠩᠱᠢᠬᠤ ᠠᠩᠬᠢ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠳ᠋ᠤ᠌ ᠰᠤᠷᠤᠯᠭ᠎ᠠ ᠡᠬᠢᠯᠡᠪᠡ
2026-03-19 10:08:53
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

 ᠸᠠᠩ ᠸᠧᠢ ᠵᠦᠩ ᠰᠤᠷᠤᠯᠭ᠎ᠠ ᠡᠬᠢᠯᠡᠬᠦ ᠶᠤᠰᠤᠯᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠤ  ᠴᠢᠦᠢ ᠴᠢᠩ ᠱᠠᠨ ᠬᠠᠪᠰᠤᠷᠤᠨ ᠵᠢᠯᠣᠭᠣᠳᠭᠤ ᠮᠡᠳᠡᠭᠦᠯᠦᠯᠲᠡ ᠬᠢᠵᠤ  ᠪᠦᠦ ᠭᠠᠩ  ᠵᠠᠩ ᠶᠠᠨ ᠺᠦᠨ  ᠱ᠌ᠢ ᠭᠤᠸᠠᠩ ᠬᠤᠢ ᠣᠷᠣᠯᠴᠠᠵᠠᠢ


3 ᠰᠠᠷ᠎ᠠ᠎ᠶ᠋ᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠵᠠᠰᠠᠭ᠎ᠤᠨ ᠠᠵᠢᠯ ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠬᠢ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠳ᠋ᠤ ᠰᠤᠷᠤᠯᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠰᠤᠷᠤᠯᠭ᠎ᠠ ᠡᠬᠢᠯᠡᠬᠦ᠌ ᠶᠣᠰᠣᠯᠠᠯ ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠦ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ᠂ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠂ ᠱᠢᠨᠵᠢᠯᠡᠬᠦ᠌ ᠤᠬᠠᠭᠠᠨᠴᠢ ᠪᠡᠷ ᠱᠢᠶ᠋ᠳᠪᠦᠷᠢᠲᠦ ᠪᠤᠳᠤᠯᠭ᠎ᠠ ᠲᠤᠭᠲᠠᠭᠠᠬᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ ᠵᠢ ᠲᠤᠭᠤᠰᠢᠯᠠᠭᠤᠯᠤᠨ ᠨᠠᠢᠳᠠᠪᠦᠷᠢᠵᠢᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠠᠵᠢᠯ ᠬᠢᠵᠦ᠍ ᠦᠶ᠋ᠯᠡᠰ ᠪᠤᠰᠬᠠᠬᠤ ᠢᠲᠡᠭᠡᠯ ᠵᠣᠷᠢᠭ᠎ᠢᠶᠠᠨ ᠬᠥᠪᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠭᠦᠯᠭᠡ ᠵᠢ ᠰᠠᠢᠳᠤᠷ ᠡᠬᠢᠯᠡᠭᠦᠯᠬᠦ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠎ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠢ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ ᠪᠣᠯᠤᠨ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ ᠵᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠪᠠᠢᠴᠠᠭᠠᠬᠤ ᠳᠠᠷᠤᠭ᠎ᠠ ᠣᠷᠣᠯᠴᠠᠪᠠ᠃

ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ᠂ ᠸᠠᠩ ᠸᠧᠢ ᠵᠦᠩ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠢ ᠴᠢᠬᠤᠯᠠ ᠵᠢᠭᠠᠪᠤᠷᠢ ᠪᠣᠯᠤᠨ ᠼᠠᠢ ᠴᠢ᠂ ᠯᠢ ᠰᠢ ᠨᠥᠬᠥᠷ᠎ᠦᠨ ᠲᠥᠪ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠣᠷᠢᠳᠤᠭᠠᠷ ᠤᠳᠠᠭ᠎ᠠ᠎ᠶ᠋ᠢᠨ ᠬᠤᠷᠠᠯ ᠳᠡᠭᠡᠷᠡᠬᠢ ᠶᠠᠷᠢᠶ᠎ᠠ᠎ᠶ᠋ᠢ ᠳᠠᠭᠠᠭᠤᠯᠤᠨ ᠰᠤᠷᠤᠯᠴᠠᠪᠠ᠃ ᠸᠠᠩ ᠸᠧᠢ ᠵᠦᠩ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ᠂ ᠣᠷᠣᠨ ᠨᠤᠲᠤᠭ᠎ᠤᠨ ᠡᠯ᠎ᠡ ᠱᠠᠲᠤᠨ᠎ᠤ ᠤᠳᠤᠷᠢᠳᠭᠤ ᠪᠠᠭ ᠬᠤᠭᠤᠴᠠᠭ᠎ᠠ ᠰᠣᠯᠢᠬᠤ ᠠᠵᠢᠯ᠎ᠢ ᠵᠠᠯᠭᠠᠭ᠎ᠠ᠎ᠪᠠᠷ ᠥᠷᠨᠢᠭᠦᠯᠵᠦ᠍ ᠪᠠᠢᠭ᠎ᠠ ᠲᠠᠱᠢᠷᠠᠮ᠎ᠳᠤ᠂ ᠨᠠᠮ᠎ᠤᠨ ᠲᠥᠪ ᠬᠣᠷᠢᠢ᠎ᠠ᠎ᠡᠴᠡ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠪᠠᠢᠷᠢᠯᠠᠭᠤᠯᠤᠨ ᠦᠷᠨᠢᠬᠦᠯᠦᠭᠰᠡᠨ ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ ᠪᠣᠯᠤᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃ 2 ᠰᠠᠷ᠎ᠠ᠎ᠶ᠋ᠢᠨ 27 ᠎ᠤ᠋  ᠡᠳᠦᠷ ᠪᠥᠬᠥ᠌ ᠣᠷᠣᠨ᠎ᠤ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠳᠥᠷᠪᠡᠨ ᠶᠡᠬᠡ ᠤᠳᠤᠷᠢᠳᠭᠤ ᠪᠠᠭ ᠪᠣᠯᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠵᠢᠨ ᠬᠢᠨ ᠦᠳᠲᠡᠷ ᠲᠦᠷᠭᠡᠨ ᠬᠥᠳᠡᠯᠦᠯᠴᠡᠵᠦ᠍᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠪᠠ᠃ ᠲᠠᠷᠠᠭᠠᠴᠢ᠎ᠶ᠋ᠢᠨ ᠠᠯᠬᠤᠮ᠎ᠳᠤ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠶ᠋ᠢ ᠪᠠᠷᠢᠮᠲᠠᠯᠠᠵᠤ᠂ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠠᠳᠭᠤᠵᠤ᠂ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠭᠤᠯ᠎ᠢ ᠪᠣᠶ ᠪᠣᠯᠭᠠᠵᠤ᠂ ᠰᠤᠷᠤᠯᠴᠠᠯᠭ᠎ᠠ ᠬᠥᠮᠦᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠦᠢᠯᠡ ᠠᠵᠢᠯᠯᠠᠭ᠎ᠠ ᠲᠡᠭᠡᠷ᠎ᠡ ᠪᠡᠨ ᠢᠯᠡᠷᠡᠭᠦᠯᠵᠦ ᠪᠣᠳᠠᠲᠠᠶ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠲᠦᠷᠪᠡᠨ ᠶᠡᠬᠡ ᠤᠳᠤᠷᠢᠳᠭᠤ ᠪᠠᠭ ᠪᠣᠯᠤᠨ ᠮᠤᠵᠢ᠎ᠶ᠋ᠢᠨ ᠲᠡᠰ᠎ᠤᠨ ᠤᠳᠤᠷᠢᠳᠭᠤ ᠺᠠᠳ᠋ᠷ ᠪᠦᠬᠦ᠌ ᠣᠷᠣᠨ᠎ᠤ ᠡᠯ᠎ᠡ ᠱᠠᠲᠤᠨ᠎ᠳᠤ ᠵᠢᠱ᠌ᠢᠢ᠎ᠡ ᠦᠵᠡᠭᠦᠯᠵᠦ᠍᠂ ᠦᠯᠢᠬᠡᠷ ᠳᠠᠭᠤᠷᠢᠶᠠᠯ ᠪᠣᠯᠬᠤ ᠬᠡᠷᠡᠭ᠌ᠲᠡᠢ᠃ ᠡᠭᠦᠷᠭᠡ ᠬᠠᠷᠢᠭᠤᠴᠠᠯᠭ᠎ᠠ᠎ᠡᠪᠦᠷᠯᠡᠨ ᠰᠤᠷᠤᠯᠴᠠᠵᠤ᠂ ᠲᠤᠭᠳᠠᠭᠠᠭᠰᠠᠠ ᠰᠤᠷᠤᠯᠴᠠᠬᠤ ᠵᠦᠢᠯᠡᠰ᠎ᠢ ᠨᠠᠷᠢᠨ ᠬᠢᠨᠠᠮᠠᠭᠠᠶ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ ᠎ᠦᠨ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢᠨ ᠪᠠᠶᠠᠯᠢᠭ ᠠᠭᠤᠯᠤᠭ᠍ᠳᠠᠬᠤᠨ᠂ ᠵᠣᠷᠢᠭ ᠰᠠᠨᠠᠭᠠᠨ᠎ᠤ ᠮᠥᠨ ᠴᠢᠨᠠᠷ᠂ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠤᠯᠤᠰ ᠲᠥᠷᠥ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠭᠰᠠᠨ》ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠠᠰᠠᠭᠤᠳᠠᠯ᠎ᠳᠤ ᠴᠢᠭ᠌ᠯᠡᠭᠦᠯᠦᠨ ᠰᠤᠷᠤᠯᠴᠠᠵᠤ᠂ 《 3 ᠬᠠᠷᠭᠤᠭᠤᠯᠤᠯ + 3 ᠵᠦᠢᠯ᠎ᠦᠨ ᠠᠷᠭ᠎ᠠ ᠵᠠᠮ》ᠤ᠋ᠨ ᠱᠠᠭᠠᠷᠳᠠᠯᠭ᠎ᠠ ᠶᠣᠰᠣᠭᠠᠷ᠂ ᠥᠪᠡᠷ᠎ᠢ᠎ᠪᠡᠨ ᠪᠠᠭ᠍ᠲᠠᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠪᠠᠭ᠍ᠲᠠᠭᠠᠵᠤ᠂ ᠠᠵᠢᠯ᠎ᠢᠶᠠᠨ ᠪᠠᠭ᠍ᠲᠠᠭᠠᠵᠤ᠂ ᠴᠢᠩᠭ᠎ᠠ ᠪᠣᠳᠠᠲᠠᠢ᠂ ᠪᠦᠬᠦ᠌ ᠲᠠᠯ᠎ᠠ᠎ᠪᠠᠷ ᠭᠦᠨᠵᠡᠭᠡᠢ᠎ᠪᠡᠷ ᠠᠰᠠᠭᠤᠳᠠᠯ᠎ᠢ ᠪᠠᠢᠴᠠᠭᠠᠨ ᠳᠡᠯᠭᠡᠵᠦ᠍᠂ ᠥᠪᠡᠷ᠎ᠪᠡᠶ᠎ᠡ᠎ᠵᠢᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠥᠪᠡᠷ᠎ᠦᠨ ᠪᠡᠶ᠎ᠡ᠎ᠳᠡᠭᠡᠨ ᠣᠷᠣᠱᠢᠵᠤ ᠪᠠᠢᠭ᠎ᠠ ᠵᠠᠰᠠᠭ᠎ᠤᠨ ᠠᠵᠢᠯ᠎ᠤᠨ ᠪᠦᠲᠦᠮᠵᠢ᠎ᠵᠢᠨ ᠦᠵᠡᠯᠲᠡ ᠶ᠋ᠢᠨ ᠠᠯᠳᠠᠭ᠎ᠠ ᠪᠤᠷᠤᠭᠤ᠎ᠪᠠᠨ ᠪᠠᠢᠴᠠᠭᠠᠨ ᠦᠵᠡᠬᠦ᠌ ᠬᠡᠷᠡᠭ᠌ᠲᠡᠢ᠃ ᠰᠡᠳᠭᠢᠬᠦ᠌᠎ᠶ᠋ᠢᠨ ᠳᠠᠭᠠᠤ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ ᠵᠢ ᠤᠢᠯᠠᠭᠠᠬᠤ ᠪᠣᠯᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠨ ᠶᠡᠬᠡ ᠤᠳᠤᠷᠢᠳᠭᠤ ᠪᠠᠭ᠎ᠤᠨ ᠨᠠᠮ᠎ᠤᠨ ᠬᠤᠷᠢᠶ᠎ᠠ᠎ᠵᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠳᠤᠮᠳᠠᠬᠢ ᠲᠤᠰᠢᠶᠠᠯ ᠬᠠᠷᠢᠭᠤᠴᠠᠯᠭ᠎ᠠ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠢ ᠪᠠᠢᠴᠠᠭᠠᠨ ᠢᠯᠡᠷᠡᠭᠦᠯᠵᠦ᠍ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ ᠪᠣᠯᠤᠨ ᠲᠥᠪ ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠎ᠶ᠋ᠢ ᠰᠠᠢᠲᠤᠷ ᠠᠳᠭᠤᠬᠤ ᠎ᠶ᠋ᠢ ᠤᠶᠠᠯᠳᠤᠭᠤᠯᠵᠤ᠂ ᠬᠡᠷᠬᠢᠨ ᠵᠥᠪ ᠣᠢᠯᠠᠭᠠᠭᠳᠠᠬᠤᠨ᠂ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠂ ᠯᠠᠪᠳᠠᠭᠤᠨ ᠪᠠᠲᠤᠲᠠᠶ ᠠᠵᠢᠯᠯᠠᠭ᠎ᠠ᠎ᠪᠠᠷ᠎ᠢᠶᠠᠨ ᠬᠤᠪᠢᠳᠠᠨ ᠬᠠᠮᠢᠶᠠᠷᠴᠤ᠌ ᠪᠠᠢᠭ᠎ᠠ ᠬᠦᠷᠢᠶᠡᠨ᠎ᠳᠡᠬᠢ ᠠᠵᠢᠯ᠎ᠢᠶᠠᠨ ᠠᠬᠢᠭᠤᠯᠬᠤ ᠵᠢ ᠬᠦᠨᠵᠡᠭᠡᠢ ᠪᠤᠳᠤᠯᠬᠢᠯᠠᠵᠦ᠂ ᠪᠥᠬᠥ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠨᠠᠩ ᠰᠠᠢᠲᠤᠷ ᠬᠥᠲᠥᠯᠥᠨ ᠳᠠᠭᠠᠭᠤᠯᠵᠤ ᠪᠠᠢᠭᠠᠳ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠬᠢᠭ᠌ᠰᠡᠨ ᠶᠠᠪᠤᠳᠠᠯ ᠪᠣᠯᠭᠠᠨ᠎ᠨᠢ ᠴᠥᠮ ᠦᠶ᠋ᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌᠎ᠶ᠋ᠢ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

 ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠴᠢᠦᠢ ᠴᠢᠩ ᠱᠠᠨ ᠨᠥᠬᠥᠷ ᠤᠷᠢᠯᠭ᠎ᠠ᠎ᠪᠠᠷ ᠬᠠᠪᠰᠤᠷᠤᠨ ᠵᠢᠯᠣᠭᠣᠳᠭᠤ ᠮᠡᠳᠡᠭᠦᠯᠦᠯᠲᠡ ᠬᠢᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢᠨ ᠪᠠᠶᠠᠯᠢᠭ ᠠᠭᠤᠯᠤᠭ᠍ᠳᠠᠬᠤᠨ᠎ᠢ ᠱᠢᠰᠲᠸᠮ ᠲᠠᠢ ᠲᠠᠢᠯᠪᠤᠷᠢᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠴᠢᠬᠤᠯᠠ ᠶᠡᠬᠡ ᠠᠴᠢ ᠬᠣᠯᠪᠣᠭ᠍ᠳᠠᠯ ᠪᠠ ᠰᠠᠢᠲᠤᠷ ᠡᠵᠡᠮᠳᠡᠬᠦ᠌ ᠴᠢᠬᠤᠯᠠᠲᠠᠢ ᠡᠯ᠎ᠡ ᠵᠦᠢᠯ᠎ᠦᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠠᠢᠯᠪᠤᠷᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号