— ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠂ ᠠᠷᠠᠳ᠎ᠤᠨ ᠪᠦᠯᠬᠦᠮ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠪᠠ
ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠂ ᠠᠷᠠᠳ᠎ᠤᠨ ᠪᠦᠯᠬᠦᠮ 《ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ ᠲᠦᠮᠡᠨ᠎ᠳᠦ ᠪᠤᠶᠠᠨ ᠦᠢᠯᠡᠳᠴᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠲᠠᠶ ᠬᠠᠷᠭᠤᠭᠤᠯᠵᠤ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠪᠡᠷ ᠭᠠᠷᠳᠠᠴᠠ ᠪᠤᠯᠭᠠᠵᠤ᠂ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠶ᠋ᠢ ᠱᠤᠭᠤᠵᠤ᠂ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠰᠤᠷᠤᠯᠴᠠᠬᠤ ᠬᠡᠷᠡᠭ᠌ᠯᠡᠬᠦ᠌᠎ᠶ᠋ᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠳᠤ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃
ᠪᠥᠬᠥ᠌ ᠲᠠᠯ᠎ᠠ ᠪᠡᠷ ᠳᠠᠢᠴᠢᠯᠠᠠ ᠪᠠᠢᠷᠢᠯᠠᠭᠤᠯᠵᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ
ᠣᠢᠷ᠎ᠠ᠎ᠳᠤ᠂ ᠨᠢᠭᠡᠨ ᠬᠥᠯᠥᠰᠥᠨ ᠲᠠᠷᠢᠶᠠᠴᠢᠨ 12351 ᠠᠵᠢᠯᠴᠢᠨ᠎ᠤ ᠡᠪᠯᠡᠯ᠎ᠦᠨ ᠠᠵᠢᠯᠲᠠᠨ ᠠᠵᠢᠯᠴᠢᠨ᠎ᠳᠤ ᠦᠶ᠋ᠯᠡᠴᠢᠯᠡᠬᠦ᠌ ᠤᠲᠠᠰᠤ᠎ᠪᠠᠷ ᠴᠠᠯᠢᠩ ᠢ᠋ ᠨᠢ ᠥᠷᠢᠲᠦᠭᠰᠡᠨ ᠠᠰᠠᠭᠤᠳᠠᠯ᠎ᠢ ᠲᠤᠰᠭᠠᠭ᠍ᠰᠠᠨᠤ ᠳᠠᠷᠠᠭ᠎ᠠ᠂ ᠠᠵᠢᠯᠴᠢᠨ᠎ᠤ ᠡᠪᠯᠡᠯ ᠦᠳᠲᠡᠷ ᠲᠦᠷᠭᠡᠨ ᠬᠦᠳᠡᠯᠦᠯᠴᠡᠵᠤ᠂ ᠠᠰᠠᠭᠤᠳᠠᠯ ᠢ᠋ ᠲᠡᠷᠡ ᠲᠤᠤᠷ᠎ᠠ ᠨᠢ ᠱᠢᠶ᠋ᠳᠪᠦᠷᠢᠯᠡᠪᠡ᠃ ᠡᠨᠡ ᠪᠣᠯ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠍᠂ ᠠᠵᠢᠯ᠎ᠢᠶᠠᠨ ᠦᠨᠡᠨ ᠬᠦ᠌ ᠰᠠᠢᠵᠢᠷᠠᠭᠤᠯᠤᠨ᠂ ᠤᠯᠠᠨ ᠲᠦᠮᠡᠨ᠎ᠳᠦ ᠪᠣᠳᠠᠲᠤ ᠶᠠᠪᠤᠳᠠᠯ ᠪᠦᠲᠦᠭᠡᠵᠦ᠍ ᠥᠭ᠌ᠭᠦᠭ᠌ᠰᠡᠨ ᠠᠮᠢᠳᠤᠯᠢᠭ ᠬᠤᠷᠢᠶᠠᠩᠭᠤᠢ ᠳᠦᠷᠰᠦ ᠪᠤᠯᠤᠨ᠎ᠠ᠃
ᠪᠥᠬᠥ᠌ ᠤᠯᠤᠰ ᠤ᠋ᠨ ᠠᠵᠢᠯᠴᠢᠨ ᠤ᠋ ᠶᠡᠷᠦᠩᠬᠡᠶ ᠡᠪᠯᠡᠯ ᠤ᠋ᠨ ᠨᠠᠮ ᠤ᠋ᠨ ᠤᠳᠤᠷᠢᠳᠭᠤ ᠳᠤᠭᠤᠢᠯᠠᠩ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠤᠶᠠᠯᠳᠤᠭᠤᠯᠬᠤ᠂ ᠮᠡᠳᠡᠬᠦ᠌ ᠢᠲᠡᠭᠡᠬᠦ᠌ ᠬᠢᠬᠦ᠌᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠬᠢᠴᠢᠶᠡᠯ᠎ᠦᠨ ᠲᠠᠩᠬᠢᠮ᠎ᠢᠶᠠᠨ ᠡᠷᠬᠡ ᠠᠱᠢᠭ ᠢ᠋ ᠬᠠᠮᠠᠭᠠᠯᠠᠬᠤ ᠦᠶ᠋ᠯᠡᠴᠢᠯᠡᠭᠡᠨ᠎ᠦ ᠡᠮᠦᠨ᠎ᠡ ᠹᠷᠣᠨᠲ᠎ᠲᠤ ᠨᠡᠭᠦᠯᠭᠡᠵᠦ᠍᠂ ᠠᠵᠢᠯᠲᠠᠨ ᠠᠵᠢᠯᠴᠢᠨ᠎ᠤ ᠬᠦᠷᠲᠡᠮᠵᠢ᠎ᠶ᠋ᠢᠨ ᠲᠥᠷᠥᠭ᠌ᠳᠡᠯ᠎ᠢᠶᠡᠷ ᠠᠵᠢᠯ᠎ᠤᠨ ᠦᠷ᠎ᠡ ᠪᠦᠲᠦᠮᠵᠢ᠎ᠶ᠋ᠢ ᠱᠢᠯᠭᠠᠨ ᠪᠠᠢᠴᠠᠭᠠᠵᠤ᠂ ᠲᠠᠪᠤᠨ ᠲᠠᠯ᠎ᠠ᠎ᠵᠢᠨ 24 ᠵᠦᠶ᠋ᠯ᠎ᠦᠨ ᠪᠣᠳᠠᠲᠠᠶ ᠲᠣᠬᠢᠷᠠᠭᠤᠯᠤᠯᠲᠠ ᠵᠢ ᠪᠠᠭᠳᠠᠭᠠᠭᠰᠠᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠤ᠂ ᠪᠠᠢᠭᠤᠯᠭ᠎ᠠ ᠨᠢᠭᠡᠴᠢ᠎ᠳᠦ ᠰᠤᠷᠤᠯᠴᠠᠯᠭ᠎ᠠ ᠬᠥᠮᠦᠵᠢᠯ᠎ᠦᠨ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠤᠯᠭᠠᠵᠠᠢ᠃
ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ ᠠᠵᠢᠯ᠎ᠤᠨ ᠲᠤᠰᠭᠠᠶ ᠠᠩᠭᠢ ᠪᠠᠢᠭᠤᠯᠵᠤ᠂ ᠬᠡᠷᠡᠭ᠌ᠵᠢᠭᠦᠯᠬᠦ᠌ ᠲᠥᠰᠦᠯ᠎ᠢ ᠰᠤᠳᠤᠯᠤᠨ ᠲᠣᠭ᠍ᠲᠠᠭᠠᠵᠤ᠂ 11 ᠵᠦᠶ᠋ᠯ᠎ᠦᠨ ᠠᠷᠭ᠎ᠠ ᠬᠡᠮᠵᠢᠶ᠎ᠡ᠂ 15 ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠨᠠᠷᠢᠯᠢᠬ᠍ᠵᠢᠭᠤᠯᠵᠤ᠂ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠨ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠶ ᠡᠬᠢᠯᠡᠭᠦᠯᠬᠦ᠌᠂ ᠪᠥᠬᠥ᠌ ᠲᠠᠯ᠎ᠠ᠎ᠪᠠᠷ ᠥᠷᠨᠢᠭᠦᠯᠬᠦ᠌᠂ ᠯᠠᠪᠳᠠᠭᠤᠨ ᠪᠠᠲᠤᠲᠠᠶ ᠠᠬᠢᠭᠤᠯᠬᠤ᠎ᠶ᠋ᠢ ᠪᠠᠲᠤᠯᠠᠪᠠ᠃ ᠰᠤᠷᠤᠯᠴᠠᠬᠤ ᠪᠠᠢᠴᠠᠭᠠᠬᠤ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠭᠦᠨᠵᠡᠭᠡᠢ ᠪᠠᠢᠴᠠᠭᠠᠨ ᠡᠷᠢᠵᠦ᠍᠂ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠴᠡᠭᠴᠡᠯᠡᠨ ᠰᠠᠢᠵᠢᠷᠠᠭᠤᠯᠵᠤ᠂ ᠲᠤᠪᠤᠢ᠌ᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠥᠷᠨᠢᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠬᠡᠯᠪᠡᠷᠢᠯ ᠵᠥᠷᠢᠶ᠎ᠠ ᠵᠢ ᠪᠦᠲᠦᠮᠵᠢᠳᠠᠢ ᠰᠡᠷᠭᠡᠢᠯᠡᠬᠦ ᠪᠠ ᠵᠠᠯᠠᠷᠠᠭᠤᠯᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠪᠡ᠃
ᠤᠰᠤᠨ ᠠᠱᠢᠭ᠍ᠯᠠᠯᠲᠠ᠎ᠶ᠋ᠢᠨ ᠶᠠᠮᠤᠨ ᠤ᠋ ᠬᠢᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠵᠤ᠂ ᠬᠡᠷᠡᠭ᠌ᠵᠢᠭᠦᠯᠬᠦ᠌ ᠲᠥᠰᠦᠯ᠎ᠢ ᠲᠤᠰᠭᠠᠶ ᠰᠡᠳᠦᠪ᠎ᠢᠶᠡᠷ ᠰᠤᠳᠤᠯᠤᠨ ᠬᠢᠨᠠᠨ ᠵᠦᠪᠯᠡᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠤ᠋ᠨ ᠬᠤᠷᠠᠯ ᠬᠤᠷᠠᠯᠳᠤᠭᠤᠯᠵᠤ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠬᠦ᠌ ᠲᠤᠬᠠᠶ ᠪᠠᠢᠷᠢᠯᠠᠭᠤᠯᠪᠠ᠃ ᠤᠰᠤᠨ ᠠᠱᠢᠭ᠍ᠯᠠᠯᠲᠠ᠎ᠶ᠋ᠢᠨ ᠶᠠᠮᠤᠨ᠂ ᠰᠤᠷᠤᠯᠴᠠᠵᠥ᠍ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠲᠦᠷᠢᠮ ᠲᠣᠭ᠍ᠲᠠᠭᠠᠯ ᠲᠣᠭ᠍ᠲᠠᠭᠠᠬᠤ᠂ ᠡᠭᠦᠳᠡ᠎ᠪᠡᠨ ᠨᠡᠭᠡᠭᠡᠵᠦ᠍ ᠬᠥᠮᠦᠵᠢᠭᠦᠯᠬᠦ᠌ ᠡᠯ᠎ᠡ ᠵᠦᠢᠯ᠎ᠦᠨ ᠠᠵᠢᠯ᠎ᠢ ᠴᠢᠩᠭ᠎ᠠ ᠪᠣᠳᠠᠲᠠᠢ ᠰᠠᠢᠲᠤᠷ ᠠᠳᠭᠤᠬᠤ᠎ᠶ᠋ᠢ ᠪᠠᠷᠢᠮᠲᠠᠯᠠᠵᠤ᠂ ᠭᠦᠨᠵᠡᠭᠡᠢ ᠰᠤᠷᠤᠯᠴᠠᠬᠤ᠂ ᠦᠨᠡᠨ ᠬᠦ᠌ ᠪᠠᠢᠴᠠᠭᠠᠬᠤ᠂ ᠪᠣᠳᠠᠲᠠᠢ ᠰᠠᠢᠵᠢᠷᠠᠭᠤᠯᠬᠤ ᠳᠡᠭᠡᠷ᠎ᠡ ᠬᠦᠴᠦ᠍ ᠣᠷᠣᠭᠤᠯᠤᠨ ᠦᠷ᠎ᠡ ᠪᠦᠲᠦᠮᠵᠢ ᠭᠠᠷᠭᠠᠵᠤ᠂ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠳᠤᠷᠠᠳᠪᠠ᠃
《ᠰᠤᠷᠤᠯᠴᠠᠬᠤ》 ᠵᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠠᠴᠢᠶᠠᠯᠠᠪᠤᠷᠢ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠪᠡ᠃ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠎ᠤ ᠡᠯ᠎ᠡ ᠵᠤᠷᠭᠠᠨ ᠲᠣᠪᠴᠢᠶ᠎ᠠ ᠨᠢᠭᠡᠴᠢ᠎ᠶ᠋ᠢᠨ ᠬᠢᠨ ᠡᠭᠦᠷᠭᠡ ᠲᠤᠰᠢᠶᠠᠯ᠎ᠤᠨ ᠪᠠᠢᠷᠢ ᠲᠣᠭ᠍ᠲᠠᠭᠠᠯᠲᠠ᠎ᠳᠠᠭᠠᠨ ᠰᠠᠭᠤᠷᠢᠯᠠᠵᠤ᠂ ᠰᠤᠷᠤᠯᠴᠠᠯᠭ᠎ᠠ ᠬᠥᠮᠦᠵᠢᠯ᠎ᠢ ᠥᠨᠳᠥᠷ ᠭᠠᠷᠤᠭ᠎ᠠ ᠡᠴᠡ ᠡᠬᠢᠯᠡᠭᠦᠯᠵᠤ᠂ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠤᠨᠤᠯ᠎ᠤᠨ ᠰᠤᠷᠤᠯᠴᠠᠯᠭ᠎ᠠ᠎ᠳᠤ ᠲᠥᠯᠥᠪᠯᠡᠭᠡ ᠲᠤᠬᠢᠷᠠᠭᠤᠯᠤᠯᠳᠠ ᠬᠢᠪᠡ᠄ ᠨᠣᠮ ᠤᠩᠱᠢᠬᠤ ᠠᠩᠬᠢ ᠡᠷᠬᠢᠯᠡᠵᠦ᠍ ᠤᠨᠤᠯ᠎ᠤᠨ ᠵᠡᠪᠰᠡᠭ᠌ᠯᠡᠯᠢᠶᠡᠨ ᠴᠢᠩᠭᠠᠳᠭᠠᠵᠤ᠂ ᠰᠤᠷᠤᠯᠴᠠᠵᠥ᠍ ᠰᠤᠳᠤᠯᠤᠨ ᠶᠠᠷᠢᠯᠴᠠᠬᠤ ᠪᠠ ᠭᠣᠣᠯ ᠰᠡᠳᠦᠪᠲᠦ ᠨᠠᠮ᠎ᠤᠨ ᠡᠳᠦᠷ᠂ ᠲᠤᠰᠭᠠᠢ ᠰᠡᠳᠦᠪᠲᠦ ᠨᠠᠮ᠎ᠤᠨ ᠬᠢᠴᠢᠶᠡᠯ ᠵᠡᠷᠭᠡ᠎ᠶ᠋ᠢ ᠭᠦᠨᠵᠡᠭᠡᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠢ ᠺᠠᠳ᠋ᠷ᠎ᠤᠨ ᠪᠣᠯᠪᠠᠰᠤᠷᠠᠯ᠎ᠤᠨ ᠭᠣᠣᠯ ᠴᠣᠭ᠍ᠴᠠ᠎ᠶ᠋ᠢᠨ ᠠᠩᠬᠢ ᠪᠣᠯᠤᠨ ᠳᠣᠲᠣᠭᠠᠳᠤ᠎ᠶ᠋ᠢᠨ ᠲᠣᠭᠣᠷᠢᠨ ᠪᠠᠢᠴᠠᠭᠠᠯᠳᠠ ᠵᠢᠨ ᠴᠢᠬᠤᠯᠠ ᠠᠭᠤᠯᠭ᠎ᠠ᠎ᠳᠤ ᠣᠷᠣᠭᠤᠯᠪᠠ ᠁ ᠨᠠᠮ᠎ᠤᠨ ᠭᠡᠱᠢᠭᠦᠨ ᠺᠠᠳ᠋ᠷᠴᠤᠳ᠎ᠤᠨ ᠳᠤᠮᠳᠠ ᠵᠢᠳᠬᠦᠯ ᠴᠢᠷᠮᠠᠢᠯᠭ᠎ᠠ ᠭᠠᠷᠭᠠᠬᠤ᠂ ᠬᠦᠴᠦᠯᠡᠨ ᠴᠢᠷᠮᠠᠢᠬᠤ ᠰᠠᠢ᠌ᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠪᠠ᠃
ᠣᠨᠣᠯ᠎ᠤᠨ ᠰᠤᠷᠤᠯᠴᠠᠯᠭ᠎ᠠ᠎ᠶ᠋ᠢ ᠭᠦᠨᠵᠡᠭᠡᠢᠷᠡᠭᠦᠯᠵᠦ᠍ ᠦᠵᠡᠯ ᠰᠠᠨᠠᠭᠠᠨ᠎ᠤ ᠰᠠᠭᠤᠷᠢ᠎ᠶ᠋ᠢ ᠪᠠᠲᠤᠳᠬᠠᠪᠠ
ᠴᠢᠨᠠᠷ ᠰᠠᠢᠲᠠᠢ ᠬᠢᠨᠠᠨ ᠪᠤᠳᠤᠬᠤ ᠬᠢᠨᠠᠯᠲᠠ᠎ᠪᠠᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠠᠵᠤ᠂ ᠬᠢᠨᠠᠨ ᠪᠤᠳᠤᠬᠤ ᠵᠠᠬᠢᠷᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ ᠲᠦᠷᠦᠭᠦᠯᠡᠨ 《ᠨᠢᠭᠡᠳᠦᠭᠡᠷ ᠵᠥᠪᠯᠡᠬᠦ᠌ ᠰᠡᠳᠦᠪ》 ᠵᠢᠡᠷ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠥᠪᠯᠡᠷᠡᠭᠦᠯᠦᠨ ᠰᠤᠷᠤᠯᠴᠠᠨ ᠲᠤᠭᠤᠱᠢᠯᠠᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠤᠨ ᠭᠡᠱᠢᠭᠦᠨ ᠺᠠᠳ᠋ᠷ᠎ᠢ ᠳᠠᠭᠠᠭᠤᠯᠤᠨ 《ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠥᠭᠦᠯᠡᠯᠲᠡ᠎ᠶ᠋ᠢᠨ ᠲᠡᠭᠦᠪᠦᠷᠢ》 ᠵᠡᠷᠭᠡ᠎ᠶ᠋ᠢ ᠲᠡᠷᠡ ᠬᠡᠪ᠎ᠢᠶᠡᠷ ᠨᠢ ᠰᠤᠷᠤᠯᠴᠠᠵᠤ᠂ ᠰᠤᠷᠤᠯᠴᠠᠬᠤ᠎ᠪᠠᠷ ᠳᠠᠮᠵᠢᠨ ᠦᠵᠡᠯ ᠰᠠᠨᠠᠭ᠎ᠠ ᠲᠠᠨᠢᠯᠲᠠ ᠪᠣᠯᠤᠨ ᠨᠠᠮᠴᠢ ᠴᠢᠨᠠᠷ᠎ᠤᠨ ᠤᠬᠠᠮᠰᠠᠷ᠎ᠢᠶᠠᠨ ᠳᠡᠭᠡᠭ᠌ᠰᠢᠯᠡᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ ᠪᠣᠯᠤᠨ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠬᠠᠪᠠ᠃
ᠬᠡᠳᠦᠨ ᠡᠳᠦᠷ᠎ᠦᠨ ᠲᠤᠷᠰᠢ᠂ ᠤᠯᠤᠰ᠎ᠤᠨ ᠠᠮᠤᠷ ᠲᠦᠪᠱᠢᠨ᠎ᠦ ᠪᠠᠢᠭᠤᠯᠭ᠎ᠠ ᠰᠦᠯᠵᠢᠶ᠎ᠡ᠂ ᠰᠡᠳᠬᠦᠯ᠂ ᠳᠡᠯᠭᠡᠴᠡ᠂ ᠦᠵᠡᠭᠦᠯᠭᠡ᠂ ᠬᠣᠩᠭᠢᠯ ᠵᠡᠷᠭᠡ ᠵᠢᠭ᠍ᠰᠠᠭᠠᠯ᠎ᠤᠨ ᠭᠠᠵᠠᠷ᠎ᠤᠨ ᠠᠴᠢᠶᠠᠯᠠᠪᠤᠷᠢ᠎ᠶ᠋ᠢ ᠰᠠᠢᠲᠤᠷ ᠬᠡᠷᠡᠭ᠌ᠯᠡᠵᠦ᠍᠂ ᠰᠤᠷᠤᠯᠴᠠᠯᠭ᠎ᠠ ᠬᠥᠮᠦᠵᠢᠯ᠎ᠦᠨ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃ ᠡᠯ᠎ᠡ ᠱᠠᠲᠤᠨ᠎ᠤ ᠤᠯᠤᠰ᠎ᠤᠨ ᠠᠮᠤᠷ ᠲᠦᠪᠱᠢᠨ᠎ᠦ ᠪᠠᠢᠭᠤᠯᠭ᠎ᠠ ᠲᠣᠰ ᠪᠡᠶ᠎ᠡ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠣᠰ ᠨᠢᠭᠡᠴᠢ᠎ᠶ᠋ᠢᠨ᠎ᠢᠶᠡᠨ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ᠎ᠢ ᠦᠳᠲᠡᠷ ᠲᠦᠷᠭᠡᠨ ᠰᠤᠳᠤᠯᠤᠨ ᠲᠣᠭ᠍ᠲᠠᠭᠠᠬᠤ᠎ᠶ᠋ᠢᠨ ᠬᠠᠮᠲᠤ ᠨᠠᠮ᠎ᠤᠨ ᠬᠣᠷᠢᠶ᠎ᠠ᠂ ᠨᠠᠮ᠎ᠤᠨ ᠡᠭᠦᠷ᠎ᠦᠨ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠬᠡᠯᠪᠡᠷᠢ᠎ᠪᠡᠷ ᠳᠠᠮᠵᠢᠨ ᠰᠤᠷᠤᠯᠴᠠᠯᠭ᠎ᠠ ᠬᠥᠮᠦᠵᠢᠯ᠎ᠳᠦ ᠲᠣᠬᠢᠷᠠᠭᠤᠯᠤᠯᠲᠠ ᠬᠢᠪᠠ᠃ ᠨᠢᠭᠡᠨ ᠵᠠᠯᠠᠭᠤ ᠺᠠᠳ᠋ᠷ ᠴᠠᠭ᠍ᠳᠠᠭ᠎ᠠ᠄ 《ᠠᠵᠢᠯ ᠦᠢᠯᠡᠰ᠎ᠤᠨ ᠠᠩᠬᠠᠨ᠎ᠤ ᠱᠠᠲᠤᠨ᠎ᠳᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠪᠣᠶ ᠪᠣᠯᠭᠠᠬᠤ ᠨᠢ ᠶᠠᠭ ᠴᠠᠭ᠎ᠲᠠᠭᠠᠨ ᠲᠤᠬᠢᠶᠠᠵᠤ᠂ ᠮᠠᠰᠢ ᠴᠢᠬᠤᠯᠠ ᠠᠴᠢ ᠬᠣᠯᠪᠣᠭ᠍ᠳᠠᠯ᠎ᠲᠠᠶ ᠪᠤᠯᠵᠠᠢ᠂ ᠰᠤᠷᠤᠯᠴᠠᠯᠭ᠎ᠠ ᠬᠥᠮᠦᠵᠢᠯ᠎ᠢ ᠭᠤᠤᠯ ᠠᠵᠢᠯ᠎ᠢᠶᠠᠨ ᠠᠬᠢᠭᠤᠯᠬᠤ᠎ᠯᠤᠭ᠎ᠠ ᠨᠢᠭ᠍ᠲᠠ ᠤᠶᠠᠯᠳᠤᠭᠤᠯᠵᠤ᠂ ᠪᠣᠳᠠᠲᠠᠶ ᠠᠵᠢᠯᠯᠠᠵᠤ ᠪᠣᠳᠠᠲᠤ ᠠᠮᠵᠢᠯᠲᠠ ᠪᠦᠳᠦᠮᠵᠢ ᠭᠠᠷᠭᠠᠬᠤ᠎ᠪᠠᠷ ᠤᠯᠤᠰ᠎ᠤᠨ ᠠᠮᠤᠷ ᠲᠦᠪᠱᠢᠨ᠎ᠦ ᠡᠭᠦᠷᠭᠡᠯᠡᠯ᠎ᠢ ᠢᠯᠡᠷᠡᠬᠦᠯᠦᠨ᠎ᠡ》 ᠭᠡᠵᠦ ᠢᠯᠡᠳᠭᠡᠪᠡ᠃
ᠠᠵᠢᠯ᠎ᠤᠨ ᠰᠠᠨᠠᠭᠤᠯᠤᠮᠵᠢ ᠳᠠᠷᠤᠮᠠᠯᠯᠠᠨ ᠲᠠᠷᠬᠠᠭᠠᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠨᠣᠮ ᠤᠩᠱᠢᠬᠤ ᠠᠩᠭᠢ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠬᠤ ᠲᠥᠰᠦᠯ᠎ᠢ ᠭᠠᠷᠳᠠᠨ ᠲᠣᠭ᠍ᠲᠠᠭᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠦᠵᠡᠯᠲᠡ᠎ᠶ᠋ᠢᠨ ᠵᠥᠪ ᠪᠤᠷᠤᠭᠤ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠠᠢᠷᠠᠭᠤᠯᠤᠨ ᠳᠠᠷᠤᠮᠠᠯᠯᠠᠵᠤ᠂ ᠰᠡᠷᠡᠮᠵᠢᠯᠡᠭᠦᠯᠬᠦ᠌ ᠬᠥᠮᠦᠵᠢᠯ᠎ᠦᠨ ᠭᠠᠷᠠᠭ᠎ᠤᠨ ᠠᠵᠢᠯᠯᠠᠭ᠎ᠠ᠎ᠶ᠋ᠢ ᠤᠬᠠᠭᠠᠯᠠᠨ ᠲᠥᠯᠥᠪᠯᠡᠪᠡ ᠁ ᠡᠳ᠋᠎ᠦᠨ ᠵᠠᠰᠠᠭ᠎ᠤᠨ ᠶᠠᠮᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠨᠢ 《ᠲᠤᠬᠠᠶ᠎ᠶ᠋ᠢᠨ ᠲᠠᠯᠠᠪᠠᠶ + ᠸᠢᠳᠢᠤ᠋》᠎ᠶ᠋ᠢᠨ ᠠᠷᠭ᠎ᠠ ᠮᠠᠶᠢᠭ᠎ᠢᠶᠠᠷ ᠶᠠᠮᠤᠨ᠎ᠤ ᠳᠣᠲᠣᠷᠠᠬᠢ ᠡᠯ᠎ᠡ ᠨᠢᠭᠡᠴᠢ ᠪᠠ ᠡᠯ᠎ᠡ ᠭᠠᠵᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢ ᠬᠠᠮᠤᠷᠴᠤ᠌᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌᠎ᠶ᠋ᠢ ᠡᠳ᠋᠎ᠦᠨ ᠵᠠᠰᠠᠭ᠎ᠤᠨ ᠠᠵᠢᠯ᠎ᠤᠨ ᠡᠯ᠎ᠡ ᠲᠠᠯ᠎ᠠ᠂ ᠪᠥᠬᠥ᠌ ᠶᠠᠪᠤᠴᠠ᠎ᠳᠤ ᠨᠠᠢᠳᠠᠪᠤᠷᠢᠵᠢᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ᠂ ᠲᠠᠷᠢᠬᠢᠨ᠎ᠳᠠᠭᠠᠨ ᠰᠢᠨᠭᠭᠡᠭᠡᠵᠦ ᠰᠡᠳᠭᠢᠯ᠎ᠳᠡᠭᠡᠨ ᠬᠠᠳᠠᠩᠱᠢᠭᠤᠯᠬᠤ᠎ᠶ᠋ᠢ ᠬᠥᠲᠥᠯᠥᠨ ᠵᠢᠯᠣᠭᠣᠳᠭᠤ ᠬᠡᠷᠡᠭ᠌ᠲᠡᠶ ᠭᠡᠵᠦ᠍ ᠱᠠᠭᠠᠷᠳᠠᠪᠠ᠃
ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠴᠢᠩᠭᠠᠳᠭᠠᠪᠠ
ᠬᠥᠮᠦᠨ᠎ᠦ ᠰᠡᠳᠭᠢᠯ᠎ᠢ ᠤᠯᠬᠤ᠂ ᠬᠥᠮᠦᠨ᠎ᠦ ᠰᠡᠳᠭᠢᠯ᠎ᠢ ᠳᠤᠯᠠᠭᠠᠴᠠᠭᠤᠯᠬᠤ᠂ ᠬᠥᠮᠦᠨ᠎ᠦ ᠰᠡᠳᠭᠢᠯ᠎ᠢ ᠲᠣᠭ᠍ᠲᠠᠪᠤᠷᠢᠵᠢᠭᠤᠯᠬᠤ ᠠᠵᠢᠯ᠎ᠢ ᠬᠢᠬᠦ᠌ ᠪᠣᠯ ᠳᠠᠷᠤᠢ ᠡᠪ ᠬᠠᠮᠲᠤᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ ᠮᠥᠨ᠃
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ᠎ᠶ᠋ᠢᠨ ᠬᠢᠨᠡᠨ ᠪᠠᠢᠴᠠᠭᠠᠬᠤ ᠲᠣᠪᠴᠢᠶ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ ᠣᠯᠠᠨ ᠲᠦᠮᠡᠨ᠎ᠦ ᠲᠤᠰᠭᠠᠭ᠍ᠰᠠᠨ ᠠᠮᠢ ᠠᠬᠤᠶ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠨᠠᠷᠢᠨ ᠬᠢᠨᠠᠮᠠᠭᠠᠶ ᠵᠢᠭ᠍ᠰᠠᠭᠠᠨ ᠪᠠᠢᠴᠠᠭᠠᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠤᠯᠤᠰ᠎ᠲᠠᠭᠠᠨ ᠵᠢᠳᠬᠦᠬᠦ᠌ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠵᠣᠬᠢᠴᠠᠭᠤᠯᠬᠤ ᠲᠣᠪᠴᠢᠶ᠎ᠠ᠎ᠡᠴᠡ ᠬᠢᠨᠠᠨ ᠪᠠᠢᠴᠠᠭᠠᠬᠤ ᠬᠤᠷᠴᠠ ᠰᠡᠯᠡᠮ᠎ᠡ᠎ᠶ᠋ᠢᠨ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ ᠁ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠡᠴᠡ ᠰᠤᠷᠤᠯᠴᠠᠯᠭ᠎ᠠ ᠬᠥᠮᠦᠵᠢᠯ᠎ᠢ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠥᠪ᠎ᠦᠨ ᠠᠵᠢᠯ᠎ᠲᠠᠶ ᠣᠷᠭᠠᠨᠢᠭ᠎ᠢᠶᠠᠷ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠦᠨ ᠣᠯᠤᠯᠲᠠ᠎ᠪᠠᠨ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠬᠥᠳᠡᠯᠭᠡᠬᠦ᠌ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
《ᠠᠷᠪᠠᠨ ᠲᠠᠪᠤᠳᠤᠭᠠᠷ ᠲᠠᠪᠤᠨ ᠵᠢᠯ》᠎ᠤ᠋ᠨ ᠱᠢᠨ᠎ᠡ ᠠᠶᠠᠨ᠎ᠢᠶᠠᠨ ᠡᠬᠢᠯᠡᠭᠦᠯᠵᠦ᠍᠂ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃
ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠂ ᠠᠷᠠᠳ᠎ᠤᠨ ᠪᠦᠯᠬᠦᠮ᠎ᠦᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠦᠮᠦᠵᠢᠯᠢᠶᠡᠷᠠᠵᠠ ᠲᠣᠬᠢᠶᠠᠯ ᠪᠣᠯᠭᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠴᠢᠩᠭᠠᠳᠭᠠᠵᠤ᠂ ᠣᠯᠠᠨ ᠲᠦᠮᠡᠨ᠎ᠳᠦ ᠢᠯᠡᠭᠦᠬᠡᠨ ᠪᠣᠳᠠᠲᠤ ᠶᠠᠪᠤᠳᠠᠯ ᠬᠢᠵᠦ᠍ ᠥᠭ᠌ᠬᠦᠨ᠎ᠠ ᠭᠡᠵᠤ ᠢᠯᠡᠳᠭᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 16 ᠤ᠋ ᠴᠠᠬᠢᠯᠭᠠᠨ ᠮᠡᠳᠡᠭᠡ ᠡᠴᠡ)