3 ᠰᠠᠷ᠎ᠠ᠎ᠶ᠋ᠢᠨ 18 ᠤ᠋ ᠡᠳᠦᠷ᠂ ᠵᠢᠩ ᠳ᠋ᠦᠩ ᠹᠠᠩ ᠪᠦᠯᠦᠭᠯᠡᠯ ᠤᠨ ᠬᠤᠪᠢᠶᠠᠷᠢ ᠺᠣᠮᠫᠠᠨᠢ᠎ᠶ᠋ᠢᠨ ᠣᠷᠳᠣᠰ ᠬᠣᠲᠠ᠎ᠶ᠋ᠢᠨ ᠶᠤᠸᠠᠨ ᠱᠧᠩ ᠬᠡᠷᠡᠯᠴᠢ ᠴᠡᠨᠡᠭ ᠴᠠᠬᠢᠯᠭᠠᠨ ᠤ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠬᠦ᠌ ᠲᠥᠪ᠎ᠦᠨ ᠬᠤᠷᠠᠯ ᠤᠨ ᠬᠡᠷ ᠲᠦ ᠬᠥᠷ ᠬᠥᠭ᠌ᠵᠢᠶᠡᠨ᠎ᠢᠶᠡᠷ ᠪᠢᠯᠬᠠᠨ᠎ᠠ᠃ ᠺᠣᠮᠫᠠᠨᠢ᠎ᠶ᠋ᠢᠨ 60 ᠭᠠᠷᠤᠶ ᠬᠠᠮᠢᠶᠠᠷᠤᠯᠲᠠ ᠶ᠋ᠢᠨ ᠺᠠᠳ᠋ᠷ ᠵᠢᠴᠢ ᠮᠡᠷᠭᠡᠵᠢᠯ᠎ᠦᠨ ᠭᠤᠤᠯᠯᠠᠭ᠍ᠴᠢ ᠬᠦᠴᠦᠨ ᠪᠥᠬᠥ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠵᠢᠩ ᠳ᠋ᠦᠩ ᠹᠠᠩ ᠪᠦᠯᠦᠭᠯᠡᠯ᠎ᠤᠨ ᠣᠷᠳᠣᠰ᠎ᠤᠨ ᠣᠷᠣᠨ ᠪᠦᠰᠡ᠎ᠶ᠋ᠢᠨ ᠬᠦᠭᠵᠢᠯᠳᠠ ᠵᠢᠨ ᠠᠯᠪᠠᠨ ᠬᠡᠷ᠎ᠦᠨ ᠬᠠᠷᠢᠭᠤᠴᠠᠯᠭᠠᠲᠠᠨ ᠴᠢ ᠢᠦᠶ ᠴᠢᠨ᠎ᠲᠠᠢ ᠬᠠᠮᠲᠤ ᠰᠠᠭᠤᠯᠴᠠᠵᠤ᠂ ᠴᠢ ᠢᠦᠶ ᠴᠢᠨ ᠡᠴᠡ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭᠠᠨ᠎ᠤ ᠲᠣᠭᠣᠷᠢᠨ᠎ᠳᠤ᠂ ᠠᠵᠢᠯ ᠲᠥᠷᠥᠯ ᠦᠨ ᠣᠳᠣᠬᠢ ᠪᠠᠢᠳᠠᠯ ᠪᠣᠯᠤᠨ ᠢᠷᠡᠭᠡᠳᠦᠶ᠎ᠶ᠋ᠢᠨ ᠬᠥᠭ᠌ᠵᠢᠯᠲᠡ᠎ᠶ᠋ᠢᠨ ᠴᠢᠭ᠌ᠯᠡᠯ ᠲᠡᠶ ᠤᠶᠠᠯᠳᠤᠭᠤᠯᠤᠨ᠂ ᠬᠠᠮᠵᠢᠯᠴᠠᠨ ᠱᠢᠨ᠎ᠡ ᠶ᠋ᠢ ᠡᠭᠦᠳᠬᠦ᠌᠎ᠪᠡᠷ ᠠᠵᠤ ᠦᠶ᠋ᠯᠡᠰ᠎ᠦᠨ ᠬᠡᠯᠪᠡᠷᠢ ᠪᠡᠨ ᠬᠤᠪᠢᠷᠠᠭᠤᠯᠬᠤ ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠦᠷᠭᠦᠯᠵᠢᠯᠡᠨ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠭᠡᠷᠡᠢ ᠭᠡᠵᠦ ᠲᠡᠳᠡᠨ ᠵᠢᠠᠨ ᠤᠷᠢᠶᠠᠯᠠᠪᠠ᠃
《2026 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 〈ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌ ᠬᠡᠷᠡᠭ᠌ᠲᠡᠢ〉 ᠭᠡᠵᠦ᠍ ᠲᠣᠳᠣᠷᠬᠠᠢ ᠳᠤᠷᠠᠳᠴᠤ᠌᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠲᠡᠦᠬᠡᠨ ᠠᠵᠠ ᠲᠣᠬᠢᠶᠠᠯ ᠢ ᠠᠮᠵᠢᠵᠤ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠴᠢᠨᠠᠷ ᠰᠠᠢᠲᠠᠢ ᠬᠥᠭ᠌ᠵᠢᠯᠲᠡ᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ》᠃ ᠤᠬᠠᠭᠤᠯᠤᠨ ᠲᠠᠢᠯᠪᠤᠷᠢᠯᠠᠬᠤ ᠳᠤᠮᠳᠠ᠂ ᠴᠢ ᠢᠦᠢ ᠴᠢᠨ ᠦᠪᠡᠷ᠎ᠤᠨ᠎ᠢᠶᠡᠨ ᠪᠦᠬᠦ᠌ ᠤᠯᠤᠰ᠎ᠤᠨ ᠬᠣᠶᠠᠷ ᠬᠤᠷᠠᠯ ᠳᠡᠭᠡᠷᠡᠬᠢ ᠲᠤᠱᠢᠶᠠᠯ᠎ᠢᠶᠠᠨ ᠭᠦᠢᠴᠡᠳᠭᠡᠭ᠌ᠰᠡᠨ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠪᠦᠬᠦ᠌ ᠤᠯᠤᠰ᠎ᠤᠨ ᠬᠣᠶᠠᠷ ᠬᠤᠷᠠᠯ᠎ᠲᠡᠭᠡᠷ᠎ᠡ᠎ᠬᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ᠎ᠳᠡᠬᠢ ᠳᠡᠮᠵᠢᠯᠭᠡ ᠵᠢᠨ ᠲᠦᠷᠦ᠍᠎ᠶ᠋ᠢᠨ ᠪᠤᠳᠤᠯᠭ᠎ᠠ᠎ᠶ᠋ᠢ ᠱᠢᠰᠲ᠋ᠧᠮ᠎ᠲᠡᠶ ᠡᠮᠬᠢᠯᠡᠪᠡ᠃ ᠲᠡᠷᠡ᠂ ᠵᠢᠩ ᠳ᠋ᠦᠩ ᠹᠠᠩ ᠪᠦᠯᠦᠭᠯᠡᠯ᠎ᠤᠨ 《ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠯ᠎ᠤᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠬᠦ᠌》᠂ 《ᠬᠠᠮᠵᠢᠯᠴᠠᠨ ᠱᠢᠨ᠎ᠡ᠎ᠶ᠋ᠢ ᠡᠭᠦᠳᠬᠦ᠌ ᠠᠵᠤ ᠦᠶ᠋ᠯᠡᠰ᠎ᠦᠨ ᠠᠮᠢ ᠠᠬᠤᠶ᠎ᠶ᠋ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌》 ᠵᠡᠷᠭᠡ ᠬᠥᠭ᠌ᠵᠢᠯᠲᠡ᠎ᠶ᠋ᠢᠨ ᠲᠥᠯᠥᠪᠵᠢᠭᠦᠯᠭᠡ᠎ᠨᠢ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢᠨ ᠤᠳᠤᠷᠢᠳᠤᠮᠵᠢ᠎ᠲᠠᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠨ᠎ᠠ ᠭᠡᠵᠡᠢ᠃
ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠴᠢ ᠢᠦᠶ ᠴᠢᠨ 《ᠪᠥᠬᠥ᠌ ᠬᠡᠯᠬᠢᠶᠡᠨ᠎ᠦ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠱᠢᠰᠲ᠋ᠧᠮ᠎ᠢ ᠪᠠᠢᠭᠤᠯᠵᠤ ᠠᠵᠤ ᠦᠶ᠋ᠯᠡᠰ᠎ᠦᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠤᠬᠠᠶ ᠰᠠᠨᠠᠭᠤᠯᠭ᠎ᠠ》᠂ 《ᠭᠠᠳᠠᠭᠠᠳᠤ᠎ᠳᠠᠬᠢ ᠲᠣᠭ᠍ᠲᠠᠭᠠᠯ᠎ᠳᠤ ᠨᠡᠢᠴᠡᠬᠦ᠌ ᠠᠶᠤᠯ ᠲᠦᠭ᠌ᠰᠢᠭᠦᠷᠢ᠎ᠶ᠋ᠢ ᠠᠷᠭᠠᠴᠠᠭᠠᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠠᠬᠤᠢᠯᠠᠯ ᠤᠨ 〈ᠭᠠᠳᠠᠭ᠍ᠰᠢ ᠭᠠᠷᠬᠤ〉 ᠶ᠋ᠢ ᠳᠡᠮᠵᠢᠬᠦ᠌ ᠲᠤᠬᠠᠶ ᠰᠠᠨᠠᠭᠤᠯᠭ᠎ᠠ》 ᠵᠡᠷᠭᠡ 4 ᠰᠠᠨᠠᠭᠤᠯᠭ᠎ᠠ ᠳᠡᠪᠱᠢᠭᠦᠯᠪᠡ᠃
ᠴᠢ ᠢᠦᠢ ᠴᠢᠨ᠄ 《ᠳᠡᠯᠭᠡᠴᠡᠨᠤ ᠠᠵᠤ ᠦᠢᠯᠡᠰ ᠪᠣᠯ ᠮᠠᠨ᠎ᠤ ᠤᠯᠤᠰ᠎ᠤᠨ ᠪᠦᠬᠦ᠌ ᠪᠥᠮᠪᠥᠷᠴᠡᠭ᠎ᠦᠨ ᠲᠡᠷᠢᠭᠦᠨ᠎ᠦ ᠳᠠᠪᠠᠭᠤᠯᠢᠭ᠎ᠲᠠᠶ 〈ᠳᠡᠢᠯᠦᠩᠬᠦᠢ ᠠᠵᠤ ᠦᠢᠯᠡᠰ〉 ᠪᠣᠯᠤᠨ᠎ᠠ᠂〈ᠠᠷᠪᠠᠨ ᠳᠠᠪᠤᠳᠤᠭᠠᠷ ᠳᠠᠪᠤᠨ ᠵᠢᠯ〉᠎ᠤ᠋ᠨ ᠡᠬᠢᠯᠡᠯᠲᠡ᠎ᠶ᠋ᠢᠨ ᠵᠢᠯ ᠳᠦ᠂ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠵᠢᠩ ᠳ᠋ᠦᠩ ᠹᠠᠩ᠎ᠤᠨ᠎ᠬᠢᠨ ᠦᠪᠡᠷ᠎ᠢᠶᠡᠨ ᠴᠢᠨᠠᠷ ᠰᠠᠢᠲᠠᠶ ᠬᠥᠭ᠌ᠵᠢᠬᠦ ᠪᠠᠷ ᠪᠠᠷᠠᠬᠤ ᠥᠬᠡᠶ᠂ ᠨᠠᠩ ᠴᠤ᠌ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠭᠤᠤᠯᠯᠠᠬᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠠᠵᠤ ᠦᠶ᠋ᠯᠡᠰ ᠦᠨ ᠱᠢᠨ᠎ᠡ᠎ᠶ᠋ᠢ ᠡᠭᠦᠳᠬᠦ᠌᠎ᠶ᠋ᠢ ᠳᠠᠢᠴᠢᠯᠠᠵᠤ᠂ 〈ᠳᠡᠯᠭᠡᠴᠡ᠎ᠶ᠋ᠢᠨ ᠪᠣᠳᠠᠰ᠎ᠤᠨ ᠬᠣᠯᠪᠣᠭ᠎ᠠ〉 ᠶ᠋ᠢᠨ ᠬᠥᠭ᠌ᠵᠢᠯᠲᠡ᠎ᠶ᠋ᠢᠨ ᠠᠷᠭ᠎ᠠ ᠵᠠᠮ᠎ᠢᠶᠠᠷ 〈N ᠳ᠋ᠤᠭᠠᠷ ᠮᠤᠷᠤᠶ ᠱᠤᠭᠤᠮ〉 ᠢ᠋ ᠦᠷᠭᠦᠯᠵᠢᠯᠡᠨ ᠤᠷᠲᠤᠳᠭᠠᠬᠤ ᠳᠦ ᠬᠦᠳᠡᠯᠭᠡᠭᠦᠷ ᠪᠤᠯᠵᠤ᠂ ᠨᠠᠩ ᠣᠯᠠᠨ ᠲᠥᠰᠦᠭᠡᠯᠡᠨ ᠪᠤᠳᠤᠬᠤ ᠣᠷᠣᠨ ᠵᠠᠶ᠎ᠶ᠋ᠢ ᠨᠡᠭᠡᠭᠡᠨ᠎ᠡ᠂ ᠵᠢᠩ ᠳ᠋ᠦᠩ ᠹᠠᠩ ᠳᠡᠯᠭᠡᠴᠡ ᠡᠴᠡ ᠡᠬᠢᠯᠡᠭ᠌ᠰᠡᠨ ᠪᠣᠯᠪᠠᠴᠤ᠌ ᠳᠡᠯᠭᠡᠴᠡ ᠦᠢᠯᠡᠳᠪᠦᠷᠢᠯᠡᠭᠦ ᠪᠡᠷ ᠵᠣᠭ᠍ᠰᠣᠬᠤ ᠦᠭᠡᠢ᠂ ᠠᠬᠤᠢ ᠪᠠᠢᠳᠠᠯ᠎ᠤᠨ ᠱᠢᠨ᠎ᠡ ᠡᠭᠦᠳᠦᠯᠲᠡ᠎ᠪᠡᠷ ᠳᠠᠮᠵᠢᠨ ᠤᠯᠠᠨ ᠠᠵᠢᠯ ᠲᠦᠷᠦᠯ᠎ᠳᠦ ᠬᠦᠴᠦᠨ ᠴᠢᠳᠠᠯ ᠤᠯᠭᠤᠵᠤ᠂ ᠳᠤᠮᠳᠠᠳᠤ ᠤᠯᠤᠰ᠎ᠤᠨ ᠳᠡᠯᠭᠡᠴᠡᠨᠤ ᠠᠵᠤ ᠦᠢᠯᠡᠰ᠎ᠦᠨ ᠬᠡᠪᠴᠢᠶ᠎ᠡ ᠪᠡᠷ ᠳᠦᠷᠦᠭᠦᠯᠡᠵᠦ ᠪᠠᠢᠭᠰᠠᠨ ᠡᠴᠡ ᠦᠷᠳᠡᠭ ᠢ ᠲᠣᠮᠢᠶᠠᠯᠠᠬᠤ ᠲᠡᠢᠰᠢ ᠤᠷᠤᠭ᠍ᠰᠢᠯᠠᠬᠤ᠎ᠶ᠋ᠢ ᠬᠠᠮᠲᠤ᠎ᠪᠠᠷ ᠠᠬᠢᠭᠤᠯᠤᠨ᠎ᠠ》 ᠭᠡᠵᠦ ᠢᠯᠡᠳᠬᠡᠪᠡ᠃
《ᠰᠠᠶᠢᠬᠠᠨ ᠤ᠋ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠴᠢ ᠢᠦᠢ ᠴᠢᠨ ᠲᠥᠯᠥᠭᠡᠯᠡᠭ᠌ᠴᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠢ᠎ᠶ᠋ᠢᠨ ᠠᠵᠤ ᠦᠢᠯᠡᠰ᠎ᠢ ᠪᠠᠢᠷᠢᠱᠢᠭᠤᠯᠬᠤ ᠲᠤᠬᠠᠢ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯ᠎ᠢ ᠨᠠᠷᠢᠨ ᠲᠠᠢᠯᠪᠤᠷᠢᠯᠠᠪᠠ᠂ ᠮᠢᠨᠦ᠍ ᠬᠠᠮᠤᠭ ᠤᠨ ᠭᠦᠨ ᠲᠦᠷᠦᠭ᠌ᠳᠡᠯ᠎ᠲᠡᠶ ᠬᠣᠶᠠᠷ ᠵᠠᠩᠭᠢᠯᠠᠭ᠎ᠠ᠎ᠶ᠋ᠢᠨ ᠦᠭᠡ ᠪᠣᠯ 〈ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ〉 ᠪᠣᠯᠤᠨ 〈ᠱᠢᠨ᠎ᠡ᠎ᠪᠡᠷ ᠮᠠᠨᠳᠤᠭ᠍ᠰᠠᠨ ᠲᠤᠯᠭᠠᠭᠤᠷᠢ ᠠᠵᠤ ᠦᠢᠯᠡᠰ〉 ᠪᠣᠯᠤᠨ᠎ᠠ᠂ ᠡᠨᠡ ᠬᠣᠶᠠᠷ ᠵᠠᠩᠭᠢᠯᠠᠭ᠎ᠠ᠎ᠶ᠋ᠢᠨ ᠦᠭᠡ ᠵᠢ ᠦᠢᠯᠡᠳᠦᠯᠭᠡᠵᠢᠬᠦᠯᠦᠨ ᠨᠠᠢᠳᠠᠪᠤᠷᠢᠵᠢᠭᠤᠯᠬᠤ ᠨᠢ ᠶᠠᠭ ᠮᠠᠨ᠎ᠤ ᠠᠵᠢᠯ᠎ᠤᠨ ᠬᠦᠷᠢᠶ᠎ᠠ ᠴᠠᠷᠠᠭ᠎ᠠ᠎ᠲᠡᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠨ᠎ᠠ᠂ ᠪᠢᠳᠠᠨ᠎ᠤ ᠬᠢᠵᠤ ᠪᠠᠢᠭ᠎ᠠ ᠳᠡᠯᠭᠡᠴᠡᠨᠤ ᠠᠵᠢᠯ ᠲᠦᠷᠦᠯ ᠪᠣᠯ ᠳᠠᠷᠤᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠢ ᠬᠥᠭ᠌ᠵᠢᠭᠦᠯᠬᠦ᠌ ᠭᠣᠣᠯ ᠠᠴᠢᠶᠠᠯᠠᠪᠤᠷᠢ ᠪᠣᠯᠤᠨ᠎ᠠ᠃ ᠺᠣᠮᠫᠠᠨᠢ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠭᠡ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠵᠥᠪᠬᠡᠨ ᠣᠳᠣᠬᠠᠨ᠎ᠤ ᠮᠡᠳᠡᠭᠦᠯᠦᠯᠲᠡ᠎ᠶ᠋ᠢᠨ ᠬᠦᠰᠦᠨᠦᠭ᠌ᠲᠦ᠍᠎ᠶ᠋ᠢ ᠬᠠᠷᠠᠭᠠᠳ ᠪᠠᠢᠵᠤ ᠪᠣᠯᠬᠤ ᠦᠭᠡᠢ᠂ ᠨᠠᠩ ᠴᠤ᠌ ᠲᠠᠪᠤᠨ ᠵᠢᠯ᠂ ᠠᠷᠪᠠᠨ ᠵᠢᠯ᠎ᠦᠨ ᠳᠠᠷᠠᠭᠠᠬᠢ ᠠᠵᠤ ᠦᠢᠯᠡᠰ᠎ᠦᠨ ᠢᠷᠡᠬᠡᠳᠦᠢ᠎ᠶ᠋ᠢ ᠲᠣᠳᠣᠷᠬᠠᠶ ᠦᠵᠡᠬᠦ᠌ ᠬᠡᠷᠡᠭ᠌ᠲᠡᠶ᠃ ᠬᠣᠢᠱᠢᠳᠠ᠎ᠶ᠋ᠢᠨ ᠠᠵᠢᠯ᠎ᠤᠨ ᠳᠤᠮᠳᠠ᠂ ᠪᠢᠳᠡ ᠪᠠᠰᠠ ᠬᠣᠶᠠᠷ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠲᠠ ᠤᠶᠠᠯᠳᠤᠭᠤᠯᠵᠤ᠂ ᠺᠣᠮᠫᠠᠨᠢ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠳᠠᠪᠬᠤᠷᠭ᠎ᠠ᠎ᠶ᠋ᠢᠨ〈ᠱᠢᠨ᠎ᠡ ᠪᠡᠷ ᠮᠠᠨᠳᠤᠭ᠍ᠰᠠᠨ ᠲᠤᠯᠭᠠᠭᠤᠷᠢ ᠠᠵᠤ ᠦᠶ᠋ᠯᠡᠰ〉 ᠤ᠋ᠨ ᠠᠪᠴᠢᠷᠠᠭ᠍ᠰᠠᠨ ᠴᠤᠩᠬᠤᠪᠴᠢ ᠬᠤᠭᠤᠴᠠᠭ᠎ᠠ᠎ᠶ᠋ᠢ ᠴᠢᠩᠭ᠎ᠠ ᠠᠳᠭᠤᠨ᠎ᠠ᠃ ᠨᠢᠭᠡ ᠲᠠᠯ᠎ᠠ᠎ᠪᠠᠷ᠂ ᠬᠣᠱᠢᠭᠤᠷᠠᠯ ᠮᠡᠷᠭᠡᠵᠢᠯ᠎ᠦᠨ ᠱᠤᠭᠤᠮ᠎ᠤᠨ ᠲᠥᠯᠥᠪᠵᠢᠭᠦᠯᠭᠡ᠎ᠶ᠋ᠢᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠨᠦᠬᠦᠭᠡ ᠲᠠᠯ᠎ᠠ᠎ᠪᠠᠷ᠂ ᠱᠢᠨ᠎ᠡ᠎ᠪᠡᠷ ᠮᠠᠨᠳᠤᠭ᠍ᠰᠠᠨ ᠬᠡᠷᠡᠭ᠌ᠯᠡᠭᠡᠨ᠎ᠦ ᠪᠠᠢᠳᠠᠯ᠎ᠢ ᠥᠷᠭᠡᠳᠭᠡᠬᠦ᠌ ᠲᠠᠯ᠎ᠠ᠎ᠪᠠᠷ ᠭᠦᠨᠵᠡᠭᠡᠢ ᠨᠡᠪᠴᠢᠯᠲᠡ ᠬᠢᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ ᠢ ᠦᠨᠡᠨ ᠪᠣᠳᠠᠲᠠᠢ ᠨᠡᠮᠡᠭ᠌ᠳᠡᠯ᠎ᠦᠨ ᠲᠤᠢᠯ ᠪᠣᠯᠭᠠᠨ ᠬᠤᠪᠢᠷᠠᠭᠤᠯᠬᠤ ᠬᠡᠷᠡᠭ᠌ᠲᠡᠢ》 ᠭᠡᠵᠦ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠤᠷᠳᠤᠰ ᠬᠤᠳᠠ᠎ᠶ᠋ᠢᠨ ᠶᠤᠸᠠᠨ ᠱᠧᠩ ᠭᠡᠷᠡᠯᠴᠢ ᠴᠡᠨᠡᠭ ᠴᠠᠬᠢᠯᠭᠠᠨ᠎ᠤ ᠬᠢᠵᠠᠭᠠᠷᠲᠤ ᠺᠣᠮᠫᠠᠨᠢ᠎ᠶ᠋ᠢᠨ ᠭᠤᠤᠯ ᠠᠵᠢᠯᠳᠠᠨ ᠯᠢᠦ ᠵᠢᠶᠠ ᠬᠡᠯᠡᠪᠡ᠃
2025 ᠣᠨ᠎ᠳᠤ᠂ ᠣᠷᠳᠣᠰ ᠬᠣᠲᠠ᠎ᠶ᠋ᠢᠨ ᠶᠤᠸᠠᠨ ᠱᠧᠩ ᠬᠡᠷᠡᠯ ᠴᠠᠬᠢᠯᠭᠠᠨ᠎ᠤ ᠬᠢᠵᠠᠭᠠᠷᠲᠤ ᠺᠣᠮᠫᠠᠨᠢ ᠶ᠋ᠢᠨ ᠰᠤᠳᠤᠯᠤᠨ ᠨᠡᠭᠡᠭᠡᠬᠦ᠌ ᠣᠷᠣᠭᠤᠯᠤᠯᠲᠠ ᠨᠢ ᠡᠵᠡᠩᠨᠡᠯᠲᠡ᠎ᠶ᠋ᠢᠨ ᠣᠷᠣᠯᠭ᠎ᠠ᠎ᠶ᠋ᠢᠨ 8% ᠣᠷᠴᠢᠮ᠎ᠢ ᠡᠵᠡᠯᠡᠵᠦ᠍᠂ ᠥᠪᠥᠷ ᠮᠣᠩᠭᠣᠯ᠎ᠳᠤ ᠠᠵᠢᠯᠯᠠᠵᠤ ᠠᠮᠢᠳᠤᠷᠠᠭᠰᠠᠠ15 ᠵᠢᠯ᠎ᠤᠨ ᠲᠤᠷᠰᠢ᠂ ᠲᠣᠰ ᠺᠣᠮᠫᠠᠨᠢ ᠨᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠤ ᠦᠶ᠋ᠯᠡᠳᠬᠦ᠌ ᠦᠶ᠋ᠯᠡᠰ᠎ᠦᠨ ᠲᠠᠩ ᠵᠦᠶ᠋ᠯ᠎ᠦᠨ ᠮᠠᠩᠯᠠᠶ ᠠᠵᠤ ᠠᠬᠤᠢᠯᠠᠯ᠂ ᠣᠷᠳᠣᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠷᠪᠠᠨ ᠬᠦᠴᠦᠷᠬᠡᠭ ᠠᠵᠤ ᠠᠬᠤᠢᠯᠠᠯ ᠵᠡᠷᠭᠡ ᠣᠯᠠᠨ ᠵᠦᠶ᠋ᠯ᠎ᠦᠨ ᠢᠷᠠᠭᠤ ᠠᠯᠳᠠᠷ᠎ᠤᠨ ᠴᠣᠯᠠ᠎ᠶ᠋ᠢ ᠭᠥᠷᠳᠡᠪᠡ᠃ ᠣᠳᠤᠬᠠᠨ ᠪᠣᠯᠲᠠᠯ᠎ᠠ᠂ ᠨᠡᠢᠲᠡ 2371 ᠬᠤᠪᠢ ᠲᠤᠰᠭᠠᠶ ᠠᠱᠢᠭ᠎ᠤᠨ ᠡᠷᠬᠡ ᠣᠯᠭᠣᠵᠤ᠂ ᠡᠭᠦᠳᠦᠯᠲᠡ᠎ᠶ᠋ᠢᠨ ᠲᠤᠰᠭᠠᠶ ᠠᠱᠢᠭ᠎ᠤᠨ ᠡᠵᠡᠯᠡᠬᠦ᠌ ᠬᠠᠷᠢᠴᠠᠯ᠎ᠨᠢ 78% ᠳ᠋ᠤ ᠬᠦᠷᠴᠦ᠍᠂ ᠳᠤᠮᠳᠠᠳᠤ ᠤᠯᠤᠰ᠎ᠤᠨ ᠲᠤᠰᠭᠠᠶ ᠠᠱᠢᠭ᠎ᠤᠨ ᠮᠥᠩᠭᠥᠨ ᠱᠠᠩᠨᠠᠯ ᠭᠥᠷᠳᠡᠵᠦ᠍ ᠥᠩᠭᠡᠷᠡᠵᠡᠶ᠃ TPC ᠦᠶ᠋ᠯᠡᠳᠬᠦᠨ᠎ᠨᠢ ᠥᠪᠡᠷᠲᠡᠭᠡᠨ ᠵᠠᠰᠠᠬᠤ ᠣᠷᠣᠨ᠎ᠤ ᠲᠠᠩ ᠵᠦᠶ᠋ᠯ᠎ᠦᠨ ᠮᠠᠩᠯᠠᠶ ᠦᠶ᠋ᠯᠡᠳᠬᠦᠨ᠎ᠦ ᠢᠷᠠᠭᠤ ᠠᠯᠳᠠᠷ᠎ᠢ ᠭᠥᠷᠳᠡᠵᠦ᠍᠂ 2025 ᠣᠨ᠎ᠳᠤ 《ᠳᠡᠭᠡᠳᠦ ᠨᠠᠷᠢᠯᠢᠭᠵᠢᠭᠰᠠᠨ ᠳᠡᠯᠭᠡᠴᠡᠨᠤ ᠰᠡᠯᠪᠢᠭ᠎ᠤᠨ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠠᠵᠤ ᠦᠢᠯᠡᠰᠵᠢᠭᠦᠯᠬᠦ᠌》 ᠲᠥᠷᠥᠯ ᠵᠦᠶ᠋ᠯ᠎ᠢᠶᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠪᠡ᠂ ᠡᠨᠡ ᠨᠢ ᠶᠠᠭ ᠲᠣᠰ ᠺᠣᠮᠫᠠᠨᠢ᠎ᠶ᠋ᠢᠨ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠳᠠᠢᠴᠢᠯᠠᠬᠤ》 ᠠᠮᠢᠳᠤᠯᠢᠭ ᠦᠶ᠋ᠯᠡᠳᠦᠯᠭᠡ ᠪᠣᠯᠤᠨ᠎ᠠ᠃