《ᠰᠢ ᠵᠢᠨ ᠫᠢᠩ᠎ᠤᠨ ᠠᠵᠤ ᠠᠬᠤᠢ᠎ᠶᠢᠨ ᠰᠣᠩᠭᠣᠮᠠᠯ ᠵᠣᠬᠢᠶᠠᠯ》 ᠤ᠋ᠨ ᠨᠢᠭᠡᠳᠦᠭᠡᠷ ᠪᠣᠳᠢ ᠪᠠ 《ᠰᠢ ᠵᠢᠨ ᠫᠢᠩ ᠬᠢᠭᠡᠳ ᠣᠶᠤᠲᠠᠨ ᠨᠠᠢᠵᠠ ᠨᠠᠷ》 ᠤ᠋ᠨ ᠨᠢᠭᠡᠳᠦᠭᠡᠷ ᠬᠣᠶᠠᠳᠤᠭᠠᠷ ᠪᠣᠳᠢ᠎ᠶᠢᠨ ᠤᠤᠯ ᠪᠢᠴᠢᠯᠭᠡ ᠵᠢᠨ ᠬᠡᠪᠯᠡᠯ᠎ᠢ ᠰᠢᠶᠠᠩᠭᠠᠩ᠎ᠳᠤ ᠠᠩᠬ᠎ᠠ ᠲᠠᠷᠬᠠᠭᠠᠵᠠᠢ
2026-03-19 09:52:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠰᠢ ᠵᠢᠨ ᠫᠢᠩ ᠎ᠤᠨ ᠠᠵᠤ ᠠᠬᠤᠢ᠎ᠶᠢᠨ ᠰᠣᠩᠭᠣᠮᠠᠯ ᠵᠣᠬᠢᠶᠠᠯ》 ᠤ᠋ᠨ ᠨᠢᠭᠡᠳᠦᠭᠡᠷ ᠪᠣᠳᠢ ᠪᠠ 《ᠰᠢ ᠵᠢᠨ ᠫᠢᠩ ᠬᠢᠭᠡᠳ ᠣᠶᠤᠲᠠᠨ ᠨᠠᠢᠵᠠ ᠨᠠᠷ》 ᠤ᠋ᠨ ᠨᠢᠭᠡᠳᠦᠭᠡᠷ᠂ ᠬᠣᠶᠠᠳᠤᠭᠠᠷ ᠪᠣᠳᠢ ᠎ᠶᠢᠨ ᠤᠤᠯ ᠪᠢᠴᠢᠯᠭᠡ ᠵᠢᠨ ᠬᠡᠪᠯᠡᠯ ᠎ᠢ ᠣᠢᠷ᠎ᠠ᠎ᠳᠦ ᠬᠠᠮᠲᠤᠷᠠᠭᠰᠠᠨ ᠬᠡᠪᠯᠡᠯ᠎ᠦᠨ ᠪᠦᠯᠦᠭᠯᠡᠯ᠎ᠡᠴᠡ ᠬᠡᠪᠯᠡᠨ ᠲᠠᠷᠬᠠᠭᠠᠪᠠ᠃ 3 ᠰᠠᠷ᠎ᠠ᠎ᠶᠢᠨ 18᠎ᠤ᠋ ᠡᠳᠦᠷ᠂ ᠭᠤᠷᠪᠠᠨ ᠨᠣᠮ᠎ᠦᠨ ᠤᠤᠯ ᠪᠢᠴᠢᠯᠭᠡ ᠵᠢᠨ ᠬᠡᠪᠯᠡᠯ᠎ᠦᠨ ᠰᠢᠨ᠎ᠡ ᠨᠣᠮ ᠨᠡᠢᠲᠡᠯᠡᠬᠦ ᠬᠤᠷᠠᠯ ᠵᠢᠴᠢ ᠬᠡᠪᠯᠡᠯ᠎ᠦᠨ ᠶᠠᠷᠢᠯᠴᠠᠬᠤ ᠬᠤᠷᠠᠯ ᠰᠢᠶᠠᠩᠭᠠᠩ᠎ᠳᠤ ᠶᠠᠪᠤᠭᠳᠠᠪᠠ᠃

《ᠰᠢ ᠵᠢᠨ ᠫᠢᠩ ᠎ᠤᠨ ᠠᠵᠤ ᠠᠬᠤᠢ᠎ᠶᠢᠨ ᠰᠣᠩᠭᠣᠮᠠᠯ ᠵᠣᠬᠢᠶᠠᠯ》 ᠤ᠋ᠨ ᠨᠢᠭᠡᠳᠦᠭᠡᠷ ᠪᠣᠳᠢ᠎ᠳᠤ ᠰᠢ᠎ᠶᠢᠨ ᠫᠢᠩ ᠨᠥᠬᠥᠷ ᠎ᠦᠨ 2012 ᠣᠨ᠎ᠤ 11 ᠰᠠᠷ᠎ᠠ᠎ᠡᠴᠡ 2024 ᠣᠨ᠎ᠤ 12 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠲᠤᠬᠠᠢ ᠬᠠᠮᠤᠭ᠎ᠤᠨ ᠴᠢᠬᠤᠯᠠ᠂ ᠬᠠᠮᠤᠭ᠎ᠤᠨ ᠦᠨᠳᠦᠰᠦᠨ ᠵᠤᠬᠢᠶᠠᠯ ᠪᠦᠲᠦᠭᠡᠯ ᠎ᠢ ᠣᠷᠣᠭᠤᠯᠵᠤ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢ ᠬᠥᠲᠥᠯᠥᠨ ᠳᠠᠭᠠᠭᠤᠯᠵᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠣᠯᠣᠨ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ᠎ᠶᠢ ᠲᠥᠪᠯᠡᠷᠡᠩᠭᠦᠢ ᠲᠤᠰᠬᠠᠵᠤ᠂ ᠰᠢ᠎ᠶᠢᠨ ᠫᠢᠩ᠎ᠤᠨ ᠠᠵᠤ ᠠᠬᠤᠢ᠎ᠶᠢᠨ ᠦᠵᠡᠯ ᠰᠠᠨᠠᠭ᠎ᠠ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠤᠯᠤᠰ ᠲᠦᠷᠦ ᠠᠵᠤ ᠠᠬᠤᠢ᠎ᠶᠢᠨ ᠤᠬᠠᠭᠠᠨ᠎ᠤ ᠰᠢᠨ᠎ᠡ ᠠᠬᠤᠢ ᠪᠠᠢᠳᠠᠯ᠎ᠢ ᠨᠡᠭᠡᠭᠡᠭᠰᠡᠨ᠎ᠢ ᠲᠥᠪᠯᠡᠷᠡᠩᠭᠦᠢ ᠢᠯᠡᠷᠡᠭᠦᠯᠵᠦ᠂ ᠰᠢ᠎ᠶᠢᠨ ᠫᠢᠩ᠎ᠤᠨ ᠠᠵᠤ ᠠᠬᠤᠢ᠎ᠶᠢᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠰᠢᠰᠲ᠋ᠸᠮ ᠲᠠᠢ ᠲᠤᠰᠬᠠᠭᠰᠠᠨ ᠡᠷᠬᠡ ᠰᠦᠷᠲᠦ ᠵᠣᠬᠢᠶᠠᠯ ᠪᠦᠲᠦᠭᠡᠯ ᠪᠣᠯᠣᠨ᠎ᠠ᠃ 《ᠰᠢ ᠵᠢᠨ ᠫᠢᠩ ᠬᠢᠭᠡᠳ ᠣᠶᠤᠲᠠᠨ ᠨᠠᠢᠵᠠ ᠨᠠᠷ》 ᠤ᠋ᠨ ᠨᠢᠭᠡᠳᠦᠭᠡᠷ᠂ ᠬᠣᠶᠠᠳᠤᠭᠠᠷ ᠪᠣᠳᠢ᠎ᠳᠤ ᠰᠢ᠎ᠶᠢᠨ ᠫᠢᠩ ᠨᠥᠬᠥᠷ᠎ᠦᠨ ᠣᠷᠣᠨ ᠨᠤᠲᠤᠭ ᠪᠣᠯᠣᠨ ᠲᠥᠪ᠎ᠲᠦ ᠠᠵᠢᠯᠯᠠᠵᠤ ᠪᠠᠢᠬᠤ ᠬᠤᠭᠤᠴᠠᠭᠠᠨ᠎ᠳᠤ ᠣᠶᠤᠲᠠᠳ᠎ᠲᠠᠢ ᠶᠠᠪᠤᠯᠴᠠᠵᠤ ᠰᠣᠯᠢᠯᠴᠠᠵᠤ ᠰᠡᠳᠬᠢᠯ ᠵᠢᠡᠨ ᠬᠤᠪᠢᠶᠠᠯᠴᠠᠭᠰᠠᠨ ᠦᠯᠢᠭᠡᠷ᠎ᠢ ᠶᠠᠷᠢᠵᠤ᠂  ᠲᠡᠭᠦᠨ ᠎ᠦ ᠵᠠᠯᠠᠭᠤᠴᠤᠳ ᠢᠯᠠᠩᠭᠤᠶ᠎ᠠ  ᠣᠶᠤᠲᠠᠳ ᠎ᠢ ᠢᠮᠠᠭᠲᠠ ᠠᠨᠭᠬᠠᠷᠴᠦ  ᠬᠠᠯᠠᠮᠵᠢᠯᠠᠨ ᠬᠠᠢᠷᠠᠯᠠᠵᠤ  ᠪᠠᠢᠭ᠎ᠠ ᠎ᠶᠢ ᠦᠨᠡᠨ  ᠪᠣᠳᠠᠲᠠᠢ ᠲᠡᠮᠳᠡᠭᠯᠡᠵᠦ᠂  ᠰᠢ᠎ᠶᠢᠨ ᠫᠢᠩ ᠨᠥᠬᠥᠷ᠎ᠦᠨ ᠵᠠᠯᠠᠭᠤᠴᠤᠳ᠎ᠤᠨ ᠠᠵᠢᠯ ᠎ᠤᠨ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠬᠤ᠎ᠶᠢᠨ ᠰᠢᠨ᠎ᠡ ᠰᠤᠳᠤᠨ ᠤᠩᠰᠢᠬᠤ ᠪᠢᠴᠢᠭ ᠪᠣᠯᠣᠨ᠎ᠠ᠃

ᠭᠤᠷᠪᠠᠨ ᠢᠵᠢ ᠨᠣᠮ ᠎ᠦᠨ ᠤᠤᠯ ᠪᠢᠴᠢᠯᠭᠡ ᠵᠢᠨ ᠬᠡᠪᠯᠡᠯ ᠎ᠢ ᠬᠡᠪᠯᠡᠨ  ᠲᠠᠷᠬᠠᠭᠠᠭᠰᠠᠨ  ᠨᠢ ᠂  ᠰᠢᠶᠠᠨᠭᠭᠠᠩ   ᠣᠣᠮᠧᠨ  ᠎ᠦ    ᠤᠩᠰᠢᠭ᠍ᠴᠢᠳ  ᠰᠢ ᠵᠢᠨ ᠫᠢᠩ᠎ᠤᠨ ᠠᠵᠤ ᠠᠬᠤᠢ᠎ᠶᠢᠨ ᠦᠵᠡᠯ ᠰᠠᠨᠠᠭ᠎ᠠ᠎ᠶᠢ ᠰᠢᠰᠲᠧᠮ ᠎ᠲᠠᠢ ᠣᠢᠯᠠᠭᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠭᠦᠨᠵᠡᠭᠡᠢ ᠣᠢᠯᠠᠭᠠᠬᠤ᠎ᠳᠦ ᠲᠤᠰᠠᠲᠠᠢ ᠪᠠᠢᠵᠤ᠂ ᠰᠢᠶᠠᠩᠭᠠᠩ ᠣᠣᠮᠧᠨ᠎ᠦ ᠠᠬ᠎ᠠ ᠳᠡᠭᠦᠦ ᠨᠠᠷ ᠪᠣᠯᠣᠨ ᠵᠠᠯᠠᠭᠤ ᠨᠢᠭᠡ ᠦᠶ᠎ᠡ᠎ᠶᠢᠨ ᠬᠢᠨ᠎ᠢ ᠬᠥᠲᠥᠯᠥᠨ ᠵᠢᠯᠤᠭᠣᠳᠴᠤ ᠤᠯᠤᠰ ᠣᠷᠣᠨ᠂ ᠦᠨᠳᠦᠰᠦᠲᠡᠨ ᠪᠠ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠨᠢ ᠨᠡᠮᠡᠭᠳᠡᠭᠦᠯᠵᠦ᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠡᠩ ᠰᠠᠢᠲᠤᠷ ᠠᠭᠤᠰᠤᠯᠴᠠᠭᠤᠯᠬᠤ ᠪᠠ ᠦᠢᠯᠡᠴᠢᠯᠡᠭᠦᠯᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠲᠠᠢ ᠬᠠᠮᠲᠤ᠎ᠪᠠᠷ ᠬᠦᠴᠦ ᠪᠡᠨ ᠬᠠᠮᠲᠤᠳᠬᠠᠨ ᠰᠡᠳᠬᠢᠯ ᠨᠢᠭᠡᠳᠴᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠲᠥᠯᠥᠭᠡ ᠪᠦᠯᠬᠦᠮᠳᠡᠨ ᠲᠡᠮᠡᠴᠡᠬᠦ ᠎ᠳᠦ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃

ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠰᠢᠶᠠᠩᠭᠠᠩ᠎ᠳᠤ ᠰᠠᠭᠤᠭ᠎ᠠ ᠲᠥᠪ᠎ᠦᠨ ᠵᠠᠰᠠᠭ᠎ᠤᠨ ᠣᠷᠳᠣᠨ᠎ᠤ ᠬᠣᠯᠪᠣᠭ᠎ᠠ ᠠᠪᠬᠤ ᠠᠯᠪᠠᠨ ᠭᠡᠷ᠎ᠦᠨ ᠬᠠᠷᠢᠭᠤᠴᠠᠯᠭᠠᠲᠠᠨ᠂ ᠰᠢᠶᠠᠩᠭᠠᠩ᠎ᠤᠨ ᠤᠯᠤᠰ᠎ᠢᠶᠠᠨ ᠬᠠᠢᠷᠠᠯᠠᠬᠤ ᠰᠢᠶᠠᠩᠭᠠᠩ᠎ᠢᠶᠠᠨ ᠬᠠᠢᠷᠠᠯᠠᠬᠤ ᠪᠠᠢᠭᠤᠯᠤᠮᠵᠢ᠂ ᠤᠯᠤᠰ ᠲᠦᠷᠦ ᠎ᠶᠢᠨ ᠪᠦᠯᠬᠦᠮ ᠨᠡᠢᠭᠡᠮ᠎ᠦᠨ ᠪᠦᠯᠬᠦᠮ᠎ᠦᠨ ᠲᠥᠯᠥᠭᠡᠯᠡᠭᠴᠢ᠂ ᠰᠢᠶᠠᠩᠭᠠᠩ᠎ᠤᠨ ᠠᠵᠤ ᠠᠬᠤᠢ᠂ ᠰᠣᠶᠣᠯ᠂ ᠰᠤᠷᠭᠠᠨ ᠬᠥᠮᠦᠵᠢᠯ᠎ᠦᠨ ᠡᠲᠡᠭᠡᠳ ᠎ᠦᠨ ᠲᠥᠯᠥᠭᠡᠯᠡᠭᠴᠢ᠂ ᠰᠢᠶᠠᠩᠭᠠᠩ ᠎ᠤᠨ ᠵᠠᠯᠠᠭᠤᠴᠤᠳ᠎ᠤᠨ ᠲᠥᠯᠥᠭᠡᠯᠡᠭᠴᠢ ᠰᠢᠨ᠎ᠡ ᠨᠣᠮ ᠨᠡᠢᠲᠡᠯᠡᠬᠦ ᠬᠤᠷᠠᠯ ᠵᠢᠴᠢ ᠬᠡᠪᠯᠡᠯ᠎ᠦᠨ ᠶᠠᠷᠢᠯᠴᠠᠬᠤ ᠬᠤᠷᠠᠯ᠎ᠳᠤ ᠣᠷᠣᠯᠴᠠᠪᠠ᠃ ᠭᠤᠷᠪᠡᠨ ᠨᠤᠮ᠎ᠤᠨ ᠤᠤᠯ ᠪᠢᠴᠢᠯᠭᠡ ᠵᠢᠨ ᠬᠡᠪᠯᠡᠯ᠎ᠢ ᠲᠤᠰ ᠡᠳᠦᠷ᠎ᠡᠴᠡ ᠡᠬᠢᠯᠡᠨ ᠰᠢᠶᠠᠩᠭᠠᠩ ᠣᠣᠮᠧᠨ᠎ᠦ ᠡᠯ᠎ᠡ ᠲᠣᠮᠣ᠌ ᠨᠣᠮ᠎ᠤᠨ ᠳᠡᠯᠭᠡᠭᠦᠷ᠎ᠲᠦ ᠤᠷᠤᠭᠤᠯᠬᠤ ᠪᠦᠭᠡᠳ ᠭᠣᠣᠯᠳᠠᠯᠭ᠎ᠠ᠎ᠲᠠᠢ᠎ᠪᠤᠷᠤᠯᠠᠭᠤᠯᠬᠤ ᠪᠤᠯᠤᠨ᠎ᠠ᠃

ᠰᠢᠨᠬᠤᠸᠠ ᠬᠣᠷᠢᠶ᠎ᠡ ᠵᠢᠨ ᠰᠢᠶᠠᠩᠭᠠᠩ᠎ᠤᠨ 3 ᠰᠠᠷ᠎ᠠ᠎ᠶᠢᠨ 18᠎ᠤ᠋ ᠴᠠᠬᠢᠯᠭᠠᠨ ᠮᠡᠳᠡᠭᠡ ) 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号