3 ᠰᠠᠷ᠎ᠠ᠎ᠶ᠋ᠢᠨ 18 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠳ᠋ᠢᠶᠤᠤ ᠢᠦᠢ᠎ᠲᠡᠶ᠎ᠳᠡᠬᠢ ᠲᠦᠷᠦ᠍᠎ᠶ᠋ᠢᠨ ᠵᠣᠴᠢᠳ᠎ᠤᠨ ᠪᠠᠭᠤᠳᠠᠯ᠎ᠳᠤ ᠨᠥᠬᠥᠷᠰᠡᠭ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠲᠦᠷᠺᠮᠸᠨ᠋ᠰᠲ᠋ᠠᠨ᠎ᠤ ᠦᠨᠳᠦᠰᠦᠲᠡᠨ᠎ᠦ ᠤᠳᠤᠷᠢᠳᠤᠭ᠍ᠴᠢ᠂ ᠠᠷᠠᠳ ᠤᠨ ᠵᠥᠪᠯᠡᠯ ᠦᠨ ᠲᠡᠷᠢᠭᠦᠯᠡᠭ᠌ᠴᠢ ᠪᠸᠷᠳᠢᠮᠦᠢ᠍ᠬᠠᠮᠸᠢᠢᠳᠦᠹ ᠲᠠᠢ ᠠᠭᠤᠯᠵᠠᠪᠠ᠃
ᠰᠢ ᠵᠢᠨ ᠫᠢᠩ᠂ ᠲᠦᠷᠦᠭᠦᠬᠡᠨ ᠳᠤᠮᠳᠠᠳᠤ ᠤᠯᠤᠰ᠎ᠤᠨ ᠪᠦᠬᠦ᠌ ᠤᠯᠤᠰ᠎ᠤᠨ ᠬᠣᠶᠠᠷ ᠬᠤᠷᠠᠯ ᠠᠮᠵᠢᠯᠲᠠ ᠲᠠᠶ ᠬᠤᠷᠠᠯᠳᠤᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢᠨ ᠬᠥᠲᠥᠯᠪᠦᠷᠢ ᠶ᠋ᠢ ᠬᠢᠨᠠᠨ ᠪᠠᠢᠴᠠᠭᠠᠵᠤ ᠵᠥᠪᠱᠢᠶᠡᠷᠡᠪᠡ᠃ ᠲᠥᠯᠥᠪᠵᠢᠭᠦᠯᠭᠡ ᠶ᠋ᠢᠨ ᠬᠥᠲᠥᠯᠪᠦᠷᠢ ᠶ᠋ᠢ ᠬᠡᠷᠡᠭ᠌ᠵᠢᠭᠦᠯᠬᠦ ᠨᠢ ᠳᠤᠮᠳᠠᠳᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠳᠦ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠬᠦ ᠪᠥᠭᠡᠳ ᠳᠡᠯᠡᠬᠡᠢ᠎ᠶ᠋ᠢᠨ ᠡᠯ᠎ᠡ ᠤᠯᠤᠰ᠎ᠲᠤ ᠴᠤ᠌ ᠠᠱᠢᠭ ᠬᠦᠷᠲᠡᠭᠡᠬᠦ᠌ ᠪᠣᠯᠤᠨ᠎ᠠ᠃ ᠲᠦᠷᠺᠮᠧᠨ᠋ᠰᠲ᠋ᠠᠠ ᠲᠤᠰᠠᠭᠠᠷ ᠲᠣᠭ᠍ᠲᠠᠨᠢᠭ᠍ᠰᠠᠨ 35 ᠵᠢᠯ᠎ᠦᠨ ᠲᠤᠷᠰᠢ ᠪᠡᠶ᠎ᠡ᠎ᠪᠡᠨ ᠳᠠᠭᠠᠭᠠᠵᠤ ᠡᠵᠡᠨ ᠮᠡᠳᠡᠵᠦ᠂ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭ᠌ᠰᠡᠨ ᠬᠥᠭ᠌ᠵᠢᠯᠲᠡ᠎ᠶ᠋ᠢᠨ ᠵᠠᠮ᠎ᠢ ᠨᠡᠭᠡᠭᠡᠭ᠌ᠰᠡᠨ ᠪᠠᠢᠨ᠎ᠠ᠃ ᠮᠤᠷᠢᠨ ᠵᠢᠯ ᠳᠦ᠂ ᠳᠤᠮᠳᠠᠳᠤ ᠤᠯᠤᠰ ᠳᠤᠷᠠᠲᠠᠶ᠎ᠠ ᠲᠦᠷᠺᠮᠸᠨ᠋ᠰᠲ᠋ᠠᠨᠦ ᠬᠢᠨ᠎ᠲᠡᠶ ᠬᠠᠮᠲᠤᠷᠠᠯᠴᠠᠭᠠᠨ᠎ᠤ ᠠᠯᠤᠰ᠎ᠤᠨ ᠲᠦᠯᠦᠪᠯᠡᠭᠡ ᠶ᠋ᠢ ᠬᠠᠮᠲᠤ᠎ᠪᠠᠷ ᠵᠥᠪᠯᠡᠵᠦ᠍᠂ ᠬᠥᠭ᠌ᠵᠢᠯᠲᠡ᠎ᠶ᠋ᠢᠨ ᠠᠵᠠ ᠲᠣᠬᠢᠶᠠᠯ ᠢ ᠬᠠᠮᠲᠤ᠎ᠪᠠᠷ ᠡᠳ᠋ᠯᠡᠵᠦ᠍᠂ ᠳᠤᠮᠳᠠᠳᠤ ᠲᠦᠷᠺᠮᠸᠨ᠋ᠰᠲ᠋ᠠᠨ ᠤ᠋ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠲᠠᠰᠤᠷᠠᠯᠳᠠ ᠦᠭᠡᠢ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

3 ᠰᠠᠷ᠎ᠠ ᠶ᠋ᠢᠨ 18 ᠤ᠋ ᠦᠳᠡ ᠶ᠋ᠢᠨ ᠬᠣᠢᠨ᠎ᠠ ᠂ ᠤᠯᠤᠰ ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠳ᠋ᠢᠶᠤᠤ ᠢᠦᠢ᠎ᠲᠡᠶ᠎ᠳᠡᠬᠢ ᠲᠦᠷᠦ᠍᠎ᠶ᠋ᠢᠨ ᠵᠣᠴᠢᠳ᠎ᠤᠨ ᠪᠠᠭᠤᠳᠠᠯ᠎ᠳᠤ ᠨᠥᠬᠥᠷᠰᠡᠭ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠲᠦᠷᠺᠮᠸᠨ᠋ᠰᠲ᠋ᠠᠨ᠎ᠤ ᠦᠨᠳᠦᠰᠦᠲᠡᠨ᠎ᠦ ᠤᠳᠤᠷᠢᠳᠤᠭ᠍ᠴᠢ᠂ ᠠᠷᠠᠳ ᠤᠨ ᠵᠥᠪᠯᠡᠯ ᠦᠨ ᠲᠡᠷᠢᠭᠦᠯᠡᠭ᠌ᠴᠢ ᠪᠸᠷᠳᠢᠮᠦᠢ᠍ᠬᠠᠮᠸᠢᠢᠳᠦᠹ ᠲᠠᠢ ᠠᠭᠤᠯᠵᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠱᠸᠨ ᠬᠤᠡᠭ ᠰᠡᠬᠦᠳᠡᠷᠯᠡᠪᠡ
ᠰᠢ ᠵᠢᠨ ᠫᠢᠩ᠂ ᠬᠠᠷᠢᠯᠴᠠᠨ ᠳᠡᠮᠵᠢᠯᠴᠡᠬᠦ᠌ ᠪᠣᠯ ᠳᠤᠮᠳᠠᠳᠤ ᠲᠦᠷᠺᠮᠸᠨ᠋ᠰᠲ᠋ᠠᠨ ᠤ᠋ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ ᠤ ᠬᠠᠷᠢᠯᠴᠠᠭ᠎ᠠ᠎ᠶ᠋ᠢᠨ ᠭᠣᠣᠯ ᠴᠢᠬᠤᠯᠠ ᠠᠭᠤᠯᠭ᠎ᠠ ᠪᠣᠯᠤᠨ᠎ᠠ᠃ ᠳᠡᠯᠡᠬᠡᠶ᠎ᠶ᠋ᠢᠨ ᠪᠠᠢᠳᠠᠯ ᠳᠤ ᠶᠠᠮᠠᠷ ᠬᠤᠪᠢᠷᠠᠯᠲᠠ ᠭᠠᠷᠤᠭ᠍ᠰᠠᠨ ᠴᠤ᠌ ᠳᠤᠮᠳᠠᠳᠤ ᠤᠯᠤᠰ ᠲᠦᠷᠺᠮᠸᠨ᠋ᠰᠲ᠋ᠠᠨ ᠤ᠋ ᠬᠢᠨ ᠦ ᠤᠯᠤᠰ ᠤᠨ ᠲᠤᠰᠠᠭᠠᠷ ᠲᠣᠭ᠍ᠲᠠᠨᠢᠯ᠂ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ᠎ᠢᠶᠡᠨ ᠬᠠᠮᠠᠭᠠᠯᠠᠬᠤ᠎ᠶ᠋ᠢ ᠢᠮᠠᠭ᠍ᠲᠠ ᠳᠡᠮᠵᠢᠵᠦ᠍᠂ ᠲᠦᠷᠺᠮᠸᠨ᠋ᠰᠲ᠋ᠠᠨ ᠤ᠋ ᠬᠢᠨ᠎ᠦ ᠡᠭᠦᠷᠢᠳᠡ ᠲᠤᠮᠳᠠ ᠵᠢ ᠪᠠᠷᠢᠮᠳᠠᠯᠠᠬᠤ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌᠎ᠶ᠋ᠢ ᠢᠮᠠᠭ᠍ᠲᠠ ᠳᠡᠮᠵᠢᠵᠦ᠍᠂ ᠢᠮᠠᠭᠳᠠ ᠲᠦᠷᠺᠮᠸᠨ᠋ᠰᠲ᠋ᠠᠨ ᠤ᠋ ᠬᠢᠨ᠎ᠦ ᠢᠲᠡᠭᠡᠭᠦᠱᠢᠲᠡᠶ ᠬᠠᠮᠲᠤᠷᠠᠯᠴᠠᠭᠠᠨ᠎ᠤ ᠬᠠᠨᠢᠲᠠᠨ ᠪᠣᠯᠤᠨ᠎ᠠ᠃ ᠬᠣᠶᠠᠷ ᠲᠠᠯ᠎ᠠ᠎ᠪᠠᠷ᠎ᠢᠶᠠᠨ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠬᠡᠨ ᠪᠠᠢᠭᠤᠯᠬᠤ ᠰᠠᠨᠠᠭᠠᠴᠢᠯᠠᠭ᠎ᠠ ᠪᠣᠯᠤᠨ 《ᠲᠣᠷᠭᠠᠨ ᠵᠠᠮ᠎ᠢ ᠰᠡᠷᠭᠦᠭᠡᠨ ᠮᠠᠨᠳᠤᠭᠤᠯᠬᠤ》 ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠶ᠋ᠢ ᠲᠦᠷᠭᠡᠳᠭᠡᠨ ᠠᠬᠢᠭᠤᠯᠵᠤ᠂ ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢᠨ ᠬᠦᠷᠢᠶᠡᠨ᠎ᠦ ᠬᠠᠮᠲᠤᠷᠠᠯᠴᠠᠭᠠᠨ᠎ᠤ ᠬᠡᠪᠴᠢᠶ᠎ᠡ᠎ᠶ᠋ᠢ ᠥᠷᠭᠡᠳᠭᠡᠵᠦ᠍᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ᠎ᠶ᠋ᠢᠨ ᠲᠦᠪᠱᠢᠨ ᠢ ᠳᠡᠭᠡᠭ᠌ᠰᠢᠯᠡᠭᠦᠯᠵᠦ᠍᠂ ᠬᠣᠯᠪᠣᠯᠳᠤᠨ ᠨᠡᠪᠲᠡᠷᠡᠯᠴᠡᠬᠦ᠌᠂ ᠬᠥᠳᠡᠭᠡ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭ᠍ᠰᠠᠨ ᠠᠵᠤ ᠠᠬᠤᠢ᠂ ᠴᠡᠪᠡᠷ ᠡᠨᠧᠷᠭᠢ ᠵᠡᠷᠭᠡ ᠡᠬᠢ ᠪᠠᠶᠠᠯᠢᠭ᠎ᠤᠨ ᠪᠤᠰᠤ ᠬᠦᠷᠢᠶᠡᠨ᠎ᠦ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ ᠯᠦ᠍ᠪᠡᠨ ᠦᠢᠯᠡᠳᠭᠡᠯ᠎ᠦᠨ ᠭᠠᠵᠠᠷ᠂ ᠬᠢᠲᠠᠳ ᠡᠮ ᠡᠮᠨᠡᠯᠭᠡ᠎ᠶ᠋ᠢᠨ ᠲᠥᠪ᠂ ᠬᠠᠷᠢᠯᠴᠠᠨ ᠰᠣᠶᠣᠯ᠎ᠤᠨ ᠲᠥᠪ ᠭᠠᠷᠭᠠᠬᠤ ᠠᠵᠢᠯ᠎ᠢ ᠲᠦᠷᠭᠡᠳᠭᠡᠨ ᠠᠬᠢᠭᠤᠯᠵᠤ᠂ ᠪᠦᠬᠦ᠌ ᠲᠠᠯ᠎ᠠ᠎ᠶ᠋ᠢᠨ ᠬᠠᠮᠲᠤᠷᠠᠯᠴᠠᠭᠠᠨ᠎ᠤ ᠱᠢᠨ᠎ᠡ ᠪᠠᠢᠷᠢᠱᠢᠯ᠎ᠢ ᠪᠤᠢ ᠪᠣᠯᠭᠠᠶ᠎ᠠ᠃ 《ᠭᠤᠷᠪᠠᠨ ᠵᠦᠢᠯ᠎ᠦᠨ ᠬᠦᠴᠦᠨ》 ᠳ᠋ᠤ ᠡᠷᠡᠰ ᠴᠣᠬᠢᠯᠲᠠ ᠥᠭ᠌ᠴᠦ᠂ ᠬᠣᠶᠠᠷ ᠤᠯᠤᠰ᠎ᠤᠨ ᠬᠥᠭ᠌ᠵᠢᠯᠲᠡ᠎ᠳᠦ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠶ᠎ᠠ᠃ ᠣᠳᠣᠬᠠᠨ᠎ᠳᠤ ᠪᠦᠬᠦ᠌ ᠪᠥᠮᠪᠥᠷᠴᠡᠭ᠎ᠲᠦ ᠥᠷᠢᠰᠥᠯᠳᠦᠭᠡᠨ ᠲᠠᠰᠤᠷᠠᠯᠳᠠ ᠦᠭᠡᠢ ᠭᠠᠷᠴᠤ᠌ ᠪᠠᠢᠨ᠎ᠠ᠂ ᠳᠤᠮᠳᠠᠳᠤ ᠤᠯᠤᠰ ᠳᠤᠷᠠᠲᠠᠶ᠎ᠠ ᠲᠦᠷᠺᠮᠸᠨ᠋ᠰᠲ᠋ᠠᠨ ᠤ᠋ ᠬᠢᠨ᠎ᠲᠡᠶ ᠬᠠᠮᠲᠤ᠎ᠪᠠᠷ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠪᠠᠢᠷᠢ ᠰᠠᠭᠤᠷᠢ ᠪᠣᠯᠤᠨ ᠡᠷᠬᠡ ᠰᠦᠷ᠎ᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠍᠂ ᠬᠠᠮᠲᠤ᠎ᠪᠠᠷ ᠵᠥᠪᠳᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌ ᠪᠦᠬᠦ᠌ ᠪᠥᠮᠪᠥᠷᠴᠡᠭ ᠦᠨ ᠵᠠᠰᠠᠯᠲᠠ ᠶ᠋ᠢᠨ ᠦᠵᠡᠯᠲᠡ᠎ᠶ᠋ᠢ ᠪᠠᠷᠢᠮᠲᠠᠯᠠᠵᠤ᠂ ᠲᠥᠪ ᠭᠣᠣᠯᠴᠢ ᠱᠢᠳᠤᠷᠭᠤ ᠶᠣᠰᠣ᠂ ᠨᠡᠭᠡᠭᠡᠯᠲᠡᠲᠡᠢ ᠪᠠᠭ᠍ᠲᠠᠭᠠᠮᠵᠢᠲᠠᠢ ᠪᠠᠢᠬᠤ ᠣᠢᠯᠠᠭᠠᠭ᠍ᠳᠠᠬᠤᠨ᠎ᠢᠶᠠᠷ ᠪᠦᠬᠦ᠌ ᠪᠥᠮᠪᠥᠷᠴᠡᠭ᠎ᠦᠨ ᠵᠠᠰᠠᠯᠲᠠ ᠶ᠋ᠢᠨ ᠬᠤᠪᠢᠰᠤᠯᠲᠠ ᠶ᠋ᠢ ᠬᠦᠲᠦᠯᠦᠨ ᠳᠠᠭᠠᠭᠤᠯᠤᠨ᠎ᠠ ᠭᠡᠵᠦ ᠴᠢᠬᠤᠯᠠᠴᠢᠯᠠᠪᠠ᠃
ᠪᠸᠷᠳᠢᠮᠦᠢ᠍ᠬᠠᠮᠸᠢᠢᠳᠦᠹ᠂ ᠠᠭᠤᠤ ᠶᠡᠬᠡ ᠳᠤᠮᠳᠠᠳᠤ ᠤᠯᠤᠰ ᠲᠸ᠋ ᠠᠢᠯᠴᠢᠯᠠᠭ᠍ᠰᠠᠨ᠎ᠳᠠᠭᠠᠨ ᠮᠠᠰᠢ ᠪᠠᠶᠠᠷᠲᠠᠶ ᠪᠠᠢᠨ᠎ᠠ᠂ ᠳᠤᠮᠳᠠᠳᠤ ᠤᠯᠤᠰ᠎ᠤᠨ ᠪᠦᠬᠦ᠌ ᠤᠯᠤᠰ᠎ᠤᠨ ᠬᠣᠶᠠᠷ ᠬᠤᠷᠠᠯ ᠠᠮᠵᠢᠯᠲᠠ᠎ᠲᠠᠶ ᠬᠤᠷᠠᠯᠳᠤᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠢᠭ᠌ᠰᠡᠨ᠎ᠳᠦ ᠪᠠᠶᠠᠷ ᠬᠦᠷᠭᠡᠵᠦ᠍ ᠪᠠᠢᠨ᠎ᠠ᠃ ᠳᠤᠮᠳᠠᠳᠤ ᠤᠯᠤᠰ᠎ᠤᠨ ᠴᠡᠴᠡᠭ᠌ᠯᠡᠯ ᠬᠥᠭ᠌ᠵᠢᠯ ᠳᠡᠯᠡᠬᠡᠢ ᠳ᠋ᠠᠬᠢᠨ᠎ᠳᠤ ᠠᠱᠢᠭ ᠬᠦᠷᠲᠡᠭᠡᠪᠡ᠃ ᠳᠤᠮᠳᠠᠳᠤ ᠤᠯᠤᠰ ᠰᠠᠢ᠌ᠨ ᠪᠣᠯ ᠳᠡᠯᠡᠬᠡᠢ ᠳ᠋ᠡᠬᠢᠨ ᠨᠡᠩ ᠰᠠᠢ᠌ᠨ ᠪᠣᠯᠤᠨ᠎ᠠ᠃ ᠲᠡᠷᠢᠭᠦᠯᠡᠭ᠌ᠴᠢ ᠰᠢ ᠵᠢᠨ ᠫᠢᠩ ᠦᠨ ᠠᠬᠢᠭᠤᠯᠤᠯ ᠳᠣᠣᠷ᠎ᠠ᠂ ᠲᠦᠷᠺᠮᠸᠨ᠋ᠰᠲ᠋ᠠᠨ ᠳᠤᠮᠳᠠᠳᠤ᠎ᠶ᠋ᠢᠨ ᠨᠥᠬᠥᠷᠰᠡᠭ ᠬᠠᠷᠢᠯᠴᠠᠭ᠎ᠠ ᠲᠦᠷᠭᠡᠨ ᠲᠣᠭ᠍ᠲᠠᠭᠤᠨ᠎ᠢᠶᠠᠷ ᠬᠥᠭ᠌ᠵᠢᠵᠦ᠍᠂ ᠬᠠᠤᠯᠢ ᠲᠣᠭ᠍ᠲᠠᠭᠠᠬᠤ ᠪᠠᠢᠭᠤᠯᠤᠮᠵᠢ᠂ ᠨᠠᠮ᠎ᠤᠨ ᠬᠣᠭᠣᠷᠣᠨᠳᠣᠬᠢ ᠶᠠᠪᠤᠯᠴᠠᠭ᠎ᠠ ᠨᠢᠭ᠍ᠲᠠᠷᠠᠵᠤ᠂ ᠡᠯ᠎ᠡ ᠬᠦᠷᠢᠶᠡᠨ᠎ᠦ ᠬᠠᠮᠲᠤᠷᠠᠯᠴᠠᠭᠠᠨ᠎ᠤ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠥᠨᠳᠥᠷ ᠲᠦᠪᠱᠢᠨ᠎ᠳᠦ ᠬᠦᠷᠴᠡᠢ᠃ ᠲᠦᠷᠺᠮᠸᠨ᠋ᠰᠲ᠋ᠠᠨ ᠳᠤᠮᠳᠠᠳᠤ᠎ᠶ᠋ᠢᠨ ᠬᠠᠮᠲᠤᠷᠠᠯᠴᠠᠭ᠎ᠠ ᠨᠢᠭᠡᠨᠲᠡ ᠬᠣᠶᠠᠷ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠢᠳᠡᠪᠬᠢ ᠬᠦᠴᠦᠨ ᠵᠦᠢᠯ ᠪᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠠᠯᠤᠰ ᠬᠡᠳᠤ᠎ᠶ᠋ᠢᠨ ᠠᠱᠢᠭ ᠲᠤᠰᠠᠲᠠᠶ ᠨᠡᠢᠴᠡᠵᠦ᠍ ᠪᠠᠢᠨ᠎ᠠ᠃ ᠲᠦᠷᠺᠮᠸᠨ᠋ᠰᠲ᠋ᠠᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠦᠷᠭᠦᠯᠵᠢᠯᠡᠨ ᠪᠠᠷᠢᠮᠲᠠᠯᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠪᠠᠨ ᠴᠢᠩᠭᠠᠳᠭᠠᠵᠤ᠂ ᠡᠨᠧᠷᠭᠢ᠂ ᠠᠷᠠᠯᠵᠢᠶ᠎ᠠ᠂ ᠬᠣᠯᠪᠣᠯᠳᠤᠨ ᠨᠡᠪᠲᠡᠷᠡᠯᠴᠡᠬᠦ᠌ ᠵᠡᠷᠭᠡ ᠬᠦᠷᠢᠶᠡᠨ᠎ᠦ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠪᠠᠨ ᠥᠷᠭᠡᠳᠭᠡᠵᠦ᠍᠂ ᠬᠥᠭ᠌ᠵᠢᠯ ᠴᠡᠴᠡᠭ᠌ᠯᠡᠯ᠎ᠢ ᠬᠠᠮᠲᠤ᠎ᠪᠠᠷ ᠰᠦᠪᠡᠭ᠌ᠴᠢᠯᠡᠵᠦ᠍᠂ ᠠᠮᠤᠷ ᠲᠦᠪᠱᠢᠨ ᠲᠣᠭ᠍ᠲᠠᠭᠤᠨ᠎ᠢ ᠬᠠᠮᠲᠤ᠎ᠪᠠᠷ ᠠᠬᠢᠭᠤᠯᠤᠨ᠎ᠠ᠃ ᠲᠦᠷᠺᠮᠸᠨ᠋ᠰᠲ᠋ᠠᠨ᠎ᠤ ᠬᠢᠨ ᠳᠤᠮᠳᠠᠳᠤ ᠤᠯᠤᠰ᠎ᠤᠨ ᠲᠦᠷᠺᠮᠸᠨ᠋ᠰᠲ᠋ᠠᠨ᠎ᠤ ᠡᠭᠦᠷᠢᠳᠡ ᠲᠤᠮᠳᠠ ᠵᠢ ᠪᠠᠷᠢᠮᠳᠠᠯᠠᠬᠤ ᠪᠠᠢᠷᠢ ᠰᠠᠭᠤᠷᠢ᠎ᠶ᠋ᠢ ᠳᠡᠮᠵᠢᠭ᠌ᠰᠡᠨ᠎ᠳᠦ ᠲᠠᠯᠠᠷᠬᠠᠵᠤ᠂ ᠲᠡᠷᠢᠭᠦᠯᠡᠭ᠌ᠴᠢ ᠰᠢ ᠵᠢᠨ ᠫᠢᠩ᠎ᠦᠨ ᠳᠡᠯᠡᠬᠡᠢ᠎ᠶ᠋ᠢᠨ ᠲᠡᠰ᠎ᠤᠨ ᠤᠳᠤᠷᠢᠳᠤᠭ᠍ᠴᠢ ᠪᠣᠯᠤᠭ᠍ᠰᠠᠨ᠎ᠤ ᠬᠤᠪᠢ᠎ᠳᠤ ᠳᠤᠷᠠᠳᠤᠭ᠍ᠰᠠᠨ ᠪᠦᠬᠦ᠌ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠳᠤᠮᠳᠠᠳᠤ ᠤᠯᠤᠰ ᠳᠡᠯᠡᠬᠡᠢ᠎ᠶ᠋ᠢᠨ ᠬᠡᠷᠡᠭ ᠶᠠᠪᠤᠳᠠᠯ᠎ᠳᠤ ᠢᠮᠠᠭ᠍ᠲᠠ ᠲᠥᠪ ᠭᠣᠣᠯᠴᠢ ᠵᠣᠭ᠍ᠰᠣᠯᠲᠠ᠎ᠲᠠᠶ ᠪᠠᠢᠬᠤ᠎ᠶ᠋ᠢ ᠮᠠᠭ᠍ᠲᠠᠨ ᠰᠠᠢᠱᠢᠶᠠᠵᠤ ᠪᠠᠢᠨ᠎ᠠ᠃ ᠲᠦᠷᠺᠮᠸᠨ᠋ᠰᠲ᠋ᠠᠨ ᠤ᠋ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠳᠤᠮᠳᠠᠳᠤ ᠤᠯᠤᠰ — ᠳᠤᠮᠳᠠᠳᠤ ᠠᠽᠢᠶ᠎ᠠ᠎ᠶ᠋ᠢᠨ ᠲᠣᠭ᠍ᠲᠠᠴᠠ ᠵᠡᠷᠭᠡ ᠤᠯᠠᠨ ᠲᠠᠯᠠᠲᠤ ᠲᠠᠪᠴᠠᠩ᠎ᠳᠡᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠳᠭᠠᠵᠤ᠂ ᠭᠠᠵᠠᠷ ᠣᠷᠣᠨ ᠪᠣᠯᠤᠨ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠲᠤ᠎ᠪᠠᠷ ᠬᠠᠮᠠᠭᠠᠯᠠᠨ᠎ᠠ ᠭᠡᠵᠦ᠍ ᠢᠯᠡᠳᠭᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 18 ᠤ᠋ ᠴᠠᠬᠢᠯᠭᠠᠨ ᠮᠡᠳᠡᠭᠡ)