2026 ᠣᠨ᠎ᠤ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠠᠵᠢᠯ ᠵᠢᠴᠢ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠬᠤᠷᠠᠯ ᠬᠤᠷᠠᠯᠳᠤᠪᠠ
2026-03-19 09:39:18
ᠵᠣᠬᠢᠶᠠᠭ᠍ᠴᠢ᠄
ᠰᠦᠩ ᠱᠤᠸᠠᠩ᠂ ᠰᠦᠩ ᠵᠢᠶᠠ
ᠣᠩᠱᠢᠭ᠍ᠰᠠᠨ ᠣᠳᠠᠭ᠎ᠠ᠄
★★★☆☆

ᠢᠦᠢ ᠯᠢ ᠱᠢᠨ ᠶᠠᠷᠢᠶ᠎ᠠ ᠲᠠᠯᠪᠢᠪᠠ


3 ᠰᠠᠷ᠎ᠠ᠎ᠶ᠋ᠢᠨ 17᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠠᠵᠢᠯ ᠵᠢᠴᠢ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠷᠢᠨ ᠪᠢᠴᠢᠭ᠎ᠦᠨ ᠳᠠᠷᠤᠭ᠎ᠠ᠂ ᠦᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠠᠵᠢᠯ᠎ᠤᠨ ᠬᠣᠷᠢᠶᠠᠨ᠎ᠤ ᠱᠦᠵᠢ ᠢᠦᠢ ᠯᠢ ᠱᠢᠨ ᠶᠠᠷᠢᠶ᠎ᠠ ᠲᠠᠯᠪᠢᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠲᠦᠷᠦᠭᠦᠯᠡᠨ ᠰᠠᠢᠲᠤᠷ ᠠᠳᠭᠤᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ᠎ᠶᠢᠨ ᠰᠠᠢ᠌ᠨ ᠰᠠᠢᠬᠠᠨ ᠡᠬᠢᠯᠡᠯᠲᠡ᠎ᠶᠢ ᠠᠬᠢᠭᠤᠯᠬᠤ ᠳᠤᠮᠳᠠ ᠰᠠᠢ᠌ᠨ 《ᠲᠠᠭᠠᠭᠤᠯᠤᠬ᠍ᠴᠢ》 ᠪᠣᠯᠬᠤ ᠪᠡᠷ ᠴᠢᠷᠮᠠᠢᠵᠦ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠠᠨ》 ᠢ᠋ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号