ᠬᠠᠤᠯᠢ ᠴᠠᠭᠠᠵᠠ ᠪᠣᠯ ᠲᠦᠷᠦ ᠵᠢ ᠵᠠᠰᠠᠬᠤ ᠴᠢᠬᠤᠯᠠ ᠵᠡᠪᠰᠡᠭ ᠮᠥᠨ᠂ ᠬᠠᠤᠯᠢ᠎ᠪᠠᠷ ᠵᠠᠰᠠᠬᠤ ᠪᠣᠯ ᠲᠦᠷᠦ ᠵᠢ ᠵᠠᠰᠠᠬᠤ ᠰᠢᠰᠲᠸᠮ ᠪᠠ ᠵᠠᠰᠠᠬᠤ ᠴᠢᠳᠠᠪᠤᠷᠢ᠎ᠶ᠋ᠢᠨ ᠴᠢᠬᠤᠯᠠ ᠲᠦᠱᠢᠭ ᠮᠥᠨ᠃ ᠲᠦᠷᠦᠭᠦᠬᠡᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠡᠴᠡ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ》 ᠵᠢ ᠪᠠᠲᠤᠯᠠᠪᠠ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠮᠡᠨᠳᠦᠯᠡᠭ᠌ᠰᠡᠨ ᠶᠠᠪᠤᠳᠠᠯ ᠪᠣᠯ ᠮᠠᠨ᠎ᠤ ᠤᠯᠤᠰ᠎ᠤᠨ ᠲᠥᠯᠥᠪᠵᠢᠭᠦᠯᠭᠡ᠎ᠶ᠋ᠢᠨ ᠲᠦᠷᠢᠮ᠎ᠦᠨ ᠪᠠᠢᠭᠤᠯᠤᠯᠲᠠ᠎ᠶ᠋ᠢᠨ ᠴᠢᠬᠤᠯᠠ ᠪᠡᠯᠭᠡ ᠲᠡᠮᠳᠡᠭ ᠮᠥᠨ᠂ ᠲᠡᠷᠡ ᠨᠢ ᠬᠠᠤᠯᠢ᠎ᠪᠠᠷ ᠵᠠᠰᠠᠬᠤ ᠪᠡᠷ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠎ᠶ᠋ᠢ ᠪᠠᠲᠤᠯᠠᠬᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠴᠢᠩᠭᠠᠳᠭᠠᠬᠤ ᠱᠢᠨ᠎ᠡ ᠬᠠᠭᠤᠳᠠᠰᠤ᠎ᠶ᠋ᠢ ᠨᠡᠭᠡᠭᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠤᠯᠤᠰ ᠲᠦᠷᠦ᠍᠎ᠶ᠋ᠢᠨ ᠳᠠᠪᠠᠭᠤᠯᠢᠭ᠎ᠢ ᠤᠯᠠᠮ ᠨᠢᠭᠡ ᠠᠯᠬᠤᠮ ᠪᠡᠬᠢᠵᠢᠭᠦᠯᠦᠨ ᠥᠷᠭᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠨᠡᠩ ᠪᠠᠲᠤ ᠴᠢᠩᠭ᠎ᠠ ᠪᠥᠭᠡᠳ ᠬᠦᠴᠦᠲᠡᠢ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠬᠤ ᠪᠣᠯᠤᠨ᠎ᠠ᠃
ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠪᠣᠯ ᠮᠠᠨ᠎ᠤ ᠨᠠᠮ᠎ᠤᠨ ᠲᠦᠷᠦ᠍᠎ᠶ᠋ᠢ ᠵᠠᠰᠠᠬᠤ ᠨᠢᠭᠡᠨ ᠴᠢᠬᠤᠯᠠ ᠲᠤᠷᠱᠢᠯᠭ᠎ᠠ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠨᠢᠭᠡᠨ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠂ ᠲᠡᠷᠡ ᠨᠢ ᠨᠠᠮ᠎ᠤᠨ ᠤᠳᠤᠷᠢᠳᠤᠯᠭ᠎ᠠ᠎ᠶ᠋ᠢ ᠪᠡᠶᠡᠯᠡᠭᠦᠯᠬᠦ᠌᠎ᠳᠦ ᠠᠱᠢᠭ᠍ᠲᠠᠢ᠂ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ᠌᠎ᠳᠦ ᠠᠱᠢᠭ᠍ᠲᠠᠢ᠂ ᠪᠠᠷᠠᠯᠠᠯᠳᠤ ᠴᠢᠨᠠᠷ ᠵᠢᠡᠷ ᠪᠠᠢᠯᠳᠤᠬᠤ ᠪᠤᠳᠤᠯᠭ᠎ᠠ᠎ᠶ᠋ᠢᠨ ᠠᠰᠠᠭᠤᠳᠠᠯ᠎ᠢ ᠡᠵᠡᠮᠳᠡᠬᠦ᠌᠎ᠳᠦ ᠠᠱᠢᠭ᠍ᠲᠠᠢ᠂ ᠠᠵᠢᠯ ᠦᠢᠯᠡᠰ᠎ᠦᠨ ᠦᠷᠭᠦᠯᠵᠢᠯᠡᠬᠦ᠌ ᠴᠢᠨᠠᠷ᠎ᠢ ᠪᠠᠲᠤᠯᠠᠬᠤ᠎ᠳᠤ ᠠᠱᠢᠭ᠍ᠲᠠᠢ ᠶᠤᠮ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠡᠴᠡ ᠨᠠᠭᠠᠰᠢ᠂ 《ᠠᠩᠬᠠᠳᠤᠭᠠᠷ ᠲᠠᠪᠤᠨ ᠵᠢᠯ》 ᠤ᠋ᠨ ᠲᠥᠯᠥᠪᠯᠡᠭᠡ᠎ᠡᠴᠡ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ ᠬᠦᠷᠲᠡᠯ᠎ᠡ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠢᠭᠡᠨᠲᠡ 14 ᠲᠠᠪᠤᠨ ᠵᠢᠯ᠎ᠦᠨ ᠲᠥᠯᠥᠪᠵᠢᠭᠦᠯᠭᠡ (ᠲᠥᠯᠥᠪᠯᠡᠭᠡ) ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠦᠨ᠂ ᠠᠵᠤ ᠠᠬᠤᠶ᠎ᠶ᠋ᠢᠨ ᠲᠦᠷᠭᠡᠨ ᠬᠥᠭ᠌ᠵᠢᠯᠲᠡ ᠪᠠ ᠨᠡᠢᠭᠡᠮ᠎ᠦᠨ ᠣᠷᠳᠣ ᠬᠤᠭᠤᠴᠠᠭᠠᠨ᠎ᠤ ᠲᠣᠭ᠍ᠲᠠᠭᠤᠨ ᠬᠣᠶᠠᠷ ᠶᠡᠬᠡ ᠭᠠᠢᠬᠠᠮᠱᠢᠭ᠎ᠢ ᠡᠭᠦᠳᠴᠦ᠍᠂ ᠥᠪᠡᠷᠮᠢᠴᠡ ᠤᠯᠤᠰ ᠲᠥᠷᠥ᠎ᠶ᠋ᠢᠨ ᠳᠠᠪᠠᠭᠤᠯᠢᠭ᠂ ᠪᠠᠢᠭᠤᠯᠤᠯ᠎ᠤᠨ ᠳᠠᠪᠠᠭᠤᠯᠢᠭ᠂ ᠵᠠᠰᠠᠯᠲᠠ᠎ᠶ᠋ᠢᠨ ᠳᠠᠪᠠᠭᠤᠯᠢᠭ᠎ᠢ ᠢᠯᠡᠷᠡᠭᠦᠯᠪᠡ᠃ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠤᠷᠳᠤ ᠬᠤᠭᠤᠴᠠᠭᠠᠨ᠎ᠤ ᠦᠢᠯᠡᠳᠦᠯᠭᠡ᠎ᠶ᠋ᠢᠨ ᠳᠤᠮᠳᠠ᠂ ᠮᠠᠨ᠎ᠤ ᠨᠠᠮ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠬᠤ᠂ ᠪᠦᠬᠦ᠌ ᠤᠯᠤᠰ᠎ᠢᠶᠠᠷ᠎ᠢᠶᠠᠨ ᠨᠢᠭᠡ ᠬᠥᠯᠭᠡ ᠱᠢᠳᠠᠷ᠎ᠠ ᠪᠣᠯᠬᠤ᠎ᠶ᠋ᠢ ᠪᠠᠷᠢᠮᠲᠠᠯᠠᠬᠤ᠂ ᠠᠷᠠᠳᠴᠢᠯᠠᠯ᠎ᠢ ᠪᠠᠳᠠᠷᠠᠭᠤᠯᠬᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ᠌᠎ᠶ᠋ᠢ ᠪᠠᠷᠢᠮᠲᠠᠯᠠᠬᠤ᠂ ᠲᠥᠯᠥᠪᠵᠢᠭᠦᠯᠭᠡ ᠬᠢᠬᠦ᠎ᠳᠦ ᠬᠠᠤᠯᠢ᠎ᠪᠠᠷ ᠲᠣᠭ᠍ᠲᠠᠭᠠᠭ᠍ᠰᠠᠨ ᠵᠠᠷᠴᠢᠮ᠎ᠢ ᠪᠠᠷᠢᠮᠲᠠᠯᠠᠬᠤ ᠵᠡᠷᠭᠡ᠎ᠶ᠋ᠢ ᠪᠠᠭ᠍ᠲᠠᠭᠠᠭ᠍ᠰᠠᠨ ᠡᠯᠪᠡᠭ ᠪᠠᠶᠠᠯᠢᠭ ᠲᠤᠷᠱᠢᠯᠭ᠎ᠠ᠎ᠶ᠋ᠢ ᠡᠭᠦᠳᠦᠨ ᠬᠤᠷᠠᠮᠳᠤᠭᠤᠯᠪᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ᠂ ᠤᠷᠳᠤ ᠬᠤᠭᠤᠴᠠᠭᠠᠨ᠎ᠤ ᠲᠤᠷᠱᠢᠬᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠤᠨ ᠠᠮᠵᠢᠯᠲᠠ᠎ᠲᠠᠶ ᠲᠤᠷᠱᠢᠯᠭ᠎ᠠ᠎ᠶ᠋ᠢ ᠨᠠᠷᠢᠨ ᠬᠢᠨᠠᠮᠠᠭᠠᠢ ᠳ᠋ᠦᠩᠨᠡᠵᠦ᠍᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠲᠣᠭ᠍ᠲᠠᠭᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠳᠤ ᠪᠠᠷᠢᠮᠲᠠᠯᠠᠬᠤ ᠶᠤᠰᠤᠳᠠᠢ ᠵᠢᠯᠣᠭᠣᠳᠭᠤ ᠦᠵᠡᠯ ᠰᠠᠨᠠᠭ᠎ᠠ ᠪᠣᠯᠤᠨ ᠵᠠᠷᠴᠢᠮ ᠣᠢᠯᠠᠭᠠᠭ᠍ᠳᠠᠬᠤᠨ᠎ᠢ ᠲᠣᠳᠣᠷᠬᠠᠢᠯᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠬᠢᠨᠠᠨ ᠪᠠᠢᠴᠠᠭᠠᠬᠤ ᠪᠠ ᠵᠥᠪᠱᠢᠶᠡᠷᠡᠬᠦ᠌᠂ ᠬᠡᠷᠡᠭ᠌ᠵᠢᠭᠦᠯᠬᠦ᠌ ᠵᠢᠴᠢ ᠲᠡᠭᠦᠨ᠎ᠳᠦ ᠬᠢᠨᠠᠯᠲᠠ ᠲᠠᠯᠪᠢᠬᠤ ᠵᠡᠷᠭᠡ ᠪᠣᠳᠠᠲᠠᠢ ᠲᠡᠰ ᠳᠠᠷᠠᠭᠠᠯᠠᠯ᠎ᠳᠤ ᠪᠦᠬᠦ᠌ ᠲᠠᠯ᠎ᠠ᠎ᠶ᠋ᠢᠨ ᠱᠢᠰᠲᠸᠮ ᠲᠠᠢ ᠲᠣᠭ᠍ᠲᠠᠭᠠᠯ ᠭᠠᠷᠭᠠᠵᠤ᠂ ᠬᠠᠤᠯᠢ ᠪᠡᠷ ᠵᠠᠰᠠᠬᠤ ᠵᠠᠮ ᠳᠡᠭᠡᠷ᠎ᠡ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ ᠪᠠ ᠪᠦᠲᠦᠮᠵᠢᠲᠡᠢ ᠬᠡᠷᠡᠭ᠌ᠵᠢᠭᠦᠯᠬᠦ᠌᠎ᠳᠦ ᠬᠦᠴᠦᠲᠡᠢ ᠲᠦᠷᠢᠮ᠎ᠦᠨ ᠪᠠᠲᠤᠯᠠᠭ᠎ᠠ ᠬᠠᠩᠭᠠᠬᠤ ᠴᠢᠬᠤᠯᠠᠲᠠᠢ ᠶᠤᠮ᠃
ᠲᠥᠯᠥᠪᠵᠢᠭᠦᠯᠭᠡ ᠱᠢᠨᠵᠢᠯᠡᠬᠦ᠌ ᠤᠬᠠᠭᠠᠨᠴᠢ ᠪᠠᠢᠬᠤ ᠪᠣᠯ ᠬᠠᠮᠤᠭ᠎ᠤᠨ ᠶᠡᠬᠡ ᠦᠷ᠎ᠡ ᠠᠱᠢᠭ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠬᠠᠤᠯᠢ ᠲᠣᠭ᠍ᠲᠠᠭᠠᠬᠤ ᠠᠵᠢᠯ᠎ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠲᠦᠷᠭᠡᠨ ᠲᠤᠭᠳᠠᠭᠠᠬᠤ᠂ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠬᠦ᠌ ᠳ᠋ᠤ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠵᠢ ᠲᠣᠭ᠍ᠲᠠᠭᠠᠬᠤ ᠠᠵᠢᠯ᠎ᠳᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠪᠠ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠲᠣᠭ᠍ᠲᠠᠭᠠᠬᠤ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠨᠠᠩ ᠰᠠᠢᠲᠤᠷ ᠪᠠᠳᠠᠷᠠᠭᠤᠯᠬᠤ᠎ᠶ᠋ᠢᠨ ᠵᠠᠢᠯᠠᠰᠢ ᠥᠬᠡᠶ ᠱᠠᠭᠠᠷᠳᠠᠯᠭ᠎ᠠ ᠮᠥᠨ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠬᠦ᠌᠎ᠶ᠋ᠢᠨ ᠴᠢᠬᠤᠯᠠ ᠠᠷᠭ᠎ᠠ ᠬᠡᠮᠵᠢᠶ᠎ᠡ ᠮᠥᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠨ ᠰᠠᠢᠲᠤᠷ ᠬᠡᠷᠡᠭ᠌ᠵᠢᠭᠦᠯᠬᠦ᠌᠎ᠶ᠋ᠢᠨ ᠪᠣᠳᠠᠲᠤ ᠬᠡᠷᠡᠭ᠌ᠴᠡᠭᠡ ᠮᠥᠨ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠤᠳᠤᠷᠢᠳᠤᠮᠵᠢ᠎ᠶ᠋ᠢᠨ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠬᠤ᠎ᠶ᠋ᠢᠨ ᠳᠣᠲᠣᠭᠠᠳᠤ ᠱᠠᠭᠠᠷᠳᠠᠯᠭ᠎ᠠ ᠮᠥᠨ᠂ ᠲᠦᠷᠦ ᠵᠢ ᠵᠠᠰᠠᠬᠤ ᠱᠢᠰᠲ᠋ᠧᠮ ᠪᠣᠯᠤᠨ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃
ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠲᠣᠭ᠍ᠲᠠᠭᠠᠬᠤ᠎ᠳᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠲᠥᠯᠥᠪᠵᠢᠭᠦᠯᠭᠡ᠎ᠶ᠋ᠢ ᠬᠠᠤᠯᠢ᠎ᠪᠠᠷ ᠲᠣᠭ᠍ᠲᠠᠭᠠᠬᠤ᠎ᠶ᠋ᠢ ᠪᠠᠷᠢᠮᠲᠠᠯᠠᠬᠤ᠂ ᠦᠢᠯᠡᠳᠦᠯᠭᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶ᠋ᠢ ᠪᠠᠷᠢᠮᠲᠠᠯᠠᠬᠤ ᠵᠡᠷᠭᠡ ᠴᠢᠬᠤᠯᠠ ᠵᠠᠷᠴᠢᠮ᠎ᠢ ᠵᠢᠷᠤᠮᠯᠠᠵᠤ᠂ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠬᠢᠨᠠᠨ ᠪᠠᠢᠴᠠᠭᠠᠬᠤ ᠪᠠ ᠵᠥᠪᠱᠢᠶᠡᠷᠡᠬᠦ᠌᠂ ᠬᠡᠷᠡᠭ᠌ᠵᠢᠭᠦᠯᠬᠦ᠌ ᠵᠢᠴᠢ ᠲᠡᠭᠦᠨ᠎ᠳᠦ ᠬᠢᠨᠠᠯᠲᠠ ᠲᠠᠯᠪᠢᠬᠤ ᠪᠦᠬᠦ᠌ ᠶᠠᠪᠤᠴᠠ ᠡᠯ᠎ᠡ ᠲᠠᠯ᠎ᠠ᠎ᠳᠤ ᠨᠠᠮ᠎ᠤᠨ ᠤᠳᠤᠷᠢᠳᠤᠯᠭ᠎ᠠ᠎ᠶ᠋ᠢ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠷᠬᠡᠢ ᠳᠠᠪᠠᠭᠤᠯᠢᠭ ᠮᠥᠨ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠨᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠳᠠᠬᠢ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠴᠢᠩᠭᠠᠳᠭᠠᠵᠤ᠂ ᠮᠠᠨ᠎ᠤ ᠨᠠᠮ᠎ᠤᠨ ᠤᠯᠤᠰ ᠲᠥᠷᠥ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠥᠳᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ᠎ᠢ ᠨᠡᠩ ᠰᠠᠢ᠌ᠳᠤᠷ ᠪᠠᠳᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠥᠬᠥᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠨᠡᠩ ᠰᠠᠢ᠌ᠳᠤᠷ ᠬᠤᠪᠢᠷᠠᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃
ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠪᠣᠯ ᠨᠢᠭᠡᠨ ᠪᠤᠳᠠᠳᠤ ᠬᠠᠤᠯᠢ ᠮᠥᠨ ᠪᠥᠭᠡᠳ ᠪᠠᠰᠠ ᠴᠤ᠌ ᠨᠢᠭᠡᠨ ᠲᠡᠰ ᠲᠠᠷᠠᠭᠠᠯᠠᠯ᠎ᠤᠨ ᠬᠠᠤᠯᠢ ᠮᠥᠨ᠂ ᠲᠡᠭᠦᠨ᠎ᠢ ᠶᠡᠷᠦᠩᠬᠡᠢ ᠲᠦᠷᠢᠮ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠢᠨᠠᠨ ᠪᠠᠢᠴᠠᠭᠠᠬᠤ ᠪᠠ ᠵᠥᠪᠱᠢᠶᠡᠷᠡᠬᠦ᠌᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠳᠦ ᠬᠢᠨᠠᠯᠲᠠ ᠲᠠᠯᠪᠢᠬᠤ᠂ ᠳᠠᠭᠠᠯᠳᠤᠭᠤᠯᠤᠯ ᠲᠦᠷᠢᠮ ᠵᠡᠷᠭᠡ ᠨᠡᠢ᠌ᠳᠡ 6 ᠪᠦᠯᠦᠭ 38 ᠵᠦᠢᠯ ᠬᠤᠪᠢᠶᠠᠵᠤ᠂ ᠠᠭᠤᠯᠭ᠎ᠠ ᠨᠢ ᠪᠠᠶᠠᠯᠢᠭ᠂ ᠱᠢᠰᠲ᠋ᠧᠮ ᠨᠢ ᠪᠦᠬᠦ᠌ ᠲᠠᠯ᠎ᠠ᠎ᠶ᠋ᠢᠨ᠂ ᠴᠤᠭᠴᠠᠰ ᠨᠢ ᠱᠢᠨᠵᠢᠯᠡᠬᠦ᠌ ᠤᠬᠠᠭᠠᠨᠴᠢ ᠪᠠᠢᠳᠠᠭ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠨᠢ ᠪᠤᠰᠤᠳ ᠬᠠᠤᠯᠢ ᠴᠠᠭᠠᠵᠠ᠎ᠳᠠᠬᠢ ᠲᠣᠭ᠍ᠲᠠᠭᠠᠯ᠎ᠢ ᠱᠢᠰᠲ᠋ᠧᠮ᠎ᠲᠡᠶ᠎ᠪᠡᠷ ᠡᠮᠬᠢᠳᠭᠡᠨ ᠨᠥᠬᠥᠪᠥᠷᠢᠯᠡᠵᠦ᠍ ᠲᠡᠭᠦᠯᠳᠡᠷᠵᠢᠭᠦᠯᠦᠨ᠂ ᠤᠷᠳᠤ ᠬᠤᠭᠤᠴᠠᠭᠠᠨ᠎ᠤ ᠲᠤᠷᠱᠢᠬᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠤᠨ ᠳᠤᠮᠳᠠ ᠪᠦᠷᠢᠯᠳᠦᠭ᠌ᠰᠡᠨ ᠠᠮᠵᠢᠯᠲᠠ᠎ᠲᠠᠶ ᠲᠤᠷᠱᠢᠯᠭ᠎ᠠ᠎ᠶ᠋ᠢ ᠬᠠᠤᠯᠢ ᠴᠠᠭᠠᠵᠠ᠎ᠶ᠋ᠢᠨ ᠬᠡᠯᠪᠡᠷᠢ᠎ᠪᠡᠷ ᠲᠣᠭ᠍ᠲᠠᠭᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠠᠤᠯᠢ᠎ᠪᠠᠷ ᠵᠠᠰᠠᠬᠤ᠎ᠪᠠᠷ ᠬᠥᠳᠤᠯᠤᠨ ᠳᠠᠭᠠᠭᠤᠯᠬᠤ ᠪᠠ ᠪᠠᠲᠤᠯᠠᠬᠤ ᠨᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠨᠡᠩ ᠰᠠᠢ᠌ᠳᠤᠷ ᠪᠠᠳᠠᠷᠠᠭᠤᠯᠵᠤ᠂ ᠱᠢᠨ᠎ᠡ ᠪᠠᠢᠳᠠᠯ᠎ᠤᠨ ᠳᠣᠣᠷᠠᠬᠢ ᠤᠯᠤᠰ᠎ᠤᠨ ᠲᠥᠯᠥᠪᠵᠢᠭᠦᠯᠭᠡ᠎ᠶ᠋ᠢᠨ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠤᠯᠤᠰ᠎ᠤᠨ ᠪᠠᠢᠭᠤᠯᠤᠯ᠎ᠤᠨ ᠳᠠᠪᠠᠭᠤᠯᠢᠭ ᠪᠠ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠨᠡᠩ ᠰᠠᠢ᠌ᠳᠤᠷ ᠪᠠᠳᠠᠷᠠᠭᠤᠯᠬᠤ᠎ᠳᠤ ᠠᠱᠢᠭ᠍ᠲᠠᠢ ᠶᠤᠮ᠃ ᠬᠠᠤᠯᠢ ᠴᠠᠭᠠᠵᠠ᠎ᠶ᠋ᠢᠨ ᠠᠮᠢᠵᠢᠷᠠᠯ᠎ᠤᠨ ᠬᠦᠴᠦᠨ ᠨᠢ ᠬᠡᠷᠡᠭ᠌ᠵᠢᠭᠦᠯᠬᠦ᠌᠎ᠳᠦ ᠪᠤᠢ᠂ ᠬᠠᠤᠯᠢ ᠴᠠᠭᠠᠵᠠ᠎ᠶ᠋ᠢᠨ ᠡᠷᠬᠡ ᠰᠦᠷ ᠨᠢ ᠴᠦ᠍ ᠬᠡᠷᠡᠭ᠌ᠵᠢᠭᠦᠯᠬᠦ᠌᠎ᠳᠦ ᠪᠤᠢ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠪᠣᠯ ᠦᠨᠳᠦᠰᠦᠨ ᠬᠠᠤᠯᠢ᠎ᠪᠠᠷ ᠦᠨᠳᠦᠰᠦᠯᠡᠯ ᠪᠣᠯᠭᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠣᠭ᠍ᠲᠠᠭᠠᠬᠤ᠎ᠶ᠋ᠢ ᠵᠢᠷᠤᠮᠵᠢᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠶ᠋ᠢ ᠪᠠᠲᠤᠯᠠᠬᠤ ᠦᠨᠳᠦᠰᠦᠨ ᠬᠠᠤᠯᠢ ᠪᠣᠯᠤᠨ᠎ᠠ᠃ ᠪᠢᠳᠡ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠬᠠᠤᠯᠢ ᠲᠣᠭ᠍ᠲᠠᠭᠠᠬᠰᠠᠨ ᠠᠴᠢ ᠬᠣᠯᠪᠣᠭ᠍ᠳᠠᠯ ᠪᠠ ᠬᠠᠤᠯᠢ ᠴᠠᠭᠠᠵᠠ᠎ᠶ᠋ᠢᠨ ᠠᠭᠤᠯᠤᠭ᠍ᠳᠠᠬᠤᠨ᠎ᠢ ᠭᠦᠨᠵᠡᠭᠡᠢ ᠣᠢᠯᠠᠭᠠᠵᠤ᠂ ᠪᠦᠬᠦ᠌ ᠲᠠᠯ᠎ᠠ᠎ᠪᠠᠷ ᠱᠢᠰᠲ᠋ᠧᠮ᠎ᠲᠡᠶ ᠡᠵᠡᠮᠳᠡᠨ᠂ ᠣᠨᠣᠪᠴᠢᠲᠠᠢ ᠪᠥᠭᠡᠳ ᠴᠢᠩᠭ᠎ᠠ ᠬᠡᠷᠡᠭ᠌ᠵᠢᠭᠦᠯᠵᠦ᠍᠂ ᠬᠠᠤᠯᠢ ᠴᠠᠭᠠᠵᠠ᠎ᠳᠤ ᠲᠣᠭ᠍ᠲᠠᠭᠠᠭ᠍ᠰᠠᠨ ᠲᠣᠭ᠍ᠲᠠᠭᠠᠯ᠎ᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠣᠭ᠍ᠲᠠᠭᠠᠬᠤ ᠪᠠ ᠬᠡᠷᠡᠭ᠌ᠵᠢᠭᠦᠯᠬᠦ᠌ ᠪᠦᠬᠦ᠌ ᠶᠠᠪᠤᠴᠠ᠂ ᠡᠯ᠎ᠡ ᠭᠣᠭ᠍ᠴᠣᠭ᠎ᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠪᠠ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠵᠣᠷᠢᠯᠲᠠ᠎ᠶ᠋ᠢ ᠬᠠᠤᠯᠢ᠎ᠪᠠᠷ ᠲᠣᠭ᠍ᠲᠠᠭᠠᠭ᠍ᠰᠠᠨ ᠲᠥᠯᠥᠪᠵᠢᠭᠦᠯᠭᠡ᠎ᠪᠡᠷ ᠳᠠᠮᠵᠢᠨ ᠪᠣᠳᠠᠲᠠᠢ ᠳ᠋ᠤ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠪᠠᠳᠤᠯᠠᠬᠤ ᠬᠡᠷᠡᠭ᠌ᠲᠡᠢ᠃
《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠮᠠᠨ᠎ᠤ ᠤᠯᠤᠰ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠠᠤᠭ᠎ᠠ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ ᠡᠷᠬᠡᠪᠰᠢ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ᠂ ᠲᠥᠯᠥᠪᠵᠢᠭᠦᠯᠭᠡ᠎ᠶ᠋ᠢ ᠬᠠᠤᠯᠢ᠎ᠪᠠᠷ ᠲᠣᠭ᠍ᠲᠠᠭᠠᠬᠤ ᠵᠠᠷᠴᠢᠮ᠎ᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠵᠠᠮ᠎ᠢᠶᠠᠷ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠣᠯᠪᠣᠭ᠍ᠳᠠᠯ ᠪᠦᠬᠦᠢ ᠠᠵᠢᠯ᠎ᠢ ᠠᠬᠢᠭᠤᠯᠬᠤ ᠬᠡᠷᠡᠭ᠌ᠲᠡᠢ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠯᠥᠪᠯᠡᠭᠡ᠎ᠶ᠋ᠢ ᠬᠠᠤᠯᠢ ᠶᠣᠰᠣᠭᠠᠷ ᠲᠣᠭ᠍ᠲᠠᠭᠠᠨ ᠬᠡᠷᠡᠭ᠌ᠵᠢᠭᠦᠯᠬᠦ᠌ ᠵᠢ ᠪᠠᠷᠢᠮᠲᠠᠯᠠᠨ᠂ ᠬᠠᠤᠯᠢ᠎ᠪᠠᠷ ᠵᠠᠰᠠᠬᠤ᠎ᠪᠠᠷ ᠦᠨᠳᠦᠰᠦ᠎ᠶ᠋ᠢ ᠪᠡᠬᠢᠵᠢᠭᠦᠯᠵᠦ᠍᠂ ᠲᠥᠯᠥᠪᠵᠢᠭᠦᠯᠭᠡ᠎ᠪᠡᠷ ᠠᠯᠤᠰ ᠬᠡᠳᠦ᠍᠎ᠶ᠋ᠢ ᠲᠦᠯᠦᠪᠯᠡᠨ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶ᠋ᠢᠨ ᠠᠦᠭ᠎ᠠ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ᠎ᠶ᠋ᠢ ᠦᠨᠡᠨ ᠬᠦ᠌ ᠪᠠᠲᠤᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠪᠠᠲᠤ ᠪᠡᠬᠢ ᠰᠠᠭᠤᠷᠢ᠎ᠶ᠋ᠢ ᠲᠠᠯᠪᠢᠰᠤᠭᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ )