ᠥᠪᠥᠷ ᠮᠣᠩᠭᠣᠯ ᠤᠢᠷ᠎ᠠ ᠳ᠋ᠦ᠍ ᠬᠤᠯᠪᠤᠭᠠᠯᠨᠨ ᠬᠢᠨᠠᠵᠦ ᠬᠤᠯᠪᠤᠭᠠᠯᠠᠨ ᠵᠥᠪᠱᠢᠶᠡᠷᠡᠬᠦ᠌᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ 2026 ᠣᠨ ᠵᠢᠴᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠴᠢᠬᠤᠯᠠ ᠶᠡᠬᠡ ᠲᠥᠷᠥᠯ ᠵᠦᠶ᠋ᠯ᠎ᠤᠨ ᠠᠵᠢᠯ ᠵᠢᠡᠨ ᠡᠬᠢᠯᠡᠬᠦᠯᠬᠦ ᠵᠢ ᠠᠬᠢᠭᠤᠯᠵᠦ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠠᠢ᠃
ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ ᠬᠤᠯᠪᠤᠭᠠᠯᠨᠨ ᠬᠢᠨᠠᠵᠦ ᠬᠤᠯᠪᠤᠭᠠᠯᠠᠨ ᠵᠥᠪᠱᠢᠶᠡᠷᠡᠬᠦ᠌ ᠠᠵᠢᠯ᠎ᠤᠨ ᠱᠢᠰᠲ᠋ᠧᠮ᠎ᠢ ᠪᠠᠢᠭᠤᠯᠵᠤ᠂ ᠡᠯ᠎ᠡ ᠱᠠᠲᠤᠨ᠎ᠤ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠦᠨ ᠤᠷᠢᠳᠴᠢᠯᠠᠨ ᠣᠷᠣᠯᠴᠠᠬᠤ᠂ ᠳᠤᠲᠠᠭ᠍ᠳᠠᠯ᠎ᠢ᠎ᠨᠢ ᠭᠥᠯᠢᠶᠡᠨ ᠠᠪᠴᠤ᠌ ᠱᠢᠶ᠋ᠳᠪᠦᠷᠢᠯᠡᠬᠦ᠌᠂ ᠬᠢᠨᠠᠨ ᠵᠥᠪᠱᠢᠶᠡᠷᠡᠬᠦ᠌ ᠵᠦᠶ᠋ᠯᠡᠰ᠎ᠢ ᠲᠠᠷᠡ ᠳᠠᠷᠤᠢ ᠳ᠋ᠤᠨᠢ ᠭᠦᠶ᠋ᠴᠡᠳᠭᠡᠬᠦ᠌ ᠶ᠋ᠢ ᠠᠬᠢᠭᠤᠯᠵᠠᠢ᠃ 《ᠲᠥᠪᠯᠡᠷᠡᠭᠦᠯᠦᠨ ᠬᠢᠨᠠᠨ ᠵᠥᠪᠱᠢᠶᠡᠷᠡᠬᠦ᠌ ᠠᠵᠢᠯᠯᠠᠭ᠎ᠠ》 ᠥᠷᠨᠢᠭᠦᠯᠵᠦ᠍᠂ ᠵᠢᠯ ᠪᠦᠷᠢ᠎ᠶ᠋ᠢᠨ 11 ᠰᠠᠷ᠎ᠠ᠎ᠠᠴᠠ 12 ᠰᠠᠷ᠎ᠠ ᠪᠣᠯᠲᠠᠯ᠎ᠠ᠂ ᠳᠠᠷᠠᠭ᠎ᠠ ᠨᠢᠭᠡ ᠵᠢᠯ᠎ᠤᠨ ᠪᠥᠬᠥ᠌ ᠣᠷᠣᠨ᠎ᠤ ᠱᠢᠨ᠎ᠡ᠎ᠪᠡᠷ ᠠᠵᠢᠯ᠎ᠢᠶᠡᠨ ᠡᠬᠢᠯᠡᠭᠦᠯᠬᠦ᠌᠎ᠪᠡᠷ ᠲᠥᠯᠥᠪᠯᠡᠭ᠌ᠰᠡᠨ ᠴᠢᠬᠤᠯᠠ ᠶᠡᠬᠡ ᠲᠥᠷᠥᠯ ᠵᠦᠶ᠋ᠯ᠎ᠦᠨ ᠬᠢᠨᠠᠨ ᠵᠥᠪᠱᠢᠶᠡᠷᠡᠬᠦ᠌ ᠴᠢᠬᠤᠯᠠᠲᠠᠶ ᠵᠦᠶ᠋ᠯᠡᠰ᠎ᠦᠨ ᠨᠠᠷᠢᠨ ᠳᠠᠨᠭᠰᠠ᠎ᠶ᠋ᠢ ᠪᠦᠷᠢᠯᠳᠦᠭᠦᠯᠵᠦ᠍᠂ ᠡᠯ᠎ᠡ ᠱᠠᠲᠤᠨ᠎ᠤ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠭᠠᠷ ᠬᠦᠢᠴᠡᠳᠬᠡᠯᠢ ᠲᠥᠪᠯᠡᠷᠡᠭᠦᠯᠦᠨ ᠭᠦᠶ᠋ᠴᠡᠳᠭᠡᠪᠠ᠃ ᠴᠢᠬᠤᠯᠠ ᠶᠡᠬᠡ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ ᠢᠯᠡᠳᠲᠡ ᠲᠦᠷᠭᠡᠳᠴᠦ᠍᠂ ᠣᠲᠣᠬᠠᠨ ᠪᠣᠯᠲᠠᠯ᠎ᠠ᠂ 2026 ᠣᠨ᠎ᠳᠤ ᠱᠢᠨ᠎ᠡ᠎ᠪᠡᠷ ᠪᠠᠢᠭᠤᠯᠬᠤ 1973 ᠲᠥᠷᠥᠯ ᠵᠦᠶ᠋ᠯ ᠡᠴᠡ ᠳᠠᠭᠡᠷ᠎ᠠ ᠬᠠᠭᠠᠰ ᠵᠢᠯ᠎ᠳᠦ 1560 ᠲᠥᠷᠥᠯ ᠵᠦᠶ᠋ᠯ ᠠᠵᠢᠯ᠎ᠢᠶᠡᠨ ᠡᠬᠢᠯᠡᠭᠦᠯᠵᠦ᠍᠂ ᠨᠢᠭᠡᠨᠲᠡ 1029 ᠲᠥᠷᠥᠯ ᠵᠦᠶ᠋ᠯ᠎ᠦᠨ 10 ᠭᠤᠤᠯ ᠪᠣᠯᠬᠤ ᠭᠠᠷ ᠬᠦᠢᠴᠡᠳᠬᠡᠯᠢ ᠪᠦᠬᠦᠨ᠎ᠢ ᠭᠦᠶ᠋ᠴᠡᠳᠭᠡᠵᠦ᠍᠂ ᠭᠦᠶ᠋ᠴᠡᠳᠭᠡᠵᠦ᠍ ᠳᠠᠭᠤᠰᠭᠠᠭ᠍ᠰᠠᠨ ᠨᠣᠷᠮ᠎ᠠ᠎ᠨᠢ 66%᠎ᠳ᠋ᠤ ᠬᠦᠷᠴᠡᠶ᠃ ᠦᠪᠦᠷ ᠮᠤᠡᠭᠭᠤᠯ 2025 ᠣᠨ᠎ᠤ ᠰᠡᠭᠦᠯᠴᠢ᠎ᠪᠡᠷ 《ᠡᠪᠦᠯ᠎ᠦᠨ ᠤᠯᠠᠷᠢᠯ᠎ᠤᠨ ᠢᠨᠵᠧᠨᠧᠷᠢᠩ》 ᠤ᠋ᠨ 1275 ᠲᠥᠷᠥᠯ ᠵᠦᠶ᠋ᠯ᠎ᠢ ᠤᠷᠢᠳᠴᠢᠯᠠᠨ ᠡᠮᠬᠢᠯᠡᠨ ᠭᠠᠷᠭᠠᠵᠤ᠂ 《ᠨᠢᠭᠡ ᠲᠥᠷᠥᠯ ᠵᠦᠶ᠋ᠯ᠎ᠳᠦ ᠨᠢᠭᠡ ᠲᠥᠰᠦᠯ》 ᠢ᠋ ᠲᠤᠬᠳᠠᠭᠠᠨ᠂ ᠡᠪᠦᠯ᠎ᠦᠨ ᠤᠯᠠᠷᠢᠯ᠎ᠤᠨ ᠪᠠᠷᠢᠯᠭ᠎ᠠ᠎ᠶ᠋ᠢᠨ ᠠᠵᠢᠯ᠎ᠳᠤ ᠬᠡᠷᠡᠭ᠌ᠰᠡᠬᠦ᠌ ᠠᠵᠢᠯᠴᠢᠨ ᠬᠡᠷᠡᠭ᠌ᠯᠡᠬᠦ᠌᠂ ᠮᠠᠲ᠋ᠧᠷᠢᠶᠠᠯ ᠬᠡᠷᠡᠭ᠌ᠯᠡᠬᠦ᠌᠂ ᠪᠠᠯᠠ ᠮᠥᠩᠭᠥ᠌ ᠵᠡᠷᠭᠡ ᠪᠥᠲᠥᠭᠡᠨ ᠪᠠᠢᠭᠤᠯᠤᠯᠲᠠ᠎ᠶ᠋ᠢᠨ ᠬᠦᠴᠦᠨ ᠵᠦᠶ᠋ᠯ᠎ᠦᠨ ᠪᠠᠲᠤᠯᠠᠭ᠎ᠠ᠎ᠶ᠋ᠢ ᠰᠠᠢᠲᠤᠷ ᠬᠢᠵᠦ᠍᠂ ᠲᠥᠷᠥᠯ ᠵᠦᠶ᠋ᠯ᠎ᠦᠨ ᠡᠪᠦᠯ᠎ᠦᠨ ᠤᠯᠠᠷᠢᠯ᠎ᠳᠤ ᠲᠥᠯᠥᠪᠯᠡᠭᠡ ᠶᠣᠰᠣᠭᠠᠷ ᠪᠠᠷᠢᠯᠭ᠎ᠠ ᠡᠬᠢᠯᠡᠬᠦ᠎ᠶ᠋ᠢ ᠠᠬᠢᠭᠤᠯᠤᠨ᠂ ᠪᠠᠷᠢᠯᠭ᠎ᠠ ᠡᠬᠢᠯᠡᠬᠦ ᠡᠷᠴᠢᠮ᠎ᠢ ᠪᠥᠬᠥ᠌ ᠬᠦᠴᠦᠨ᠎ᠢᠶᠡᠷ᠎ᠢᠶᠡᠨ ᠳᠡᠭᠡᠭ᠌ᠰᠢᠯᠡᠭᠦᠯᠵᠦ᠍᠂ 2026 ᠤᠨ᠎ᠤ 《ᠨᠢᠭᠡᠳᠦᠭᠡᠷ ᠤᠯᠠᠷᠢᠯ》 ᠤ᠋ᠨ ᠪᠠᠯᠠ ᠣᠷᠣᠭᠤᠯᠤᠯᠲᠠ᠎ᠶ᠋ᠢᠨ ᠰᠠᠢᠨ ᠡᠬᠢᠯᠡᠯᠲᠡ᠎ᠲᠡᠶ ᠪᠣᠯᠬᠤ᠎ᠶ᠋ᠢ ᠠᠬᠢᠭᠤᠯᠵᠠᠢ᠃
ᠴᠢᠬᠤᠯᠠ ᠶᠡᠬᠡ ᠲᠥᠷᠥᠯ ᠵᠦᠶ᠋ᠯ᠎ᠦᠨ ᠭᠤᠷᠪᠠᠨ ᠱᠠᠲᠤᠨ᠎ᠤ ᠤᠳᠤᠷᠢᠳᠤᠯᠭ᠎ᠠ ᠳᠠᠭᠠᠭᠠᠴᠢᠯᠠᠨ ᠬᠣᠯᠪᠣᠭᠠᠯᠠᠬᠤ᠂ ᠡᠮᠦᠨᠡᠬᠢ ᠬᠤᠭᠤᠴᠠᠭᠠᠨ᠎ᠤ ᠭᠠᠷ ᠬᠦᠢᠴᠡᠳᠭᠡᠯ᠎ᠢ ᠭᠤᠷᠪᠠᠨ ᠱᠠᠲᠤᠨ᠎ᠤ ᠰᠠᠯᠠᠭ᠎ᠠ ᠮᠥᠴᠢᠷ ᠳᠠᠭᠠᠭᠠᠴᠢᠯᠠᠨ ᠬᠣᠯᠪᠣᠭᠠᠯᠠᠬᠤ᠂ ᠴᠢᠬᠤᠯᠠ ᠶᠡᠬᠡ ᠲᠥᠷᠥᠯ ᠵᠦᠶ᠋ᠯ᠎ᠦᠨ ᠲᠢᠩᠬᠢᠮ᠎ᠦᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ ᠵᠡᠷᠭᠡ ᠵᠣᠬᠢᠴᠠᠭᠤᠯᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠰᠠᠨᠠᠭᠠᠴᠢᠯᠠᠭ᠎ᠠ᠎ᠠᠴᠠ᠎ᠪᠠᠨ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌ ᠪᠠ ᠤᠷᠢᠳᠴᠢᠯᠠᠨ ᠦᠶ᠋ᠯᠡᠴᠢᠯᠡᠵᠦ᠍᠂ ᠲᠥᠷᠥᠯ ᠵᠦᠶ᠋ᠯ᠎ᠢ ᠠᠬᠢᠭᠤᠯᠬᠤ ᠳᠤᠮᠳᠠ ᠣᠷᠣᠱᠢᠵᠤ ᠪᠠᠢᠭ᠎ᠠ ᠬᠦᠴᠢᠷ ᠪᠠ ᠲᠦᠭ᠌ᠵᠢᠷᠡᠯ᠎ᠦᠨ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠠᠢ᠃ 2026 ᠣᠨ᠎ᠳᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ 5000 ᠲᠦᠮᠡᠨ ᠲᠥᠭᠥᠷᠢᠭ᠎ᠡᠴᠡ ᠳᠡᠭᠡᠭ᠌ᠰᠢᠬᠢ ᠲᠦᠷᠦᠯ ᠵᠦᠢᠯ ᠪᠠ ᠠᠵᠤ ᠠᠬᠤᠢᠯᠠᠯ᠎ᠤᠨ ᠪᠡᠯᠡ ᠣᠷᠣᠭᠤᠯᠤᠯᠲᠠ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ 3701 ᠲᠦᠷᠦᠯ ᠵᠦᠢᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠣᠳᠣᠬᠠᠨ ᠪᠣᠯᠲᠠᠯ᠎ᠠ ᠨᠢᠭᠡᠨᠲᠡ 916 ᠲᠦᠷᠦᠯ ᠵᠦᠢᠯ ᠠᠵᠢᠯ᠎ᠢᠶᠡᠨ ᠡᠬᠢᠯᠡᠭᠦᠯᠦᠨ ᠠᠵᠢᠯ᠎ᠢᠶᠠᠨ ᠰᠡᠷᠭᠦᠭᠡᠵᠦ᠍᠂ ᠠᠵᠢᠯ᠎ᠢᠶᠡᠨ ᠡᠬᠢᠯᠡᠭᠦᠯᠦᠨ ᠠᠵᠢᠯ᠎ᠢᠶᠡᠨ ᠰᠡᠷᠭᠦᠭᠡᠭ᠌ᠰᠡᠨ ᠨᠤᠷᠮ᠎ᠠ 25% ᠳ᠋ᠤ ᠬᠦᠷᠴᠡᠢ᠃