ᠮᠠᠨ᠎ᠤ ᠤᠯᠤᠰ ᠡᠳ᠋ ᠠᠬᠤᠢᠯᠠᠬᠤ ᠺᠤᠮᠫᠠᠨᠢ᠎ᠵᠢ ᠬᠢᠨᠠᠨ ᠬᠠᠮᠢᠶᠠᠷᠴᠤ ᠲᠡᠰ ᠦᠨᠡᠯᠡᠬᠦ᠎ᠶ᠋ᠢ ᠬᠡᠷᠡᠭᠵᠢᠬᠦᠯᠪᠠ
2026-03-19 10:11:40
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠵᠠᠩ ᠴᠢᠶᠠᠨ ᠴᠢᠶᠠᠨ ᠯᠢ ᠶᠠᠨ ᠱᠢᠶᠠ
ᠣᠩᠱᠢᠭ᠍ᠰᠠᠨ ᠣᠳᠠᠭ᠎ᠠ᠄
★★★☆☆

ᠤᠯᠤᠰ᠎ᠤᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ 3 ᠰᠠᠷ᠎ᠠ᠎ᠶ᠋ᠢᠨ 16 ᠤ᠋ ᠡᠳᠦᠷ ᠨᠡᠢᠲᠡᠯᠡᠭ᠌ᠰᠡᠨ 《ᠡᠳ᠋ ᠠᠬᠤᠢᠯᠠᠬᠤ ᠺᠣᠮᠫᠠᠨᠢ᠎ᠶ᠋ᠢ ᠬᠢᠨᠠᠠ ᠬᠠᠮᠢᠶᠠᠷᠴᠤ ᠲᠠᠰ ᠦᠨᠡᠯᠡᠬᠦ᠌ ᠲᠦᠷ ᠬᠡᠷᠡᠭ᠌ᠵᠢᠭᠦᠯᠬᠦ᠌ ᠠᠷᠭ᠎ᠠ》 ᠳ᠋ᠤ᠂ ᠡᠳ᠋᠎ᠠᠬᠤᠢᠯᠠᠬᠤ ᠺᠣᠮᠫᠠᠨᠢ ᠵᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ᠎ᠶ᠋ᠢ ᠴᠢᠩᠭᠠᠳᠭᠠᠵᠤ᠂ ᠬᠢᠨᠠᠯᠲᠠ ᠬᠠᠮᠢᠶᠠᠷᠤᠯᠲᠠ᠎ᠶ᠋ᠢᠨ ᠡᠬᠢ ᠪᠠᠶᠠᠯᠢᠭ᠎ᠢ ᠵᠦᠶ ᠵᠣᠬᠢᠰᠲᠠᠶ ᠳᠣᠭᠢᠷᠠᠭᠤᠯᠤᠨ᠂ ᠡᠳ᠋᠎ᠠᠬᠤᠢᠯᠠᠬᠤ ᠺᠣᠮᠫᠠᠨᠢ᠎ᠶ᠋ᠢᠨ ᠬᠡᠯᠪᠡᠷᠢ ᠵᠢ ᠬᠤᠪᠢᠷᠠᠭᠤᠯᠤᠨ ᠬᠥᠭ᠌ᠵᠢᠭᠦᠯᠬᠦ᠎ᠶ᠋ᠢ ᠠᠬᠢᠭᠤᠯᠬᠤ᠎ᠶ᠋ᠢᠨ ᠲᠥᠯᠥᠭᠡ᠂ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠵᠢᠴᠢ ᠲᠡᠭᠦᠨ ᠤ᠋ ᠲᠣᠮᠢᠯᠠᠭ᠍ᠰᠠᠨ ᠪᠠᠢᠭᠤᠯᠤᠮᠵᠢ ᠨᠡᠢᠳᠡᠯᠡᠭᠰᠡᠨ ᠠᠷᠭ᠎ᠠ ᠶᠣᠰᠣᠭᠠᠷ ᠡᠳ᠋᠎ᠠᠬᠤᠢᠯᠠᠬᠤ ᠺᠣᠮᠫᠠᠨᠢ᠎ᠶ᠋ᠢ ᠬᠢᠨᠠᠠ ᠬᠠᠮᠢᠶᠠᠷᠴᠤ ᠲᠠᠰ ᠦᠨᠡᠯᠡᠬᠦ᠌ ᠠᠵᠢᠯ᠎ᠢ ᠥᠷᠨᠢᠭᠦᠯᠦᠨ᠎ᠡ ᠭᠡᠪᠡ᠃

ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠬᠣᠯᠪᠣᠭ᠍ᠳᠠᠯ ᠪᠥᠬᠥᠶ ᠵᠤᠷᠭᠠᠨ ᠲᠣᠪᠴᠢᠶ᠎ᠠ᠎ᠶ᠋ᠢᠨ ᠬᠠᠷᠢᠭᠤᠴᠠᠯᠭᠠᠲᠠᠨ᠂ 2025 ᠣᠨ᠎ᠤ ᠡᠴᠦᠰ ᠪᠣᠯᠲᠠᠯ᠎ᠠ᠂ ᠪᠥᠬᠥ᠌ ᠤᠯᠤᠰ᠎ᠤᠨ 32 ᠡᠳ᠋᠎ᠠᠬᠤᠢᠯᠠᠬᠤ ᠺᠣᠮᠫᠠᠨᠢ᠎ᠶ᠋ᠢᠨ ᠡᠳ᠋ ᠠᠬᠤᠢᠯᠠᠬᠤ ᠬᠤᠭᠤᠴᠠᠭᠠᠨ ᠳ᠋ᠠᠭᠠᠨ ᠪᠠᠢᠭ᠎ᠠ ᠡᠳ᠋ ᠠᠬᠤᠢᠯᠠᠬᠤ ᠦᠢᠯᠡᠳᠬᠦᠨ᠎ᠦ ᠬᠡᠪᠴᠢᠶ᠎ᠡ 30.7 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠵᠠᠬ᠎ᠠ ᠳᠡᠯᠭᠡᠭᠦᠷ᠎ᠦᠨ ᠪᠥᠬᠥ᠌ ᠡᠳ᠋᠎ᠠᠬᠤᠢᠯᠠᠬᠤ ᠦᠢᠯᠡᠳᠬᠦᠨ ᠤ᠋ ᠬᠡᠪᠴᠢᠶ᠎ᠡ᠎ᠶ᠋ᠢᠨ 92% ᠢ᠋ ᠡᠵᠡᠯᠡᠪᠡ᠃ ᠡᠳ᠋᠎ᠠᠬᠤᠢᠯᠠᠬᠤ ᠺᠣᠮᠫᠠᠨᠢ 6 ᠵᠢᠯ ᠭᠠᠷᠤᠶ᠎ᠶ᠋ᠢᠨ ᠬᠥᠭ᠌ᠵᠢᠯᠲᠡ᠎ᠪᠡᠷ ᠳᠡᠮᠵᠢᠨ ᠵᠢᠷᠤᠮᠵᠢᠩᠭᠤᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠲᠠᠯ᠎ᠠ᠎ᠪᠠᠷ ᠢᠳᠡᠪᠬᠢᠲᠡᠶ ᠦᠷ᠎ᠡ ᠪᠦᠲᠦᠮᠵᠢ ᠣᠯᠵᠤ᠂ ᠨᠢᠭᠡᠨᠲᠡ ᠮᠠᠨ᠎ᠤ ᠤᠯᠤᠰ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠠᠵᠢᠯ ᠲᠥᠷᠥᠯ᠎ᠦᠨ ᠴᠢᠬᠤᠯᠠ ᠪᠦᠷᠢᠯᠳᠦᠬᠦᠨ ᠬᠡᠰᠡᠭ ᠪᠣᠯᠵᠠᠢ᠃ ᠡᠳ᠋᠎ᠠᠬᠤᠢᠯᠠᠬᠤ ᠺᠣᠮᠫᠠᠨᠢ᠎ᠶ᠋ᠢ ᠬᠢᠨᠠᠠ ᠬᠠᠮᠢᠶᠠᠷᠴᠤ ᠲᠦᠷᠢᠮ᠎ᠦᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠡᠳ᠋᠎ᠠᠬᠤᠢᠯᠠᠬᠤ ᠺᠣᠮᠫᠠᠨᠢ᠎ᠶ᠋ᠢᠨ ᠴᠢᠳᠠᠪᠤᠷᠢ ᠵᠢᠨ ᠲᠦᠪᠱᠢᠨ ᠢ᠋ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠡᠨᠡ ᠬᠦ᠌ ᠠᠷᠭ᠎ᠠ᠎ᠶ᠋ᠢ ᠲᠣᠭ᠍ᠲᠠᠭᠠᠵᠤ ᠨᠡᠢᠲᠡᠯᠡᠬᠦ᠌ ᠴᠢᠬᠤᠯᠠᠲᠠᠶ ᠪᠠᠢᠨ᠎ᠠ ᠭᠡᠵᠤ ᠲᠠᠨᠢᠯᠴᠠᠭᠤᠯᠵᠠᠢ᠃

ᠠᠷᠭ᠎ᠠ᠎ᠳᠤ ᠬᠢᠨᠠᠠ ᠬᠠᠮᠢᠶᠠᠷᠴᠤ ᠲᠠᠰ ᠦᠨᠡᠯᠡᠬᠦ ᠡᠯᠧᠮᠧᠨ᠋ᠲ ᠪᠠ ᠠᠷᠭ᠎ᠠ᠎ᠶ᠋ᠢ ᠲᠣᠳᠣᠷᠬᠠᠢᠯᠠᠵᠤ᠂ ᠺᠣᠮᠫᠠᠨᠢ᠎ᠶ᠋ᠢᠨ ᠵᠠᠰᠠᠯᠲᠠ᠂ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠴᠢᠳᠠᠪᠤᠷᠢ᠂ ᠠᠶᠤᠯ ᠲᠦᠭ᠌ᠰᠢᠭᠦᠷᠢ᠎ᠶ᠋ᠢᠨ ᠬᠠᠮᠢᠶᠠᠷᠤᠯᠲᠠ᠂ ᠮᠡᠳᠡᠭᠡ ᠵᠠᠩᠭᠢ᠎ᠶ᠋ᠢᠨ ᠨᠡᠢᠲᠡᠯᠡᠯ᠂ ᠪᠠᠯᠠ ᠣᠷᠣᠭᠤᠯᠤᠭ᠍ᠴᠢ᠎ᠶ᠋ᠢᠨ ᠡᠷᠬᠡ ᠠᠱᠢᠭ᠎ᠤᠨ ᠬᠠᠮᠠᠭᠠᠯᠠᠯᠲᠠ ᠪᠠ ᠮᠡᠳᠡᠭᠡ ᠵᠠᠩᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠵᠢᠷᠭᠤᠭᠠᠨ ᠶᠡᠬᠡ ᠲᠠᠰ ᠦᠨᠡᠯᠡᠬᠦ ᠠᠭᠤᠯᠭ᠎ᠠ ᠵᠢ ᠲᠤᠭᠳᠠᠭᠠᠵᠤ᠂ ᠲᠣᠰ ᠲᠣᠰ 10%᠂ 25%᠂ 25%᠂ 15%᠂ 15% ᠪᠠ 10% ᠪᠡᠷ ᠬᠤᠪᠢ ᠣᠯᠭᠣᠬᠤ᠎ᠶ᠋ᠢᠨ ᠬᠠᠮᠲᠤ ᠬᠤᠪᠢ ᠨᠡᠮᠡᠬᠦ᠌ ᠵᠦᠶ᠋ᠯᠡᠰ᠂ ᠬᠤᠪᠢ ᠬᠠᠰᠤᠬᠤ ᠵᠦᠶ᠋ᠯᠡᠰ᠂ ᠳᠡᠰ᠎ᠤᠨ ᠲᠣᠬᠢᠷᠠᠭᠤᠯᠤᠯᠲᠠ᠎ᠶ᠋ᠢᠨ ᠡᠯᠧᠮᠧᠨ᠋ᠲ᠎ᠢ ᠬᠠᠨᠳᠤᠯᠭᠠᠲᠤ ᠴᠢᠨᠠᠷᠲᠠᠶ᠎ᠪᠠᠷ ᠳᠣᠭᠢᠷᠠᠭᠤᠯᠵᠤ᠂ ᠡᠳ᠋᠎ᠠᠬᠤᠢᠯᠠᠬᠤ ᠺᠣᠮᠫᠠᠨᠢ᠎ᠶ᠋ᠢᠨ ᠡᠵᠡᠩᠨᠡᠯᠲᠡ ᠬᠠᠮᠢᠶᠠᠷᠤᠯᠲᠠ ᠪᠠ ᠠᠶᠤᠯ ᠲᠦᠭ᠌ᠰᠢᠭᠦᠷᠢ᠎ᠶ᠋ᠢᠨ ᠪᠠᠢᠳᠠᠯ᠎ᠳᠤ ᠶᠡᠷᠦᠩᠬᠡᠢᠯᠡᠭ᠌ᠰᠡᠨ ᠦᠨᠡᠯᠡᠯᠲᠡ ᠬᠢᠨ᠎ᠠ ᠭᠡᠵᠤ ᠳᠤᠳᠤᠷᠬᠠᠢᠯᠠᠪᠠ᠃

ᠠᠷᠭ᠎ᠠ᠎ᠳᠤ᠂ ᠬᠢᠨᠠᠠ ᠬᠠᠮᠢᠶᠠᠷᠴᠤ ᠲᠠᠰ ᠦᠨᠡᠯᠡᠬᠦ ᠦᠷ᠎ᠡ ᠳ᠋ᠦᠩ᠎ᠢ 1 ᠡᠴᠡ 6 ᠲᠠᠰ ᠵᠢᠴᠢ S ᠲᠠᠰ ᠬᠡᠵᠤ ᠬᠤᠪᠢᠶᠠᠵᠤ᠂ ᠠᠳᠠᠯᠢ ᠪᠤᠰᠤ ᠲᠠᠰ᠎ᠤᠨ ᠡᠳ᠋᠎ᠠᠬᠤᠢᠯᠠᠬᠤ ᠺᠣᠮᠫᠠᠨᠢ᠎ᠶ᠋ᠢᠨ ᠠᠶᠤᠯ ᠲᠦᠭ᠌ᠰᠢᠭᠦᠷᠢ᠎ᠶ᠋ᠢᠨ ᠣᠨᠴᠠᠯᠢᠭ ᠪᠠ ᠲᠥᠷᠥᠯ ᠬᠤᠪᠢᠶᠠᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠎ᠶ᠋ᠢ ᠲᠣᠰ ᠲᠣᠰ ᠲᠣᠳᠣᠷᠬᠠᠢ ᠪᠤᠯᠭᠠᠨ᠎ᠠ ᠭᠡᠵᠤ ᠲᠤᠭᠳᠠᠭᠠᠪᠠ᠃

ᠡᠭᠦᠨ᠎ᠳᠦ᠂ 1᠂ 2 ᠳ᠋ᠤᠭᠠᠷ ᠲᠠᠰ᠎ᠤᠨ ᠡᠳ᠋᠎ᠠᠬᠤᠢᠯᠠᠬᠤ ᠺᠣᠮᠫᠠᠨᠢ᠎ᠶ᠋ᠢᠨ ᠡᠵᠡᠩᠨᠡᠯᠲᠡ᠎ᠨᠢ ᠲᠣᠭ᠍ᠲᠠᠭᠤᠨ᠂ ᠠᠶᠤᠯ ᠲᠦᠭ᠌ᠰᠢᠭᠦᠷᠢ ᠵᠢ ᠰᠡᠷᠭᠡᠢᠯᠡᠬᠦ ᠪᠠᠢᠳᠠᠯ᠎ᠨᠢ ᠨᠡᠯᠢᠶᠡᠳ ᠰᠠᠢᠨ ᠪᠠᠢᠵᠤ᠂ ᠨᠠᠰᠤᠵᠢᠯ᠎ᠤᠨ ᠠᠰᠠᠷᠠᠮᠵᠢ᠎ᠶ᠋ᠢᠨ ᠡᠳ᠋ ᠠᠬᠤᠢᠯᠠᠬᠤ ᠵᠡᠷᠭᠡ ᠱᠢᠨ᠎ᠡ᠎ᠶ᠋ᠢ ᠡᠭᠦᠳᠦᠭᠰᠡᠨ ᠲᠤᠷᠱᠢᠯᠲᠠ᠎ᠶ᠋ᠢᠨ ᠴᠡᠭ᠎ᠦᠨ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠡᠩ ᠲᠡᠷᠢᠭᠦᠨ᠎ᠳᠦ ᠳᠡᠮᠵᠢᠨ᠎ᠠ; 3᠂ 4 ᠳ᠋ᠤᠭᠡᠷ ᠳᠡᠰ ᠤ᠋ᠨ ᠡᠳ᠋᠎ᠠᠬᠤᠢᠯᠠᠬᠤ ᠺᠣᠮᠫᠠᠨᠢ᠎ᠳᠤ ᠵᠣᠬᠢᠬᠤ ᠬᠡᠮᠵᠢᠶᠡᠨ᠎ᠦ ᠪᠤᠶᠤ ᠨᠡᠯᠢᠶᠡᠳ ᠣᠯᠠᠨ ᠠᠶᠤᠯ ᠲᠦᠭ᠌ᠰᠢᠭᠦᠷᠢ᠎ᠶ᠋ᠢᠨ ᠠᠰᠠᠭᠤᠳᠠᠯ ᠣᠷᠣᠱᠢᠵᠤ᠂ ᠭᠤᠤᠯᠳᠠᠯᠭ᠎ᠠ᠎ᠲᠠᠶ ᠬᠦᠷᠢᠶᠡᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠴᠢᠬᠤᠯᠠᠲᠠᠶ; 5᠂ 6 ᠳ᠋ᠤᠭᠠᠷ ᠲᠠᠰ᠎ᠤᠨ ᠡᠳ᠋᠎ᠠᠬᠤᠢᠯᠠᠬᠤ ᠺᠣᠮᠫᠠᠨᠢ᠎ᠳᠤ ᠬᠦᠨᠳᠦ ᠨᠣᠴᠢᠲᠠᠶ ᠠᠶᠤᠯ ᠲᠦᠭ᠌ᠰᠢᠭᠦᠷᠢ᠎ᠶ᠋ᠢᠨ ᠠᠰᠠᠭᠤᠳᠠᠯ ᠣᠷᠣᠱᠢᠵᠤ᠂ ᠠᠶᠤᠯ ᠲᠦᠭ᠌ᠰᠢᠭᠦᠷᠢ ᠶᠡᠬᠡᠲᠡᠶ ᠲᠤᠬᠠᠢᠯᠠᠭ᠍ᠰᠠᠨ ᠠᠵᠢᠯ᠎ᠢ ᠴᠢᠩᠭ᠎ᠠ ᠬᠢᠵᠠᠭᠠᠷᠯᠠᠬᠤ ᠪᠠ ᠠᠷᠢᠯᠭᠠᠵᠤ᠂ ᠠᠶᠤᠯ ᠲᠦᠭ᠌ᠰᠢᠭᠦᠷᠢ᠎ᠶ᠋ᠢ ᠱᠢᠶ᠋ᠳᠪᠦᠷᠢᠯᠡᠬᠦ᠌ ᠪᠤᠶᠤ ᠵᠠᠬ᠎ᠠ ᠳᠡᠯᠭᠡᠭᠦᠷ᠎ᠡᠴᠡ ᠭᠠᠷᠭᠠᠬᠤ᠎ᠶ᠋ᠢ ᠡᠮᠬᠢ ᠵᠢᠷᠤᠮ᠎ᠲᠠᠶ ᠬᠡᠷᠡᠭ᠌ᠵᠢᠭᠦᠯᠬᠦ᠌ ᠴᠢᠬᠤᠯᠠᠲᠠᠶ; S ᠲᠠᠰ᠎ᠤᠨ ᠡᠳ᠋᠎ᠠᠬᠤᠢᠯᠠᠬᠤ ᠺᠣᠮᠫᠠᠨᠢ ᠪᠣᠯ ᠳᠠᠬᠢᠨ ᠪᠠᠢᠭᠤᠯᠬᠤ᠂ ᠵᠠᠬᠢᠷᠤᠨ ᠬᠠᠮᠢᠶᠠᠷᠬᠤ᠂ ᠵᠠᠬ᠎ᠠ ᠳᠡᠯᠭᠡᠭᠦᠷ᠎ᠡᠴᠡ ᠭᠠᠷᠭᠠᠬᠤ᠎ᠶ᠋ᠢ ᠬᠡᠷᠡᠭ᠌ᠵᠢᠭᠦᠯᠬᠦ᠌ ᠵᠡᠷᠭᠡ ᠪᠠᠢᠳᠠᠯ᠎ᠲᠠᠶ ᠡᠳ᠋᠎ᠠᠬᠤᠢᠯᠠᠬᠤ ᠺᠣᠮᠫᠠᠨᠢ ᠪᠣᠯᠤᠨ᠎ᠠ᠂ ᠲᠤᠬᠠᠶ᠎ᠶ᠋ᠢᠨ ᠵᠢᠯ᠎ᠦᠨ ᠬᠢᠨᠠᠠ ᠬᠠᠮᠢᠶᠠᠷᠴᠤ ᠲᠠᠰ ᠦᠨᠡᠯᠡᠬᠦ᠎ᠳᠤ ᠣᠷᠣᠯᠴᠠᠬᠤ ᠥᠬᠡᠶ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 16 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号