ᠦᠪᠦᠷ ᠮᠤᠩᠭᠤᠯ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠵᠦᠭᠡᠭᠡᠪᠤᠷᠢᠯᠡᠬᠦ ᠪᠠ ᠬᠦᠮᠦᠷᠭᠡᠯᠡᠨ ᠬᠠᠳᠠᠭᠠᠯᠠᠬᠤ ᠦᠢᠯᠡᠴᠢᠯᠡᠭᠡᠨ᠎ᠤ ᠠᠵᠤ ᠠᠬᠤᠢᠯᠠᠯ ᠤ᠋ᠨ ᠬᠢᠨᠠᠯᠳᠠ ᠬᠠᠮᠢᠶᠠᠷᠤᠯᠳᠠ ᠶ᠋ᠢ ᠳᠦᠷᠢᠮᠵᠢᠭᠦᠯᠪᠡ
2026-03-19 17:39:19
ᠵᠣᠬᠢᠶᠠᠭ᠍ᠴᠢ᠄
​ ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠵᠦᠭᠡᠭᠡᠪᠤᠷᠢᠯᠡᠬᠦ ᠪᠠ ᠬᠦᠮᠦᠷᠭᠡᠯᠡᠨ ᠬᠠᠳᠠᠭᠠᠯᠠᠬᠤ ᠲᠤᠰᠬᠠᠢ ᠦᠢᠯᠡᠴᠢᠯᠡᠭᠡ ᠬᠠᠩᠭᠠᠬᠤ ᠠᠵᠤ ᠠᠬᠤᠢᠯᠠᠯ ᠤ᠋ᠨ ᠬᠢᠨᠠᠯᠳᠠ ᠬᠠᠮᠢᠶᠠᠷᠤᠯᠳᠠ ᠶ᠋ᠢᠨ ᠠᠷᠭ᠎ᠠ》 (ᠳᠤᠷᠤᠭᠰᠢ 《ᠠᠷᠭ᠎ᠠ》 ᠭᠡᠵᠦ ᠳᠤᠪᠴᠢᠯᠠᠨ᠎ᠠ) ᠶ᠋ᠢ ᠳᠤᠭᠳᠠᠭᠠᠨ ᠨᠡᠢᠳᠡᠯᠡᠵᠦ᠂ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠵᠦᠭᠡᠭᠡᠪᠤᠷᠢᠯᠡᠬᠦ ᠪᠠ ᠬᠦᠮᠦᠷᠭᠡᠯᠡᠨ ᠬᠠᠳᠠᠭᠠᠯᠠᠬᠤ ᠲᠤᠰᠬᠠᠢ ᠦᠢᠯᠡᠴᠢᠯᠡᠭᠡ ᠬᠠᠩᠭᠠᠬᠤ ᠠᠵᠤ ᠠᠬᠤᠢᠯᠠᠯ ᠤ᠋ᠨ ᠵᠠᠰᠠᠭ ᠵᠠᠬᠢᠷᠭᠠᠨ ᠤ᠋ ᠵᠦᠪᠰᠢᠶᠡᠷᠡᠯ ᠪᠠ ᠡᠳᠦᠷ ᠲᠤᠳᠤᠮ ᠤ᠋ᠨ ᠬᠢᠨᠠᠯᠳᠠ ᠬᠠᠮᠢᠶᠠᠷᠤᠯᠳᠠ ᠶ᠋ᠢ ᠳᠦᠷᠢᠮᠵᠢᠭᠦᠯᠪᠡ᠃

ᠲᠤᠰ 《ᠠᠷᠭ᠎ᠠ》 ᠨᠢ ᠶᠡᠷᠦᠩᠬᠡᠢ ᠳᠦᠷᠢᠮ᠂ ᠡᠷᠡᠮᠡᠯᠵᠡᠬᠦ ᠨᠦᠬᠦᠴᠡᠯ᠂ ᠡᠷᠡᠮᠡᠯᠵᠡᠬᠦ ᠵᠢᠷᠦᠮ᠂ ᠨᠠᠢᠳᠠᠬᠤ ᠬᠢᠭᠡᠳ ᠨᠠᠢᠳᠠᠯᠭ᠎ᠠ ᠶ᠋ᠢᠨ ᠬᠢᠨᠠᠯᠳᠠ ᠬᠠᠮᠢᠶᠠᠷᠤᠯᠳᠠ᠂ ᠶᠠᠰᠤ ᠴᠢᠨᠠᠷ ᠤ᠋ᠨ ᠬᠠᠮᠢᠶᠠᠷᠤᠯᠳᠠ ᠬᠢᠭᠡᠳ ᠬᠠᠷᠢᠭᠤᠴᠠᠯᠭ᠎ᠠ᠂ ᠳᠠᠭᠠᠯᠳᠤᠭᠤᠯᠤᠯ ᠳᠦᠷᠢᠮ ᠵᠡᠷᠭᠡ 6 ᠪᠦᠯᠦᠭ 21 ᠵᠦᠢᠯ ᠤ᠋ᠨ ᠠᠭᠤᠯᠭ᠎ᠠ ᠪᠡᠷ ᠪᠦᠷᠢᠯᠳᠦᠪᠡ᠃ ᠡᠭᠦᠨ ᠳ᠋ᠤ᠂ ᠨᠠᠢᠳᠠᠬᠤ ᠬᠢᠭᠡᠳ ᠨᠠᠢᠳᠠᠯᠭ᠎ᠠ ᠶ᠋ᠢ ᠬᠦᠯᠢᠶᠡᠨ ᠠᠪᠬᠤ ᠲᠠᠯ᠎ᠠ ᠶ᠋ᠢᠨ ᠬᠠᠮᠢᠶᠠᠷᠤᠯᠳᠠ ᠶ᠋ᠢᠨ ᠱᠠᠭᠠᠷᠳᠠᠯᠭ᠎ᠠ ᠶ᠋ᠢ ᠲᠤᠳᠤᠷᠬᠠᠢᠯᠠᠵᠤ᠂ ᠨᠠᠢᠳᠠᠯᠭ᠎ᠠ ᠶ᠋ᠢᠨ ᠭᠡᠷ᠎ᠠ ᠶ᠋ᠢ ᠤᠷᠤᠨ ᠰᠠᠭᠤᠴᠠ ᠶ᠋ᠢᠨ ᠦᠮᠴᠢᠯᠡᠯ ᠤ᠋ᠨ ᠡᠷᠬᠡ ᠶ᠋ᠢᠨ ᠭᠡᠷᠡᠴᠢ ᠪᠤᠶᠤ ᠳᠦᠷᠢᠶᠡᠰᠦᠯᠡᠭᠦᠯᠬᠦ ᠭᠡᠷ᠎ᠠ ᠲᠠᠢ ᠠᠳᠠᠯᠢᠬᠠᠨ ᠶ᠋ᠢᠡᠷ ᠦᠵᠡᠵᠦ᠂ ᠨᠠᠢᠳᠠᠯᠭ᠎ᠠ ᠶ᠋ᠢ ᠬᠦᠯᠢᠶᠡᠨ ᠠᠪᠤᠭᠴᠢ ᠳᠠᠬᠢᠨᠳᠠ ᠪᠤᠰᠤᠳ ᠬᠦᠮᠦᠨ ᠳ᠋ᠤ ᠨᠠᠢᠳᠠᠵᠤ ᠪᠤᠯᠬᠤ ᠦᠭᠡᠢ; ᠠᠵᠤ ᠠᠬᠤᠢᠯᠠᠯ ᠤ᠋ᠨ ᠬᠢᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠴᠤᠷ ᠤ᠋ᠨ ᠭᠠᠭᠴᠠ ᠱᠤᠰᠢᠭ᠎ᠠ ᠲᠡᠮᠳᠡᠭ ᠢ᠋ ᠲᠡᠮᠳᠡᠭᠯᠡᠬᠦ ᠪᠠ ᠤᠩᠰᠢᠬᠤ ᠲᠦᠬᠦᠭᠡᠷᠦᠮᠵᠢ ᠳᠤᠬᠢᠷᠠᠭᠤᠯᠵᠤ᠂ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠵᠦᠭᠡᠭᠡᠪᠤᠷᠢᠯᠡᠬᠦ ᠪᠠ ᠬᠦᠮᠦᠷᠭᠡᠯᠡᠨ ᠬᠠᠳᠠᠭᠠᠯᠠᠬᠤ ᠪᠦᠬᠦ ᠶᠠᠪᠤᠴᠠ ᠶ᠋ᠢ ᠭᠡᠳᠡᠷᠬᠦ ᠮᠦᠷᠳᠡᠵᠦ ᠪᠤᠯᠬᠤ ᠬᠠᠮᠢᠶᠠᠷᠤᠯᠳᠠ ᠶ᠋ᠢ ᠬᠡᠷᠡᠭᠵᠢᠭᠦᠯᠤᠨ᠎ᠠ; ᠠᠵᠤ ᠠᠬᠤᠢᠯᠠᠯ ᠤ᠋ᠨ ᠰᠠᠩ ᠬᠦᠮᠦᠷᠭᠡ ᠨᠢ ᠰᠢᠯᠭᠠᠨ ᠪᠠᠢᠴᠠᠭᠠᠯᠳᠠ ᠶ᠋ᠢ ᠬᠦᠯᠢᠶᠡᠬᠦ ᠲᠤᠭᠤᠷᠢᠭ᠂ ᠬᠢᠷᠢ ᠲᠡᠩᠴᠡᠭᠰᠡᠨ ᠦᠢᠯᠡᠳᠭᠦᠨ ᠤ᠋ ᠲᠤᠭᠤᠷᠢᠭ᠂ ᠬᠢᠷᠢ ᠲᠡᠩᠴᠡᠬᠦ ᠦᠭᠡᠢ ᠦᠢᠯᠡᠳᠭᠦᠨ ᠤ᠋ ᠲᠤᠭᠤᠷᠢᠭ᠂ ᠭᠦᠢᠳᠡᠨ ᠬᠡᠯᠬᠢᠶ᠎ᠠ ᠶ᠋ᠢᠨ ᠲᠤᠭᠤᠷᠢᠭ ᠵᠡᠷᠭᠡ ᠴᠢᠳᠠᠮᠵᠢᠳᠦ ᠳᠤᠭᠤᠷᠢᠭ ᠢ᠋ ᠵᠢᠷᠤᠵᠤ ᠳᠤᠭᠳᠠᠭᠠᠬᠤ ᠭᠦᠢᠴᠡᠳ ᠤᠷᠤᠨ ᠵᠠᠢ ᠲᠠᠢ ᠪᠠᠢᠬᠤ ᠬᠡᠷᠡᠭᠳᠠᠢ ᠪᠦᠭᠡᠳ ᠠᠳᠠᠯᠢ ᠪᠤᠰᠤ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠲᠤᠯᠠᠭᠠᠨ ᠤ᠋ ᠬᠡᠮᠵᠢᠶ᠎ᠠ᠂ ᠴᠢᠬᠢᠭ ᠤ᠋ᠨ ᠬᠡᠮᠵᠢᠶ᠎ᠠ᠂ ᠲᠤᠰᠠᠭᠠᠷᠯᠠᠬᠤ ᠨᠦᠬᠦᠴᠡᠯ ᠵᠡᠷᠭᠡ ᠬᠦᠮᠦᠷᠭᠡᠯᠡᠨ ᠬᠠᠳᠠᠭᠠᠯᠠᠬᠤ ᠤᠨᠴᠠᠭᠠᠢ ᠨᠦᠬᠦᠴᠡᠯ ᠢ᠋ ᠬᠠᠩᠭᠠᠵᠤ᠂ ᠰᠤᠯᠪᠢᠴᠠᠨ ᠲᠠᠯᠪᠢᠬᠤ ᠡᠴᠡ ᠪᠤᠯᠵᠤ ᠪᠤᠬᠢᠷᠳᠦᠨ ᠡᠪᠳᠡᠷᠡᠬᠦ ᠵᠡᠷᠭᠡ ᠪᠠᠢᠳᠠᠯ ᠭᠠᠷᠬᠤ ᠵᠢ ᠰᠡᠷᠭᠡᠢᠯᠡᠵᠦ ᠴᠢᠳᠠᠬᠤ ᠬᠡᠷᠡᠭᠳᠠᠢ; ᠠᠵᠢᠯ ᠲᠦᠷᠦᠯ ᠤ᠋ᠨ ᠡᠮᠬᠢ ᠵᠢᠷᠦᠮ ᠲᠠᠢ ᠦᠷᠢᠰᠦᠯᠳᠦᠬᠦ ᠶ᠋ᠢ ᠪᠠᠳᠤᠯᠠᠬᠤ ᠶ᠋ᠢᠨ ᠲᠦᠯᠦᠭᠡ᠂ ᠦᠨᠳᠦᠰᠦᠨ ᠦᠢᠯᠡᠴᠢᠯᠡᠭᠡ ᠬᠠᠩᠭᠠᠬᠤ ᠴᠢᠳᠠᠪᠤᠷᠢ ᠦᠭᠡᠢ ᠠᠵᠤ ᠠᠬᠤᠢᠯᠠᠯ ᠢ᠋ ᠰᠢᠭᠰᠢᠭᠳᠡᠭᠦᠯᠵᠦ᠂ ᠪᠠᠷᠢᠮᠵᠢᠶ᠎ᠠ ᠨᠢᠭᠡᠳᠦᠯ ᠦᠭᠡᠢ ᠡᠴᠡ ᠪᠤᠯᠤᠭᠰᠠᠨ ᠲᠦᠪ ᠭᠤᠤᠯᠴᠢ ᠪᠤᠰᠤ ᠦᠷᠢᠰᠦᠯᠳᠦᠭᠡᠨ ᠬᠢᠬᠦ ᠵᠢᠴᠢ ᠳᠤᠤᠷ᠎ᠠ ᠲᠦᠪᠰᠢᠨ ᠤ᠋ ᠳᠠᠪᠬᠤᠴᠠᠭᠰᠠᠨ ᠪᠦᠲᠦᠭᠡᠨ ᠪᠠᠢᠭᠤᠯᠤᠯᠳᠠ ᠬᠢᠬᠦ ᠶ᠋ᠢ ᠰᠡᠷᠭᠡᠢᠯᠡᠵᠤ᠂ ᠬᠤᠳᠠᠯ ᠬᠠᠭᠤᠷᠮᠠᠭ ᠶ᠋ᠢᠡᠷ ᠨᠠᠢᠳᠠᠬᠤ ᠠᠰᠠᠭᠤᠳᠠᠯ ᠡᠭᠦᠰᠬᠦ ᠶ᠋ᠢ ᠰᠡᠷᠭᠡᠢᠯᠡᠨ᠎ᠠ ᠭᠡᠵᠦ ᠲᠤᠳᠤᠷᠬᠠᠢ ᠳᠤᠭᠳᠠᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号