ᠮᠠᠨ ᠤ᠋ ᠤᠷᠤᠨ 3 ᠲᠠᠯ᠎ᠠ ᠶ᠋ᠢᠨ ᠠᠵᠢᠯ ᠢ᠋ ᠴᠢᠡᠭᠭ᠎ᠠ ᠠᠳᠬᠤᠵᠤ ᠠᠮᠤ ᠪᠤᠳᠠᠭ᠎ᠠ ᠶ᠋ᠢᠨ ᠲᠤᠭᠳᠠᠭᠤᠨ ᠦᠢᠯᠡᠳᠪᠦᠷᠢᠯᠡᠯ ᠢ᠋ ᠪᠠᠲᠤᠯᠠᠨ᠎ᠠ
2026-03-19 10:14:43
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠮᠠᠨ ᠤ᠋ ᠤᠷᠤᠨ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ ᠤ᠋ 《ᠲᠠᠯᠠᠪᠠᠢ ᠵᠢ ᠲᠤᠭᠲᠠᠪᠤᠷᠢᠵᠢᠭᠤᠯᠬᠤ᠂ ᠪᠦᠲᠦᠴᠡ ᠵᠢ ᠰᠢᠯᠢᠳᠡᠭᠵᠢᠭᠦᠯᠬᠦ᠂ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ》ᠲᠤᠬᠠᠢ ᠠᠵᠢᠯ ᠤ᠋ᠨ ᠪᠠᠢᠷᠢᠯᠠᠭᠤᠯᠤᠯᠲᠠ ᠵᠢ ᠯᠠᠪᠳᠠᠭᠤᠨ ᠪᠠᠲᠤᠲᠠᠢ ᠨᠠᠢᠳᠠᠪᠤᠷᠢᠵᠢᠭᠤᠯᠵᠤ᠂ ᠵᠦᠢᠯ ᠳᠠᠷᠠᠭᠠᠯᠠᠨ ᠨᠠᠷᠢᠯᠢᠭᠵᠢᠭᠤᠯᠤᠨ ᠠᠬᠢᠭᠤᠯᠵᠤ᠂ ᠪᠦᠬᠦ ᠤᠷᠤᠨ ᠤ᠋ ᠠᠮᠤ ᠪᠤᠳᠠᠭ᠎ᠠ ᠶ᠋ᠢᠨ ᠲᠤᠭᠲᠠᠭᠤᠨ ᠦᠢᠯᠡᠳᠪᠦᠷᠢᠯᠡᠯ ᠢ᠋ ᠪᠠᠲᠤᠯᠠᠵᠤ ᠪᠠᠢᠨ᠎ᠠ᠃

ᠮᠠᠨ ᠤ᠋ ᠤᠷᠤᠨ ᠲᠠᠷᠢᠮᠠᠯ ᠤ᠋ᠨ ᠲᠠᠯᠠᠪᠠᠢ ᠵᠢ ᠲᠤᠭᠲᠠᠪᠤᠷᠢᠵᠢᠭᠤᠯᠬᠤ ᠲᠠᠯ᠎ᠠ ᠪᠡᠷ ᠨᠠᠮ ᠵᠠᠰᠠᠭ ᠠᠳᠠᠯᠢ ᠬᠠᠷᠢᠭᠤᠴᠠᠯᠭ᠎ᠠ ᠡᠬᠦᠷᠬᠡᠯᠡᠬᠦ ᠵᠢᠨ ᠬᠢᠨᠠᠨ ᠱᠢᠯᠭᠠᠯᠲᠠ ᠶ᠋ᠢ ᠪᠣᠳᠠᠲᠠᠢᠵᠢᠭᠤᠯᠵᠤ᠂ ᠠᠮᠤ ᠲᠣᠰᠣᠨ ᠤ᠋ ᠲᠠᠷᠢᠮᠠᠯ ᠤ᠋ᠨ ᠡᠭᠦᠷᠭᠡ ᠵᠢᠨ ᠭᠦᠶ᠋ᠴᠡᠳᠭᠡᠯ ᠲᠣᠭ᠎ᠠ ᠶ᠋ᠢ ᠱᠠᠲᠤ ᠳᠠᠷᠠᠭᠠᠯᠠᠨ ᠬᠤᠪᠢᠶᠠᠷᠢᠯᠠᠨ ᠪᠠᠭᠤᠯᠭᠠᠵᠤ᠂ ᠪᠥᠬᠥ᠌ ᠣᠷᠣᠨ ᠤ᠋ ᠠᠮᠤ ᠪᠤᠳᠠᠭ᠎ᠠ ᠶ᠋ᠢᠨ ᠲᠠᠷᠢᠮᠠᠯ ᠤ᠋ᠨ ᠲᠠᠯᠠᠪᠠᠢ ᠵᠢ ᠲᠤᠭᠲᠠᠪᠤᠷᠢᠵᠢᠭᠤᠯᠬᠤ ᠠᠵᠢᠯ ᠢ᠋ ᠠᠬᠢᠭᠤᠯᠵᠤ ᠪᠤᠢ᠃ ᠪᠠᠰᠠ ᠴᠠᠭ ᠠᠭᠤᠷ ᠤ᠋ᠨ ᠭᠠᠮᠱᠢᠭ ᠢ᠋ ᠰᠡᠷᠭᠡᠢᠯᠡᠨ ᠭᠠᠮᠱᠢᠭ ᠢ᠋ ᠪᠠᠭᠠᠰᠭᠠᠬᠤ ᠠᠵᠢᠯ ᠢ᠋ ᠡᠷᠲᠡᠬᠡᠨ ᠲᠣᠬᠢᠷᠠᠭᠤᠯᠵᠤ ᠤᠷᠢᠳᠴᠢᠯᠠᠨ ᠰᠡᠷᠭᠡᠢᠯᠡᠬᠦ ᠶ᠋ᠢᠨ ᠬᠠᠮᠲᠤ᠂ ᠮᠠᠯᠴᠢᠨ ᠲᠠᠷᠢᠶᠠᠴᠢᠳ ᠲᠦ᠍ ᠠᠰᠢᠭ ᠬᠦᠷᠲᠡᠭᠡᠬᠦ ᠲᠦᠷᠦ ᠶ᠋ᠢᠨ ᠪᠤᠳᠤᠯᠭ᠎ᠠ ᠵᠢ ᠡᠷᠴᠢᠮᠲᠠᠢ ᠬᠡᠷᠡᠭᠵᠢᠭᠦᠯᠦᠨ᠂ ᠬᠠᠷᠠᠯᠲᠠᠲᠤ ᠦᠨ᠎ᠡ ᠬᠠᠩᠰᠢ ᠵᠢᠨ ᠨᠥᠬᠥᠪᠥᠷᠢ ᠵᠢᠨ ᠳᠦᠷᠢᠮ ᠢ᠋ ᠪᠦᠷᠢᠨᠱᠢᠭᠦᠯᠵᠦ᠍᠂ ᠲᠣᠰᠣ ᠶᠡᠬᠡᠲᠡᠶ ᠤᠭᠤᠷᠠᠭ ᠶᠡᠬᠡᠲᠡᠶ ᠱᠢᠷ᠎ᠠ ᠪᠤᠷᠴᠠᠭ ᠤ᠋ᠨ ᠨᠥᠬᠥᠪᠥᠷᠢ ᠶ᠋ᠢ ᠳᠦᠷᠢᠮᠵᠢᠭᠦᠯᠦᠨ᠂ ᠬᠠᠷᠠᠯᠲᠠᠲᠤ ᠦᠨ᠎ᠡ ᠬᠠᠩᠰᠢ ᠵᠢᠨ ᠨᠥᠬᠥᠪᠥᠷᠢ ᠵᠢᠨ ᠮᠡᠬᠡᠯᠡᠯ ᠢ᠋ ᠴᠢᠡᠭᠭ᠎ᠠ ᠰᠡᠷᠭᠡᠢᠯᠡᠵᠦ ᠪᠠᠢᠨ᠎ᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠂ ᠲᠠᠯᠠᠪᠠᠢ ᠪᠠᠨ ᠦᠷᠭᠡᠳᠭᠡᠬᠦ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ ᠮᠡᠷᠭᠡᠵᠢᠯ ᠢ᠋ ᠳᠡᠯᠭᠡᠷᠡᠭᠦᠯᠬᠦ ᠪᠤᠯ ᠮᠦ᠍ ᠨᠢᠭᠡᠴᠢ ᠶ᠋ᠢᠨ ᠤᠨᠠᠯᠲᠠ ᠵᠢ ᠨᠡᠮᠡᠭᠳᠡᠭᠦᠯᠬᠦ ᠶ᠋ᠢᠨ ᠭᠤᠤᠯᠳᠠᠯᠭ᠎ᠠ ᠪᠤᠯᠤᠨ᠎ᠠ᠃ ᠮᠠᠨ ᠤ᠋ ᠤᠷᠤᠨ ᠵᠠᠩᠭᠢᠯᠠᠭ᠎ᠠ ᠵᠢᠨ ᠣᠷᠣᠨ ᠪᠦᠰᠡ ᠪᠠ ᠭᠤᠤᠯ ᠪᠤᠯᠬᠤ ᠲᠠᠷᠢᠮᠠᠯ ᠤ᠋ᠨ ᠲᠤᠭᠤᠷᠢᠨ ᠳ᠋ᠤ ᠰᠠᠢᠨ ᠲᠠᠷᠢᠶ᠎ᠠ᠂ ᠰᠠᠢᠨ ᠡᠭᠦᠯᠳᠡᠷ᠂ ᠰᠠᠢᠨ ᠮᠠᠰᠢᠨ ᠪᠤᠯᠤᠨ ᠰᠠᠢᠨ ᠠᠷᠭ᠎ᠠ ᠵᠢ ᠭᠦᠨᠵᠡᠭᠡᠶ ᠠᠭᠤᠰᠤᠯᠴᠠᠭᠤᠯᠬᠤ ᠶ᠋ᠢ ᠠᠬᠢᠭᠤᠯᠤᠨ᠂ ᠳᠠᠭᠠᠭᠠᠴᠢᠯᠠᠨ ᠬᠣᠯᠪᠣᠭᠠᠯᠠᠵᠤ ᠪᠣᠭᠣᠮᠲᠠ ᠱᠢᠪᠲᠤᠯᠬᠤ ᠠᠵᠢᠯᠯᠠᠭ᠎ᠠ ᠥᠷᠨᠢᠭᠦᠯᠵᠦ᠍᠂ ᠮᠦ᠍ ᠨᠢᠭᠡᠴᠢ ᠶ᠋ᠢᠨ ᠤᠨᠠᠯᠲᠠ ᠵᠢᠨ ᠨᠡᠮᠡᠭᠳᠡᠯ ᠢ᠋ ᠬᠦᠯᠢᠶᠡᠰᠦᠯᠡᠵᠦ᠍ ᠪᠠᠢᠭ᠎ᠠ ᠪᠣᠭᠣᠮᠢ ᠵᠢᠨ ᠠᠰᠠᠭᠤᠳᠠᠯ ᠢ᠋ ᠭᠤᠤᠯᠳᠠᠯᠭ᠎ᠠ ᠲᠠᠶ ᠱᠢᠶ᠋ᠳᠪᠦᠷᠢᠯᠠᠵᠤ ᠪᠤᠢ᠃ ᠤᠯᠤᠰ ᠤ᠋ᠨ ᠲᠠᠰ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠬᠦᠯᠬᠦ ᠪᠦᠷᠢᠨ ᠪᠠᠢᠭᠤᠯᠤᠮᠵᠢ ᠵᠢᠨ ᠳᠦᠷᠢᠮ ᠵᠢᠡᠷ ᠠᠬᠢᠭᠤᠯᠬᠤ ᠬᠣᠲᠠ ᠪᠠ ᠱᠢᠶᠠᠨ ᠤ᠋ ᠪᠦᠳᠦᠬᠡᠨ ᠪᠠᠢᠭᠤᠯᠤᠯᠳᠠ ᠵᠢ ᠳᠡᠮᠵᠢᠵᠦ᠍᠂ 《ᠨᠢᠭᠡ ᠱᠢᠶᠠᠨ ᠳ᠋ᠤ ᠨᠢᠭᠡ ᠲᠥᠷᠥ ᠵᠢᠨ ᠪᠣᠳᠣᠯᠭ᠎ᠠ》 ᠵᠢ ᠬᠡᠷᠡᠭᠵᠢᠭᠦᠯᠦᠨ᠂ ᠲᠠᠷᠠᠬᠠᠢ ᠪᠤᠲᠠᠷᠬᠠᠢ ᠲᠦᠷᠦᠯ ᠵᠦᠢᠯ ᠢ᠋ ᠲᠦᠪᠯᠡᠷᠡᠭᠦᠯᠬᠦ ᠵᠢᠨ ᠬᠠᠮᠳᠤ ᠬᠠᠮᠢᠶᠠᠷᠤᠯᠲᠠ ᠶ᠋ᠢᠨ ᠳᠦᠷᠢᠮ ᠢ᠋ ᠨᠡᠢᠲᠡᠯᠡᠪᠡ᠃ ᠨᠡᠢᠭᠡᠮᠴᠢᠯᠡᠭ᠌ᠰᠡᠨ ᠦᠶ᠋ᠯᠡᠴᠢᠯᠡᠭᠡ ᠪᠡᠷ ᠭᠠᠷᠳᠠᠴᠠ ᠪᠤᠯᠭᠠᠨ ᠺᠠᠢᠯᠦ᠍ ᠱᠢᠶᠠᠨ᠂ ᠳᠠᠯᠠᠳ ᠬᠣᠱᠢᠭᠤ ᠪᠠ ᠣᠲᠣᠭ ᠤ᠋ᠨ ᠡᠮᠦᠨᠡᠲᠦ ᠬᠣᠱᠢᠭᠤᠨ ᠳ᠋ᠤ ᠣᠲᠣ ᠦᠶ᠎ᠡ ᠵᠢᠨ ᠲᠠᠷᠢᠶᠠᠯᠠᠩ ᠤ᠋ᠨ ᠶᠠᠪᠤᠳᠠᠯ ᠤ᠋ᠨ ᠪᠥᠬᠥ᠌ ᠬᠡᠯᠬᠢᠶ᠎ᠡ ᠵᠢᠨ ᠶᠡᠷᠦᠩᠬᠡᠢᠯᠡᠭ᠌ᠰᠡᠨ ᠦᠶ᠋ᠯᠡᠴᠢᠯᠡᠭᠡᠨ ᠤ᠋ ᠲᠥᠪ ᠤ᠋ᠨ ᠠᠵᠢᠯᠯᠠᠭᠠᠨ ᠤ᠋ ᠲᠤᠷᠱᠢᠯᠲᠠ ᠶ᠋ᠢᠨ ᠠᠵᠢᠯ ᠢ᠋ ᠥᠷᠨᠢᠭᠦᠯᠵᠦ᠍᠂ ᠨᠢᠭᠡ ᠦᠷᠲᠡᠭᠡᠴᠢᠯᠡᠭᠰᠡᠨ ᠮᠠᠶᠢᠭ ᠤ᠋ᠨ ᠣᠲᠣ ᠦᠶ᠎ᠡ ᠵᠢᠨ ᠦᠶ᠋ᠯᠡᠴᠢᠯᠡᠭᠡᠨ ᠤ᠋ ᠥᠨᠳᠥᠷᠯᠢᠭ ᠭᠠᠵᠠᠷ ᠢ᠋ ᠪᠠᠢᠭᠤᠯᠬᠤ ᠪᠡᠷ ᠪᠤᠢ᠃ ᠪᠠᠰᠠ 《ᠬᠣᠣᠰ ᠮᠢᠩᠭ᠎ᠠ ᠬᠣᠣᠰ ᠵᠠᠭᠤ》 ᠶ᠋ᠢᠨ ᠲᠦᠷᠦᠯ ᠵᠦᠢᠯ ᠢ᠋ ᠬᠡᠷᠡᠭᠵᠢᠭᠦᠯᠵᠦ᠂ ᠵᠡᠭᠦᠨ ᠪᠡᠶ᠎ᠡ ᠳ᠋ᠤ ᠲᠦᠩᠯᠢᠶᠣᠤ ᠬᠤᠲᠠ ᠪᠡᠷ ᠭᠤᠤᠯ ᠪᠤᠯᠭᠠᠵᠤ ᠪᠠᠷᠠᠭᠤᠨ ᠪᠡᠶ᠎ᠡ ᠳ᠋ᠤ ᠪᠠᠶᠠᠨᠨᠠᠭᠤᠷ ᠬᠣᠲᠠ ᠪᠠᠷ ᠭᠣᠣᠯ ᠪᠣᠯᠭᠠᠭ᠍ᠰᠠᠨ ᠮᠢᠩᠭᠠᠨ ᠲᠦᠮᠡᠨ ᠮᠦ᠍ ᠵᠢᠨ ᠡᠷᠳᠡᠨᠢ ᠱᠢᠰᠢ ᠶ᠋ᠢ ᠨᠢᠭ᠍ᠲᠠ ᠲᠠᠷᠢᠵᠤ ᠨᠠᠷᠢᠯᠢᠭ ᠣᠨᠣᠴᠠᠲᠠᠶ ᠲᠣᠬᠢᠷᠠᠭᠤᠯᠤᠨ ᠡᠵᠡᠮᠳᠡᠬᠦ᠌ ᠮᠡᠷᠭᠡᠵᠢᠯ ᠢ᠋ ᠪᠣᠳᠠᠲᠠᠢᠵᠢᠭᠤᠯᠬᠤ ᠵᠢᠨ ᠬᠠᠮᠳᠤ᠂ ᠬᠥᠯᠥᠨ ᠪᠤᠢᠷ ᠬᠣᠲᠠ ᠵᠢᠨ ᠵᠠᠭᠤᠨ ᠲᠦᠮᠡᠨ ᠮᠦ᠍ ᠵᠢᠨ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠬᠤ ᠪᠠ ᠪᠦᠬᠦ᠌ ᠣᠷᠣᠨ ᠤ᠋ ᠵᠠᠭᠤᠨ ᠲᠦᠮᠡᠨ ᠮᠦ᠍ ᠵᠢᠨ ᠬᠠᠭᠤᠷᠠᠶ ᠲᠠᠷᠢᠶᠠᠨ ᠤ᠋ ᠠᠮᠤ ᠪᠤᠳᠠᠭᠠᠨ ᠤ᠋ ᠬᠥᠮᠥᠷᠭᠡ ᠵᠢᠨ ᠵᠢᠱ᠌ᠢᠶ᠎ᠡ ᠦᠵᠡᠭᠦᠯᠬᠦ᠌ ᠲᠣᠭᠣᠷᠢᠭ ᠤ᠋ᠨ ᠪᠦᠲᠦᠭᠡᠨ ᠪᠠᠢᠭᠤᠯᠤᠯᠲᠠ ᠶ᠋ᠢ ᠬᠦᠴᠦᠯᠡᠨ ᠳᠡᠮᠵᠢᠵᠤ ᠪᠠᠢᠨ᠎ᠠ᠃

ᠡᠬᠦᠨ ᠡᠴᠡ ᠭᠠᠳᠠᠨ᠎ᠠ᠂ ᠪᠠᠰᠠ ᠪᠦᠬᠦ ᠤᠷᠤᠨ ᠤ᠋ ᠲᠠᠷᠢᠮᠠᠯ ᠤ᠋ᠨ ᠡᠭᠦᠯᠳᠡᠷ ᠤ᠋ᠨ ᠪᠦᠲᠦᠴᠡ ᠪᠣᠯᠤᠨ ᠣᠷᠣᠨ ᠪᠦᠰᠡ ᠵᠢᠨ ᠪᠠᠢᠷᠢᠰᠢᠯ ᠢ᠋ ᠱᠢᠯᠢᠳᠡᠭ᠌ᠵᠢᠭᠦᠯᠵᠤ ᠪᠠᠢᠨ᠎ᠠ᠃ ᠬᠥᠯᠥᠨ ᠪᠣᠢᠷ ᠬᠣᠲᠠ᠂ ᠬᠢᠩᠭᠠᠨ ᠠᠢᠮᠠᠭ ᠤ᠋ᠨ ᠭᠤᠤᠯ ᠭᠠᠷᠤᠯᠲᠠ ᠵᠢᠨ ᠣᠷᠣᠨ ᠤ᠋ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠤᠨᠠᠯᠲᠠ ᠶᠡᠬᠡᠲᠡᠶ ᠲᠣᠰᠣ ᠶᠡᠬᠡᠲᠡᠶ ᠪᠠ ᠤᠭᠤᠷᠠᠭ ᠶᠡᠬᠡᠲᠡᠶ ᠱᠢᠷ᠎ᠠ ᠪᠤᠷᠴᠠᠭ ᠢ᠋ ᠦᠷᠭᠡᠨ ᠶ᠋ᠢᠡᠷ ᠳᠡᠯᠭᠡᠷᠡᠭᠦᠯᠦᠨ᠎ᠡ᠃ ᠲᠦᠩᠯᠢᠶᠣᠤ ᠬᠣᠲᠠ ᠵᠡᠷᠭᠡ ᠡᠷᠳᠡᠨᠢ ᠰᠢᠰᠢ ᠶ᠋ᠢᠨ ᠭᠤᠤᠯ ᠭᠠᠷᠤᠯᠲᠠ ᠵᠢᠨ ᠣᠷᠣᠨ ᠤ᠋ ᠦᠶ᠋ᠯᠡᠳᠪᠦᠷᠢᠯᠡᠯ ᠤ᠋ᠨ ᠳᠠᠪᠠᠭᠤᠯᠢᠭ ᠢ᠋ ᠲᠣᠭ᠍ᠲᠠᠪᠤᠷᠢᠵᠢᠭᠤᠯᠵᠤ᠂ ᠱᠢᠨ᠎ᠡ ᠰᠣᠷᠭᠣᠭ ᠢᠳᠡᠬᠡᠨ ᠤ᠋ ᠡᠷᠳᠡᠨᠢ ᠱᠢᠰᠢ ᠲᠠᠷᠢᠬᠤ ᠶ᠋ᠢ ᠵᠣᠬᠢᠰᠲᠠᠶ ᠬᠥᠭ᠌ᠵᠢᠭᠦᠯᠤᠨ᠎ᠠ᠃ ᠪᠠᠶᠠᠨᠨᠠᠭᠤᠷ ᠬᠤᠲᠠ ᠵᠡᠷᠭᠡ ᠪᠣᠭᠣᠳᠠᠶ ᠵᠢᠨ ᠭᠤᠤᠯ ᠭᠠᠷᠤᠯᠲᠠ ᠵᠢᠨ ᠣᠷᠣᠨ ᠳ᠋ᠤ ᠲᠤᠰᠭᠠᠶ ᠬᠡᠷᠡᠭ᠌ᠯᠡᠭᠡᠨ ᠤ᠋ ᠪᠣᠭᠣᠳᠠᠶ᠎ᠲᠠᠷᠢᠬᠤ ᠶ᠋ᠢ ᠬᠥᠭ᠌ᠵᠢᠭᠦᠯᠵᠦ᠍᠂ ᠬᠢᠩᠭᠠᠨ ᠠᠢᠮᠠᠭ ᠤ᠋ᠨ ᠴᠢᠨᠠᠷ ᠰᠠᠢᠲᠠᠶ ᠤᠰᠤᠨ ᠲᠤᠲᠤᠷᠭ᠎ᠠ ᠶ᠋ᠢᠨ ᠲᠠᠷᠢᠮᠠᠯ ᠤ᠋ᠨ ᠲᠠᠯᠠᠪᠠᠢ ᠵᠢ ᠦᠷᠭᠡᠳᠭᠡᠨ᠎ᠡ᠃ ᠦᠶ᠋ᠯᠡᠳᠪᠦᠷᠢᠯᠡᠭ᠌ᠴᠢ ᠵᠢᠨ ᠨᠥᠬᠥᠪᠥᠷᠢ᠎ᠶ᠋ᠢ ᠰᠠᠢᠲᠤᠷ ᠬᠡᠷᠡᠭ᠌ᠯᠡᠵᠦ᠍᠂ ᠲᠥᠮᠥᠰᠥ ᠵᠢᠨ ᠭᠤᠤᠯ ᠭᠠᠷᠤᠯᠲᠠ ᠵᠢᠨ ᠣᠷᠣᠨ ᠪᠤᠯᠬᠤ ᠤᠯᠠᠭᠠᠨᠴᠠᠪ ᠵᠡᠷᠭᠡ ᠭᠠᠵᠠᠷ ᠲᠦ᠍ ᠰᠠᠢᠨ ᠡᠭᠦᠯᠳᠡᠷ ᠤ᠋ᠨ ᠲᠥᠮᠥᠰᠥ᠍᠂ ᠱᠢᠨ᠎ᠡ ᠰᠣᠷᠭᠣᠭ ᠢᠳᠡᠬᠡᠨ ᠤ᠋ ᠲᠥᠮᠥᠰᠥ᠍ ᠪᠠ ᠪᠤᠯᠪᠠᠰᠤᠷᠠᠭᠤᠯᠬᠤ ᠳ᠋ᠦ ᠲᠤᠬᠢᠷᠠᠮᠵᠢᠲᠠᠢ ᠲᠥᠮᠥᠰᠥ᠍ ᠳᠠᠷᠢᠬᠤ ᠬᠠᠷᠢᠴᠠᠯ ᠳ᠋ᠦ ᠲᠤᠬᠢᠷᠠᠭᠤᠯᠤᠯᠲᠠ ᠬᠢᠨ᠎ᠡ᠃ ᠬᠥᠯᠥᠨ ᠪᠤᠢᠷ ᠬᠣᠲᠠ ᠵᠡᠷᠭᠡ ᠭᠠᠵᠠᠷ ᠤ᠋ᠨ ᠱᠢᠬᠢᠷ ᠯᠤᠤᠪᠠᠩ ᠲᠠᠷᠢᠬᠤ ᠵᠢ ᠶᠡᠬᠡ ᠪᠡᠷ ᠬᠥᠭ᠌ᠵᠢᠭᠦᠯᠬᠦ ᠵᠢᠨ ᠬᠠᠮᠳᠤ᠂ ᠡᠯᠳᠡᠪ ᠠᠮᠤ ᠡᠯᠳᠡᠪ ᠪᠤᠷᠴᠠᠭ ᠪᠠ ᠱᠢᠯᠢᠮᠳᠡᠭ ᠤ᠋ᠨ 《ᠬᠡᠪᠴᠢᠶ᠎ᠡ᠎ᠶ᠋ᠢ ᠥᠷᠭᠡᠳᠭᠡᠨ ᠴᠢᠨᠠᠷ ᠢ᠋ ᠳᠡᠭᠡᠭ᠌ᠰᠢᠯᠡᠭᠦᠯᠬᠦ᠌》 ᠵᠢ ᠠᠬᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号