ᠮᠠᠨ ᠤ᠋ ᠤᠷᠤᠨ ᠬᠠᠪᠤᠷ ᠤ᠋ᠨ ᠲᠠᠷᠢᠶᠠᠯᠠᠭ᠎ᠠ ᠢ᠋ᠢᠨ ᠴᠠᠭ ᠠᠭᠤᠷ ᠤ᠋ᠨ ᠦᠶ᠋ᠯᠡᠴᠢᠯᠡᠭᠡ ᠢ᠋ᠢ ᠪᠥᠬᠥ᠌ ᠲᠠᠯ᠎ᠠ ᠪᠡᠷ ᠡᠬᠢᠯᠡᠭᠦᠯᠪᠠ
2026-03-19 10:36:44
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠲᠦᠷᠦᠬᠦᠬᠡᠨ 2026 ᠣᠨ ᠤ᠋ ᠠᠩᠬᠠᠳᠤᠭᠠᠷ ᠬᠤᠭᠤᠴᠠᠭᠠᠨ ᠤ᠋ ᠬᠠᠪᠤᠷ ᠤ᠋ᠨ ᠲᠠᠷᠢᠶᠠᠯᠠᠭ᠎ᠠ ᠢ᠋ᠢᠨ ᠴᠠᠭ ᠠᠭᠤᠷ ᠤ᠋ᠨ ᠦᠶ᠋ᠯᠡᠴᠢᠯᠡᠭᠡᠨ ᠤ᠋ ᠲᠤᠰᠭᠠᠶ ᠮᠡᠳᠡᠭᠦᠯᠦᠯᠲᠡ ᠢ᠋ᠢ ᠨᠡᠢᠲᠡᠯᠡᠵᠦ᠍᠂ ᠬᠠᠪᠤᠷ ᠤ᠋ᠨ ᠲᠠᠷᠢᠶᠠᠯᠠᠭ᠎ᠠ ᠢ᠋ᠢᠨ ᠴᠠᠭ ᠠᠭᠤᠷ ᠤ᠋ᠨ ᠦᠶ᠋ᠯᠡᠴᠢᠯᠡᠭᠡ ᠢ᠋ᠢ ᠪᠥᠬᠥ᠌ ᠲᠠᠯ᠎ᠠ ᠪᠡᠷ ᠡᠬᠢᠯᠡᠭᠦᠯᠪᠡ᠃

ᠮᠠᠨ ᠤ᠋ ᠤᠷᠤᠨ ᠤ᠋ ᠪᠠᠷᠠᠭᠤᠨ ᠪᠡᠶ᠎ᠠ ᠢ᠋ᠢᠨ ᠭᠠᠵᠠᠷ ᠣᠷᠣᠨ ᠤ᠋ ᠪᠣᠭᠣᠳᠠᠶ ᠳᠠᠷᠢᠬᠤ ᠠᠵᠢᠯ ᠨᠢᠭᠡᠨᠲᠡ ᠡᠬᠢᠯᠡᠵᠦ᠍᠂ ᠵᠡᠭᠦᠨ ᠪᠡᠶ᠎ᠠ ᠢ᠋ᠢᠨ ᠭᠠᠵᠠᠷ ᠣᠷᠣᠨ ᠮᠥᠨ ᠬᠦ᠌ ᠬᠠᠪᠤᠷ ᠤ᠋ᠨ ᠲᠠᠷᠢᠶᠠᠯᠠᠭ᠎ᠠ ᠵᠢᠨ ᠪᠡᠯᠡᠳᠭᠡᠯ ᠠᠵᠢᠯ ᠢ᠋ᠢᠡᠨ ᠬᠢᠵᠤ ᠪᠤᠢ᠃ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠬᠥᠷᠥᠰᠥ᠍ ᠱᠢᠷᠣᠶ ᠢ᠋ᠢᠨ ᠴᠢᠭᠢᠭ ᠤ᠋ᠨ ᠪᠠᠢᠳᠠᠯ ᠢ᠋ ᠣᠨᠣᠪᠴᠢᠲᠠᠶ ᠡᠵᠡᠮᠱᠢᠬᠦ᠌ ᠢ᠋ᠢᠨ ᠲᠦᠯᠦᠭᠡ ᠴᠠᠭ ᠠᠭᠤᠷ ᠤ᠋ᠨ ᠮᠡᠷᠭᠡᠵᠢᠯ ᠤ᠋ᠨ ᠠᠵᠢᠯᠲᠠᠨ ᠢ᠋ ᠵᠣᠬᠢᠶᠠᠨ ᠪᠠᠢᠭᠤᠯᠤᠨ ᠲᠠᠷᠢᠶᠠᠨ ᠭᠠᠵᠠᠷ ᠲᠦ᠍ ᠭᠦᠨᠵᠡᠭᠡᠢᠷᠡᠬᠦᠯᠵᠤ᠂ ᠬᠠᠪᠤᠷ ᠤ᠋ᠨ ᠲᠠᠷᠢᠶᠠᠯᠠᠭ᠎ᠠ ᠢ᠋ᠢᠨ ᠪᠡᠯᠡᠳᠭᠡᠯ ᠠᠵᠢᠯ ᠤ᠋ᠨ ᠬᠤᠭᠤᠴᠠᠭᠠᠨ ᠳ᠋ᠠᠬᠢ ᠬᠥᠷᠥᠰᠥ᠍ ᠱᠢᠷᠣᠶ ᠢ᠋ᠢᠨ ᠴᠢᠭᠢᠭ ᠤ᠋ᠨ ᠪᠠᠢᠳᠠᠯ ᠢ᠋ ᠬᠥᠳᠡᠯᠦᠩᠭᠦᠶ ᠪᠡᠷ ᠬᠢᠨᠠᠨ ᠱᠢᠨᠵᠢᠵᠦ᠍ ᠵᠠᠳᠠᠯᠤᠨ᠂ ᠬᠥᠷᠥᠰᠥ᠍ ᠱᠢᠷᠣᠶ ᠢ᠋ᠢᠨ ᠴᠢᠭᠢᠭ ᠤ᠋ᠨ ᠪᠠᠢᠳᠠᠯ ᠤ᠋ᠨ ᠦᠶ᠋ᠯᠡᠴᠢᠯᠡᠭᠡᠨ ᠤ᠋ ᠦᠶ᠋ᠯᠡᠳᠬᠦᠨ ᠢ᠋ ᠴᠠᠭ ᠲᠤᠬᠠᠶ ᠳ᠋ᠤᠨᠢ ᠨᠡᠢᠲᠡᠯᠡᠵᠦ᠍᠂ ᠬᠠᠪᠤᠷ ᠤ᠋ᠨ ᠤᠯᠠᠷᠢᠯ ᠤ᠋ᠨ ᠲᠠᠷᠢᠶᠠᠯᠠᠩ ᠤ᠋ᠨ ᠦᠶ᠋ᠯᠡᠳᠪᠦᠷᠢᠯᠡᠯ ᠳ᠋ᠤ ᠴᠠᠭ ᠠᠭᠤᠷ ᠤ᠋ᠨ ᠦᠶ᠋ᠯᠡᠴᠢᠯᠡᠭᠡᠨ ᠤ᠋ ᠪᠠᠲᠤᠯᠠᠭ᠎ᠠ ᠬᠠᠩᠭᠠᠵᠤ ᠪᠤᠢ᠃ ᠡᠭᠦᠨ ᠤ᠋ ᠬᠠᠮᠲᠤ ᠣᠳᠣ ᠦᠶ᠎ᠡ ᠢ᠋ᠢᠨ ᠴᠠᠭ ᠠᠭᠤᠷ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠷᠭ᠎ᠠ ᠪᠠᠷᠢᠯ ᠢ᠋ ᠭᠦᠢᠴᠡᠳ ᠠᠱᠢᠭ᠍ᠯᠠᠨ᠂ ᠴᠠᠭ ᠠᠭᠤᠷ ᠤ᠋ᠨ ᠬᠢᠨᠠᠨ ᠬᠡᠮᠵᠢᠭ᠌ᠰᠡᠨ ᠲᠣᠭ᠎ᠠ ᠪᠠᠷᠢᠮᠲᠠ ᠢ᠋ᠢ ᠡᠮᠬᠢᠯᠡᠨ ᠨᠡᠢᠯᠡᠭᠦᠯᠵᠦ᠍᠂ ᠴᠠᠭ ᠠᠭᠤᠷ ᠤ᠋ᠨ ᠬᠠᠪᠤᠷ ᠤ᠋ᠨ ᠲᠠᠷᠢᠶᠠᠯᠠᠭ᠎ᠠ ᠢ᠋ᠢᠨ ᠪᠡᠯᠡᠳᠭᠡᠯ ᠠᠵᠢᠯ ᠳ᠋ᠤ ᠦᠵᠡᠭᠦᠯᠬᠦ᠌ ᠨᠥᠯᠥᠭᠡ ᠢ᠋ᠢ ᠵᠠᠳᠠᠯᠤᠨ᠂ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤ᠋ᠨ ᠬᠠᠪᠤᠷ ᠤ᠋ᠨ ᠲᠠᠷᠢᠶᠠᠯᠠᠭ᠎ᠠ ᠢ᠋ᠢᠨ ᠪᠡᠯᠡᠳᠭᠡᠯ ᠠᠵᠢᠯ ᠤ᠋ᠨ ᠪᠠᠢᠳᠠᠯ ᠢ᠋ ᠣᠢᠯᠠᠭᠠᠬᠤ ᠳ᠋ᠤ ᠯᠠᠪᠯᠠᠯᠲᠠ ᠬᠠᠩᠭᠠᠵᠤ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠪᠠᠰᠠ ᠥᠪᠡᠷᠲᠡᠭᠡᠨ ᠵᠠᠰᠠᠬᠤ ᠣᠷᠣᠨ ᠤ᠋ ᠡᠳ᠋ ᠤ᠋ᠨ ᠵᠠᠰᠠᠭ ᠤ᠋ᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ᠂ ᠮᠥᠩᠭᠥᠨ ᠭᠦᠶ᠋ᠯᠭᠡᠭᠡᠨ ᠤ᠋ ᠬᠢᠨᠠᠯᠲᠠ ᠬᠠᠮᠢᠶᠠᠷᠤᠯᠲᠠ ᠢ᠋ᠢᠨ ᠲᠣᠪᠴᠢᠶ᠎ᠠ ᠯᠤᠭ᠎ᠠ ᠬᠠᠮᠲᠤᠷᠠᠨ ᠬᠢᠨᠠᠨ ᠬᠡᠮᠵᠢᠬᠦ᠌᠂ ᠬᠠᠮᠲᠤᠷᠠᠨ ᠵᠥᠪᠳᠡᠯᠴᠡᠬᠦ᠌᠂ ᠬᠠᠮᠲᠤᠷᠠᠨ ᠰᠤᠳᠤᠯᠤᠨ ᠮᠠᠭᠠᠳᠯᠠᠬᠤ᠂ ᠬᠠᠮᠲᠤᠷᠠᠨ ᠪᠠᠢᠴᠠᠭᠠᠬᠤ᠂ ᠬᠠᠮᠲᠤᠷᠠᠨ ᠰᠡᠷᠡᠮᠵᠢᠯᠡᠭᠦᠯᠬᠦ᠌ ᠠᠵᠢᠯ ᠤ᠋ᠨ ᠲᠣᠭ᠍ᠲᠠᠴᠠ ᠢ᠋ᠢ ᠨᠠᠢᠳᠠᠪᠤᠷᠢᠵᠢᠭᠤᠯᠵᠤ᠂ ᠲᠠᠷᠢᠶᠠᠯᠠᠩ ᠤ᠋ᠨ ᠶᠠᠪᠤᠳᠠᠯ ᠳ᠋ᠤ ᠨᠠᠷᠢᠨ ᠣᠨᠣᠪᠴᠢᠲᠠᠶ ᠰᠠᠨᠠᠭᠤᠯᠤᠮᠵᠢ ᠬᠠᠩᠭᠠᠵᠤ ᠪᠤᠢ᠃ ᠣᠳᠣᠬᠠᠨ ᠪᠤᠯᠲᠠᠯ᠎ᠠ ᠮᠠᠨ ᠤ᠋ ᠤᠷᠤᠨ ᠲᠠᠷᠢᠶᠠᠯᠠᠩ ᠤ᠋ᠨ ᠴᠠᠭ ᠠᠭᠤᠷ ᠤ᠋ᠨ ᠭᠠᠮᠱᠢᠭ ᠤ᠋ᠨ ᠤᠷᠢᠳᠴᠢᠯᠠᠭ᠍ᠰᠠᠨ ᠮᠡᠳᠡᠭᠡ ᠢ᠋ᠢ ᠨᠢᠭᠡᠨᠲᠡ 11 ᠬᠤᠭᠤᠴᠠᠭ᠎ᠠ ᠨᠡᠢᠲᠡᠯᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号