ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠢ᠋ ᠳᠡᠰ ᠳᠡᠪᠰᠢᠭᠦᠯᠬᠦ ᠵᠢ ᠠᠬᠢᠭᠤᠯᠵᠤ ᠮᠠᠨ ᠤ᠋ ᠤᠷᠤᠨ ᠬᠡᠪᠴᠢᠶᠡᠵᠢᠯ ᠡᠴᠡ ᠲᠠᠬᠡᠭᠰᠢᠬᠢ ᠬᠤᠯᠪᠤᠭᠳᠠᠯ ᠪᠦᠬᠦᠢ ᠠᠵᠤ ᠠᠬᠤᠢᠯᠠᠯ ᠤ᠋ᠨ ᠡᠵᠡᠡᠭᠨᠡᠯᠲᠡ ᠶ᠋ᠢᠨ ᠤᠷᠤᠯᠭ᠎ᠠ ᠵᠢ 4900 ᠳ᠋ᠦᠩᠱᠢᠭᠤᠷ ᠲᠥᠭᠥᠷᠢᠭ ᠢ᠋ ᠳᠠᠪᠠᠭᠤᠯᠬᠤ ᠪᠡᠷ ᠴᠢᠷᠮᠠᠢᠵᠤ ᠪᠠᠢᠨ᠎ᠠ
2026-03-19 10:49:26
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠡᠨᠡ ᠵᠢᠯ ᠮᠠᠨ ᠤ᠋ ᠤᠷᠤᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠢ᠋ ᠳᠡᠰ ᠳᠡᠪᠰᠢᠭᠦᠯᠬᠦ ᠵᠢ ᠲᠦᠷᠭᠡᠳᠭᠡᠨ ᠠᠬᠢᠭᠤᠯᠵᠤ᠂ ᠪᠦᠬᠦ ᠤᠷᠤᠨ ᠤ᠋ ᠬᠡᠪᠴᠢᠶᠡᠵᠢᠯ ᠡᠴᠡ ᠳᠡᠭᠡᠭᠰᠢᠬᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠪᠤᠯᠪᠠᠰᠤᠷᠠᠭᠤᠯᠬᠤ ᠠᠵᠤ ᠠᠬᠤᠢᠯᠠᠯ ᠤ᠋ᠨ ᠡᠵᠡᠡᠭᠨᠡᠯᠲᠡ ᠶ᠋ᠢᠨ ᠤᠷᠤᠯᠭ᠎ᠠ ᠵᠢ 4900 ᠳ᠋ᠦᠩᠱᠢᠭᠤᠷ ᠲᠥᠭᠥᠷᠢᠭ ᠎ᠢ  ᠳᠠᠪᠠᠭᠤᠯᠬᠤ ᠪᠡᠷ ᠴᠢᠷᠮᠠᠢᠵᠤ ᠪᠠᠢᠨ᠎ᠠ᠃

ᠤᠢᠷ᠎ᠡ ᠳ᠋ᠦ ᠱᠢᠯᠢ ᠵᠢᠨ ᠭᠤᠤᠯ ᠠᠢᠮᠠᠭ ᠤ᠋ᠨ ᠰᠦᠨ ᠪᠦᠪᠠᠢ ᠠᠵᠤ ᠦᠶ᠋ᠯᠡᠳᠪᠦᠷᠢ ᠠᠷᠠᠯᠵᠢᠶᠠᠨ ᠤ᠋ ᠬᠢᠵᠠᠭᠠᠷᠲᠤ ᠺᠣᠮᠫᠠᠨᠢ ᠶ᠋ᠢᠨ ᠦᠢᠯᠡᠳᠪᠦᠷᠢ ᠶ᠋ᠢᠨ ᠲᠠᠰᠤᠭ ᠲᠦ᠍ ᠠᠵᠢᠯᠴᠢᠳ ᠦᠷᠤᠮ᠎ᠠ ᠶ᠋ᠢᠨ ᠵᠠᠬᠢᠶᠠᠯᠠᠭ᠎ᠠ ᠪᠠᠨ ᠪᠡᠯᠡᠳᠭᠡᠵᠦ ᠶᠠᠭᠠᠷᠠᠯᠲᠠᠢ ᠠᠵᠢᠯᠯᠠᠨ᠎ᠠ᠃ 《ᠱᠢᠯᠢ ᠵᠢᠨ ᠭᠤᠤᠯ ᠤ᠋ᠨ ᠪᠢᠱᠢᠯᠠᠭ》 ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨ ᠤ᠋ ᠲᠥᠷᠥᠯ ᠲᠡᠮᠳᠡᠭ ᠤ᠋ᠨ ᠡᠷᠬᠡ ᠣᠯᠭᠣᠭ᠍ᠰᠠᠨ ᠠᠵᠤ ᠠᠬᠤᠢᠯᠠᠯ ᠪᠣᠯᠤᠭ᠍ᠰᠠᠨ ᠤ᠋ ᠬᠤᠪᠢ ᠳ᠋ᠤ᠂ ᠲᠤᠰ ᠺᠤᠮᠫᠠᠨᠢ ᠨᠢᠭᠡᠨᠲᠡ 41 ᠳᠡᠯᠭᠡᠭᠦᠷ ᠪᠠ 300 ᠭᠠᠷᠤᠶ ᠵᠦᠶ᠋ᠯ ᠤ᠋ᠨ ᠪᠦᠲᠦᠭᠡᠭᠳᠡᠭᠦᠨ ᠲᠡᠶ ᠪᠤᠯᠵᠤ᠂ ᠤᠳᠤᠬᠠᠨ ᠳ᠋ᠦ ᠦᠢᠯᠡᠳᠪᠦᠷᠢᠯᠡᠯ ᠤ᠋ᠨ ᠱᠤᠭᠤᠮ ᠵᠢᠠᠨ ᠥᠷᠭᠡᠳᠭᠡᠵᠦ᠍᠂ ᠪᠦᠬᠦ᠌ ᠤᠯᠤᠰ ᠤ᠋ᠨ ᠵᠠᠬ᠎ᠠ ᠳᠡᠯᠭᠡᠭᠦᠷ ᠲᠦ᠍ ᠪᠦᠬᠦ ᠲᠠᠯ᠎ᠠ ᠪᠡᠷ ᠴᠡᠷᠢᠭᠯᠡᠬᠦ ᠪᠡᠯᠡᠳᠭᠡᠯ ᠬᠢᠵᠦ ᠪᠠᠢᠨ᠎ᠠ᠃ ᠱᠢᠯᠢ ᠵᠢᠨ ᠭᠤᠤᠯ ᠠᠢᠮᠠᠭ ᠴᠢᠨᠠᠷ ᠰᠠᠢᠲᠠᠶ ᠮᠠᠯ ᠠᠵᠤ ᠠᠬᠤᠶ ᠵᠢᠨ ᠠᠵᠤ ᠦᠶ᠋ᠯᠡᠰ ᠤ᠋ᠨ ᠰᠠᠭᠤᠷᠢ ᠳ᠋ᠠᠭᠠᠨ ᠲᠦᠱᠢᠭ᠌ᠯᠡᠨ ᠠᠯᠢ ᠣᠯᠠᠨ ᠱᠢᠨ᠎ᠡ᠎ᠶ᠋ᠢ ᠡᠭᠦᠳᠦᠭ᠌ᠰᠡᠨ ᠴᠠᠭᠠᠨ ᠢᠳᠡᠭᠡᠨ ᠪᠤᠯᠪᠠᠰᠤᠷᠠᠭᠤᠯᠵᠤ᠂ 2025 ᠣᠨ ᠳ᠋ᠤ 2500 ᠭᠠᠷᠤᠢ ᠲᠣᠨ ᠪᠢᠰᠢᠯᠠᠭ ᠤ᠋ᠨ ᠪᠦᠲᠦᠭᠡᠭᠳᠡᠭᠦᠨ ᠪᠤᠯᠪᠠᠰᠤᠷᠠᠭᠤᠯᠤᠨ᠂ ᠪᠣᠷᠣᠯᠠᠭᠤᠯᠭ᠎ᠠ ᠵᠢᠨ ᠤᠷᠤᠯᠭ᠎ᠠ ᠨᠢ 1.5 ᠳ᠋ᠦᠩᠱᠢᠭᠤᠷ ᠲᠥᠭᠥᠷᠢᠭ ᠢ᠋ ᠳᠠᠪᠠᠪᠠ᠃ ᠡᠭᠦᠨ ᠳ᠋ᠦ 《ᠱᠢᠯᠢ ᠵᠢᠨ ᠭᠤᠤᠯ ᠤ᠋ᠨ ᠪᠢᠱᠢᠯᠠᠭ》 ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨ ᠤ᠋ ᠲᠦᠷᠦᠯ ᠲᠡᠮᠳᠡᠭ ᠵᠢᠡᠷ 4000 ᠭᠠᠷᠤᠶ ᠮᠠᠯᠵᠢᠬᠤ ᠡᠷᠦᠬᠡ ᠵᠢᠨ ᠣᠷᠣᠯᠭ᠎ᠠ ᠶ᠋ᠢ ᠳᠤᠮᠳᠠᠴᠢ ᠪᠡᠷ 3813 ᠲᠥᠭᠥᠷᠢᠭ ᠨᠡᠮᠡᠭ᠌ᠳᠡᠭᠦᠯᠦᠭᠰᠡᠨ ᠪᠠᠢᠨ᠎ᠠ᠃

ᠠᠵᠤ ᠠᠬᠤᠢᠯᠠᠯ ᠤ᠋ᠨ ᠴᠢᠳᠠᠮᠵᠢ ᠵᠢ ᠥᠷᠭᠡᠳᠭᠡᠬᠦ᠌ ᠡᠴᠡ ᠪᠦᠬᠦ᠌ ᠠᠵᠤ ᠦᠢᠯᠡᠰ ᠤ᠋ᠨ ᠬᠡᠯᠬᠢᠶ᠎ᠡ ᠵᠢ ᠲᠡᠰ ᠳᠡᠪᠰᠢᠭᠦᠯᠬᠦ ᠬᠦᠷᠲᠡᠯ᠎ᠡ᠂ ᠮᠠᠨ ᠤ᠋ ᠤᠷᠤᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠪᠣᠯᠪᠠᠰᠤᠷᠠᠭᠤᠯᠬᠤ ᠠᠵᠤ ᠦᠢᠯᠡᠰ ᠤ᠋ᠨ ᠪᠦᠯᠦᠭ᠌ᠵᠢᠯ ᠢ᠋ ᠲᠦᠷᠭᠡᠳᠬᠡᠨ ᠪᠣᠢᠵᠢᠭᠤᠯᠵᠤ ᠪᠠᠢᠨ᠎ᠠ᠃ ᠨᠢᠳᠤᠨᠤᠨ 《ᠨᠠᠷᠢᠯᠢᠭ ᠪᠣᠯᠪᠠᠰᠤᠷᠠᠭᠤᠯᠬᠤ 9 ᠵᠤᠷᠪᠤᠰ》 ᠵᠡᠷᠭᠡ ᠲᠦᠷᠦ᠍ ᠵᠢᠨ ᠪᠤᠳᠤᠯᠭ᠎ᠠ ᠪᠡᠷ ᠲᠠᠮᠵᠢᠨ ᠬᠡᠪᠴᠢᠶᠡᠵᠢᠯ ᠡᠴᠡ ᠳᠡᠭᠡᠭ᠌ᠰᠢᠬᠢ 872 ᠠᠵᠤ ᠠᠬᠤᠢᠯᠠᠯ ᠢ᠋ ᠳᠠᠢᠴᠢᠯᠠᠨ ᠡᠵᠡᠩᠨᠡᠯᠲᠡ ᠵᠢᠨ ᠣᠷᠣᠯᠭ᠎ᠠ ᠶ᠋ᠢ ᠨᠢ 4700 ᠳ᠋ᠦᠩᠱᠢᠭᠤᠷ ᠲᠥᠭᠥᠷᠢᠭ ᠲᠦ᠍ ᠬᠦᠷᠭᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠡᠴᠡ ᠴᠠᠭᠠᠨ ᠢᠳᠡᠭᠡᠨ᠂ ᠦᠬᠡᠷ ᠬᠣᠨᠢᠨ ᠮᠢᠬ᠎ᠠ ᠵᠡᠷᠭᠡ 10 ᠭᠤᠤᠯ ᠪᠣᠯᠬᠤ ᠲᠥᠷᠥᠯ ᠵᠦᠶ᠋ᠯ ᠤ᠋ᠨ ᠲᠤᠭᠤᠷᠢᠨ ᠳ᠋ᠦ 39 ᠳᠠᠭᠠᠭᠤᠯᠤᠭᠴᠢ ᠠᠵᠤ ᠠᠬᠤᠢᠯᠠᠯ ᠢ᠋ ᠬᠥᠲᠥᠯᠥᠨ ᠵᠢᠯᠣᠭᠣᠳᠴᠤ᠌ ᠪᠠᠢᠭᠠᠳ ᠳᠤᠮᠳᠠ ᠪᠠᠭ᠎ᠠ ᠬᠡᠯᠪᠡᠷᠢ ᠶ᠋ᠢᠨ ᠪᠤᠯᠪᠠᠰᠤᠷᠠᠭᠤᠯᠬᠤ ᠠᠵᠤ ᠠᠬᠤᠢᠯᠠᠯ ᠯᠤᠭ᠎ᠠ ᠬᠠᠮᠵᠢᠯᠴᠠᠨ ᠬᠥᠭ᠌ᠵᠢᠬᠦ᠌ ᠶ᠋ᠢ ᠳᠠᠢᠴᠢᠯᠠᠵᠤ᠂ ᠵᠢᠭᠡᠯᠡᠯᠭᠡ ᠶ᠋ᠢᠨ ᠬᠦᠦ ᠮᠦᠡᠭᠬᠦ ᠶ᠋ᠢᠨ ᠨᠦᠬᠦᠪᠦᠷᠢ ᠶ᠋ᠢᠨ ᠡᠷᠴᠢᠮ ᠪᠠ ᠱᠠᠡᠭᠨᠠᠯ ᠨᠦᠬᠦᠪᠦᠷᠢ ᠤᠯᠭᠤᠬᠤ ᠡᠷᠴᠢᠮ ᠶ᠋ᠢᠡᠨ ᠴᠢᠡᠭᠭᠠᠷᠠᠭᠤᠯᠤᠨ᠎ᠠ᠃ ᠡᠭᠦᠨ ᠤ᠋ ᠬᠠᠮᠲᠤ ᠨᠢᠭᠡ ᠪᠦᠯᠦᠭ ᠳᠠᠭᠠᠭᠤᠯᠤᠭᠴᠢ ᠠᠵᠤ ᠠᠬᠤᠢᠯᠠᠯ ᠵᠢᠴᠢ ᠠᠵᠤ ᠦᠢᠯᠡᠰ ᠤ᠋ᠨ ᠡᠬᠢᠨ ᠤ᠋ ᠪᠦᠲᠦᠭᠡᠭᠳᠡᠭᠦᠨ ᠪᠠ ᠡᠴᠦᠰ ᠤ᠋ᠨ ᠪᠦᠲᠦᠭᠡᠭᠳᠡᠭᠦᠨ ᠤ᠋ ᠠᠵᠤ ᠦᠢᠯᠡᠰ ᠤ᠋ᠨ ᠬᠡᠯᠬᠢᠶ᠎ᠡ ᠶ᠋ᠢᠨ ᠢᠵᠢ ᠪᠦᠷᠢᠳᠦᠬᠦᠯᠬᠦ ᠠᠵᠤ ᠠᠬᠤᠢᠯᠠᠯ ᠢ᠋ ᠬᠥᠲᠥᠯᠥᠨ ᠵᠢᠯᠣᠭᠣᠳᠴᠤ᠌ ᠪᠠᠢᠭᠠᠳ ᠵᠢᠯ ᠤ᠋ᠨ ᠪᠤᠷᠤᠯᠠᠭᠤᠯᠭ᠎ᠠ ᠵᠢᠨ ᠣᠷᠣᠯᠭ᠎ᠠ ᠨᠢ 10 ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠠᠵᠤ ᠠᠬᠤᠢᠯᠠᠯ ᠢ᠋ 1᠂ ᠳ᠋ᠦᠩᠱᠢᠭᠤᠷ ᠲᠥᠭᠥᠷᠢᠭ ᠢ᠋ ᠳᠠᠪᠠᠭᠰᠠᠨ ᠠᠵᠤ ᠠᠬᠤᠢᠯᠠᠯ ᠢ᠋ 5᠂ ᠱᠢᠨ᠎ᠡ ᠪᠡᠷ ᠳᠡᠰ ᠳᠡᠪᠰᠢᠭᠰᠡᠨ ᠬᠡᠪᠴᠢᠶᠡᠵᠢᠯ ᠡᠴᠡ ᠳᠡᠭᠡᠭᠰᠢᠬᠢ ᠠᠵᠤ ᠠᠬᠤᠢᠯᠠᠯ ᠢ᠋ 20 ᠪᠤᠢᠵᠢᠭᠤᠯᠬᠤ ᠪᠡᠷ ᠴᠢᠷᠮᠠᠢᠵᠤ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号