ᠦᠪᠦᠷ ᠮᠤᠩᠭᠤᠯ ᠪᠠᠢᠴᠠᠭᠠᠬᠤ ᠠᠵᠢᠯ᠎ᠤᠨ ᠨᠡᠢᠳᠡ ᠵᠢᠨ ᠠᠰᠠᠷᠠᠮᠵᠢ ᠵᠢᠨ ᠵᠠᠷᠭᠤ᠎ᠳᠦ ᠲᠤᠰᠬᠠᠢ ᠬᠢᠨᠠᠯᠳᠠ ᠲᠠᠯᠪᠢᠬᠤ ᠠᠵᠢᠯ᠎ᠢ ᠡᠬᠢᠯᠡᠬᠦᠯᠵᠡᠢ
2026-03-19 17:41:20
ᠵᠣᠬᠢᠶᠠᠭ᠍ᠴᠢ᠄
​ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠠᠷᠠᠳ ᠤ᠋ᠨ ᠲᠡᠭᠡᠳᠦ ᠪᠠᠢᠴᠠᠭᠠᠬᠤ ᠬᠤᠷᠢᠶᠠᠨ ᠤ᠋ 《ᠪᠠᠢᠴᠠᠭᠠᠬᠤ ᠠᠵᠢᠯ᠎ᠤᠨ ᠨᠡᠢᠳᠡ ᠵᠢᠨ ᠠᠰᠠᠷᠠᠮᠵᠢ ᠵᠢᠨ ᠵᠠᠷᠭᠤ ᠪᠡᠷ ᠠᠶᠤᠯᠬᠦᠢ ᠦᠢᠯᠡᠳᠪᠦᠷᠢᠯᠡᠯ ᠎ᠢ ᠬᠠᠮᠠᠭᠠᠯᠠᠬᠤ》 ᠲᠤᠰᠬᠠᠢ ᠬᠢᠨᠠᠯᠳᠠ ᠲᠠᠯᠪᠢᠬᠤ ᠪᠠᠢᠷᠢᠯᠠᠭᠤᠯᠤᠯᠳᠠ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠬᠤ ᠵᠢᠨ ᠲᠤᠯᠠᠳᠠ ᠤᠢᠷ᠎ᠠ ᠵᠢᠨ ᠡᠳᠦᠷ᠂ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ  ᠪᠠᠢᠴᠠᠭᠠᠬᠤ  ᠬᠤᠷᠢᠶ᠎ᠠ 2026 ᠤᠨ ᠤ᠋ ᠠᠭᠤᠷᠬᠠᠢ ᠵᠢᠨ ᠠᠶᠤᠯᠬᠦᠢ ᠦᠢᠯᠡᠳᠪᠦᠷᠢᠯᠡᠯ ᠤ᠋ᠨ ᠪᠠᠢᠴᠠᠭᠠᠬᠤ ᠠᠵᠢᠯ᠎ᠤᠨ ᠨᠡᠢᠳᠡ ᠵᠢᠨ ᠠᠰᠠᠷᠠᠮᠵᠢ ᠵᠢᠨ ᠵᠠᠷᠭᠤ ᠵᠢᠨ ᠲᠤᠰᠬᠠᠢ ᠬᠢᠨᠠᠯᠳᠠ ᠲᠠᠯᠪᠢᠬᠤ ᠠᠵᠢᠯ ᠎ᠢ ᠡᠬᠢᠯᠡᠬᠦᠯᠦᠨ᠂ ᠡᠬᠢ ᠰᠤᠷᠪᠤᠯᠵᠢ ᠡᠴᠨ ᠨᠢ  ᠠᠭᠤᠷᠬᠠᠢ  ᠵᠢᠨ  ᠬᠦᠷᠢᠶᠡᠨ ᠤ᠋ ᠴᠢᠬᠤᠯᠠ ᠶᠡᠬᠡ ᠠᠮᠤᠷ ᠲᠦᠪᠰᠢᠨ ᠤ᠋ ᠠᠶᠤᠯ ᠲᠦᠭᠰᠢᠬᠦᠷᠢ ᠵᠢ ᠰᠡᠷᠬᠡᠢᠯᠡᠨ ᠠᠷᠢᠯᠭᠠᠵᠤ ᠂  ᠦᠪᠦᠷ ᠮᠤᠩᠭᠤᠯ ᠤ᠋ᠨ ᠠᠭᠤᠷᠬᠠᠢ ᠵᠢᠨ ᠠᠵᠢᠯ ᠲᠦᠷᠦᠯ ᠤ᠋ᠨ ᠴᠢᠨᠠᠷ ᠰᠠᠢᠳᠠᠢ ᠬᠦᠭᠵᠢᠯᠳᠡ ᠳ᠋ᠸ᠋  ᠬᠠᠤᠯᠢ  ᠴᠠᠭᠠᠵᠠ ᠵᠢᠨ ᠪᠠᠳᠤᠯᠠᠭ᠎ᠠ  ᠬᠠᠩᠭᠠᠬᠤ  ᠵᠢ  ᠵᠤᠷᠢᠪᠠ᠃

ᠤᠢᠯᠠᠭᠠᠬᠰᠠᠨ ᠵᠢᠡᠷ ᠂ ᠲᠤᠰ ᠤᠳᠠᠭ᠎ᠠ ᠵᠢᠨ ᠲᠤᠰᠬᠠᠢ ᠬᠢᠨᠠᠯᠳᠠ ᠲᠠᠯᠪᠢᠬᠤ ᠠᠵᠢᠯ  ᠨᠢ ᠡᠨᠡ ᠵᠢᠯ᠎ᠤᠨ 12  ᠰᠠᠷ᠎ᠠ ᠪᠤᠯᠳᠠᠯ᠎ᠠ ᠶᠠᠪᠤᠬᠳᠠᠵᠦ ᠂ ᠦᠪᠦᠷ ᠮᠤᠩᠭᠤᠯ ᠤ᠋ᠨ ᠠᠭᠤᠷᠬᠠᠢ ᠵᠢᠨ ᠤᠨᠴᠠᠯᠢᠬ ᠲᠦ᠍ ᠬᠠᠨᠳᠤᠭᠤᠯᠤᠨ᠂ ᠠᠭᠤᠷᠬᠠᠢ ᠵᠢᠨ  ᠬᠦᠷᠢᠶᠡᠨ ᠤ᠋ ᠬᠠᠤᠯᠢ ᠪᠤᠰᠤ ᠪᠡᠷ ᠠᠭᠤᠷᠬᠠᠢ ᠮᠠᠯᠳᠠᠬᠤ ᠵᠡᠷᠬᠡ ᠠᠰᠠᠭᠤᠳᠠᠯ ᠳ᠋ᠸ᠋ ᠠᠩᠬᠠᠷᠤᠯ ᠵᠢᠡᠨ ᠲᠦᠪᠯᠡᠷᠡᠬᠦᠯᠦᠨ᠂ ᠤᠨᠢᠨ ᠲᠡᠭᠡᠷ᠎ᠡ ᠨᠢ ᠬᠢᠨᠠᠯᠳᠠ ᠲᠠᠯᠪᠢᠬᠤ᠂ ᠬᠠᠮᠵᠢᠯᠴᠠᠨ ᠬᠢᠨᠠᠯᠳᠠ ᠲᠠᠯᠪᠢᠬᠤ᠂ ᠪᠦᠬᠦᠢᠯᠡ ᠶᠠᠪᠤᠴᠠ ᠪᠡᠷ ᠨᠢ ᠬᠢᠨᠠᠯᠳᠠ ᠲᠠᠯᠪᠢᠬᠤ ᠪᠡᠷ ᠲᠠᠮᠵᠢᠨ᠂ ᠵᠠᠰᠠᠬ ᠵᠠᠬᠢᠷᠭᠠᠨ ᠤ᠋ ᠬᠢᠨᠠᠨ ᠬᠠᠮᠢᠶᠠᠷᠬᠤ ᠰᠠᠯᠠᠭ᠎ᠠ ᠮᠦᠴᠢᠷ ᠤ᠋ᠨ ᠪᠦᠬᠦ ᠲᠠᠯ᠎ᠠ ᠪᠡᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ᠂ ᠠᠭᠤᠷᠬᠠᠢ ᠵᠢᠨ ᠠᠵᠤ ᠦᠢᠯᠡᠰ ᠤ᠋ᠨ ᠠᠶᠤᠯᠬᠦᠢ ᠦᠢᠯᠡᠳᠪᠦᠷᠢᠯᠡᠯ ᠤ᠋ᠨ ᠭᠤᠤᠯ ᠴᠤᠬᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢᠳᠠᠪᠤᠷᠢᠵᠢᠭᠤᠯᠬᠤ ᠵᠢ ᠠᠬᠢᠭᠤᠯᠤᠨ᠎ᠠ᠃ ᠮᠦᠨ 《ᠨᠢᠬᠡ ᠪᠦᠯᠦᠭ ᠬᠡᠷᠡᠭ ᠤ᠋ᠨ ᠰᠦᠪᠡᠭᠴᠢ ᠵᠢ ᠪᠠᠢᠴᠠᠭᠠᠨ ᠢᠯᠡᠷᠡᠬᠦᠯᠬᠦ᠂ ᠨᠢᠬᠡ ᠪᠦᠯᠦᠭ ᠴᠢᠨᠠᠷ ᠰᠠᠢᠳᠠᠢ ᠬᠡᠷᠡᠭ ᠎ᠢ ᠬᠠᠤᠯᠢ ᠶᠤᠰᠤᠭᠠᠷ ᠰᠢᠢᠳᠪᠦᠷᠢᠯᠡᠬᠦ᠂ ᠨᠢᠬᠡ ᠪᠦᠯᠦᠭ ᠬᠦᠨᠳᠦ ᠶᠡᠬᠡ ᠡᠨᠳᠡᠯ ᠤ᠋ᠨ ᠬᠡᠮ ᠰᠤᠭᠤᠬ ᠎ᠢ ᠰᠢᠢᠳᠪᠦᠷᠢᠯᠡᠬᠦ ᠵᠢ ᠠᠬᠢᠭᠤᠯᠬᠤ》 ᠠᠵᠢᠯ ᠤ᠋ᠨ ᠬᠠᠷᠠᠯᠳᠠ ᠵᠢ ᠪᠡᠶᠡᠯᠡᠬᠦᠯᠦᠨ᠂ ᠨᠡᠢᠬᠡᠮ ᠤ᠋ᠨ ᠠᠩᠬᠠᠷᠤᠯ ᠳ᠋ᠸ᠋ ᠦᠨᠡᠨ ᠬᠦ᠌ ᠬᠠᠷᠢᠭᠤᠯᠳᠠ ᠦᠭᠴᠦ᠂ ᠠᠷᠠᠳ ᠤᠯᠠᠨ ᠤ᠋ ᠠᠮᠢ ᠨᠠᠰᠤ ᠡᠳ᠋ ᠬᠦᠷᠦᠩᠬᠡ ᠵᠢᠨ ᠠᠮᠤᠷ ᠲᠦᠪᠰᠢᠨ ᠪᠠ ᠤᠯᠤᠰ ᠤᠷᠤᠨ ᠨᠡᠢᠬᠡᠮ ᠨᠡᠢᠳᠡ ᠵᠢᠨ ᠠᠰᠢᠬ ᠲᠤᠰᠠ ᠵᠢ  ᠬᠠᠮᠠᠭᠠᠯᠠᠬᠤ ᠪᠤᠯᠤᠨ᠎ᠠ᠃

ᠠᠭᠤᠷᠬᠠᠢ ᠵᠢᠨ ᠠᠶᠤᠯᠬᠦᠢ ᠦᠢᠯᠡᠳᠪᠦᠷᠢᠯᠡᠯ ᠨᠢ ᠠᠵᠤ ᠠᠬᠤᠢ ᠨᠡᠢᠬᠡᠮ ᠤ᠋ᠨ ᠬᠦᠭᠵᠢᠯᠳᠡ ᠵᠢᠨ ᠶᠡᠬᠡ ᠲᠠᠯ᠎ᠠ ᠲᠠᠢ ᠬᠤᠯᠪᠤᠬᠳᠠᠵᠤ᠂ ᠠᠷᠠᠳ ᠤᠯᠠᠨ ᠤ᠋ ᠠᠰᠢᠬ ᠲᠤᠰᠠ ᠲᠠᠢ ᠬᠤᠯᠪᠤᠬᠳᠠᠳᠠᠬ᠃ ᠪᠦᠬᠦ ᠤᠷᠤᠨ᠎ᠤ  ᠪᠠᠢᠴᠠᠭᠠᠬᠤ ᠪᠠᠢᠭᠤᠯᠭ᠎ᠠ ᠨᠢ ᠲᠤᠰ ᠤᠳᠠᠭ᠎ᠠ ᠵᠢᠨ ᠲᠤᠰᠬᠠᠢ ᠬᠢᠨᠠᠯᠳᠠ ᠲᠠᠯᠪᠢᠬᠤ ᠠᠵᠢᠯ ᠵᠢᠡᠷ ᠠᠵᠠ ᠲᠤᠬᠢᠶᠠᠯ ᠪᠤᠯᠭᠠᠨ᠂ ᠠᠭᠤᠷᠬᠠᠢ ᠵᠢᠨ ᠠᠵᠢᠯ ᠲᠦᠷᠦᠯ ᠤ᠋ᠨ ᠠᠶᠤᠯᠬᠦᠢ ᠦᠢᠯᠡᠳᠪᠦᠷᠢᠯᠡᠯ ᠤ᠋ᠨ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号