ᠥᠪᠥᠷ ᠮᠣᠩᠭᠣᠯ ᠬᠠᠪᠤᠷ ᠤ᠋ᠨ ᠤᠯᠠᠷᠢᠯ ᠤ᠋ᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠦᠢᠮᠡᠷ᠎ᠢ ᠪᠦᠲᠦᠮᠵᠢᠳᠡᠢ ᠰᠡᠷᠭᠡᠢᠯᠡᠵᠦ ᠪᠤᠢ
2026-03-19 10:05:22
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠵᠢᠯᠣᠭᠣᠳᠭᠤ ᠭᠠᠵᠠᠷ ᠤ᠋ᠨ ᠠᠯᠪᠠᠨ ᠬᠡᠷ ᠡᠴᠡ ᠣᠢᠯᠠᠭᠠᠭ᠍ᠰᠠᠨ ᠵᠢᠡᠷ᠂ 3 ᠰᠠᠷ᠎ᠠ ᠵᠢᠨ 15 ᠤ᠋ ᠡᠳᠦᠷ ᠡᠴᠡ ᠡᠬᠢᠯᠡᠵᠤ ᠥᠪᠥᠷ ᠮᠣᠩᠭᠣᠯ ᠬᠠᠪᠤᠷ ᠤ᠋ᠨ ᠤᠯᠠᠷᠢᠯ ᠤ᠋ᠨ ᠲᠦᠶ᠋ᠮᠡᠷ ᠰᠡᠷᠭᠡᠢᠯᠡᠬᠦ᠌ ᠬᠤᠭᠤᠴᠠᠭᠠᠨ ᠳ᠋ᠤ ᠣᠷᠣᠵᠤ᠂ ᠪᠥᠬᠥ᠌ ᠣᠷᠣᠨ᠎ᠤ ᠡᠯ᠎ᠡ ᠭᠠᠵᠠᠷ ᠤ᠋ᠨ᠎ᠬᠢᠨ ᠬᠡᠭᠡᠷ᠎ᠡ ᠭᠠᠳᠠᠨ᠎ᠠ ᠭᠠᠯ ᠬᠡᠷᠡᠭ᠌ᠯᠡᠬᠦ ᠶ᠋ᠢ ᠬᠢᠨᠠᠨ ᠵᠥᠪᠱᠢᠶᠡᠷᠡᠬᠦ᠌᠂ ᠴᠠᠷᠠᠭ᠎ᠠ ᠵᠢᠨ ᠪᠥᠲᠥᠭᠡᠨ ᠪᠠᠢᠭᠤᠯᠤᠯᠲᠠ᠂ ᠤᠬᠠᠭᠤᠯᠭ᠎ᠠ ᠬᠥᠮᠦᠵᠢᠯ ᠪᠠ ᠱᠢᠲᠠᠮᠠᠬᠠᠶ ᠪᠣᠳᠠᠰ ᠢ᠋ ᠴᠡᠪᠡᠷᠯᠡᠬᠦ᠌ ᠵᠡᠷᠭᠡ ᠠᠵᠢᠯ ᠢ᠋ ᠦᠷᠭᠦᠯᠵᠢᠯᠡᠨ ᠴᠢᠩᠭᠠᠳᠭᠠᠵᠤ᠂ ᠨᠢᠭᠡᠨᠲᠡ 1100 ᠭᠠᠷᠤᠶ ᠪᠠᠢᠴᠠᠭᠠᠬᠤ ᠥᠷᠲᠡᠭᠡ᠂ 540 ᠭᠠᠷᠤᠶ ᠪᠠᠷᠠᠯᠠᠬᠤ ᠴᠠᠮᠬᠠᠭ᠂ 3.7 ᠲᠦᠮᠡ ᠭᠠᠷᠤᠶ ᠲᠦᠶ᠋ᠮᠡᠷ ᠢ᠋ ᠤᠨᠲᠠᠷᠠᠭᠠᠬᠤ ᠡᠩᠨᠡᠭᠡ ᠶ᠋ᠢ ᠵᠣᠬᠢᠶᠠᠨ ᠪᠠᠢᠭᠤᠯᠵᠤ ᠴᠢᠩᠭ᠎ᠠ ᠵᠢᠵᠢᠭᠦᠷᠯᠡᠨ ᠰᠠᠬᠢᠵᠤ᠂ ᠲᠣᠭᠣᠷᠢᠨ ᠪᠠᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠵᠢᠡᠨ ᠴᠢᠩᠭᠠᠷᠠᠭᠤᠯᠵᠤ᠂ ᠬᠠᠪᠤᠷ ᠤ᠋ᠨ ᠤᠯᠠᠷᠢᠯ ᠤ᠋ᠨ ᠣᠶ ᠱᠢᠭᠤᠶ ᠪᠠ ᠨᠤᠲᠤᠭ ᠪᠡᠯᠴᠢᠭᠡᠷ᠎ᠦᠨ 《ᠲᠦᠢᠮᠡᠷ ᠰᠡᠷᠭᠡᠢᠯᠡᠬᠦ ᠬᠡᠷᠡᠮ》 ᠢ᠋ ᠯᠠᠪᠳᠠᠭᠤᠨ ᠪᠠᠲᠤᠲᠠᠶ ᠪᠡᠬᠢᠵᠢᠭᠦᠯᠪᠡ᠃

ᠡᠨᠡ ᠵᠢᠯ᠎ᠦᠨ ᠬᠠᠪᠤᠷ ᠤ᠋ᠨ ᠤᠯᠠᠷᠢᠯ ᠳ᠋ᠤ᠂ ᠥᠪᠥᠷ ᠮᠣᠩᠭᠣᠯ ᠤ᠋ᠨ ᠶᠡᠬᠡᠩᠬᠢ ᠬᠡᠰᠡᠭ ᠭᠠᠵᠠᠷ ᠣᠷᠣᠨ᠎ᠤ ᠠᠭᠠᠷ ᠤ᠋ᠨ ᠳᠤᠯᠠᠭᠠᠨ ᠡᠩ᠎ᠦᠨ ᠵᠢᠯ᠎ᠦᠨ ᠬᠢ ᠡᠴᠡ 0 - 1°C ᠥᠨᠳᠥᠷ᠂ ᠬᠤᠷ᠎ᠠ ᠲᠣᠨᠳᠠᠰᠤ ᠶ᠋ᠢᠨ ᠲᠠᠷᠬᠠᠯᠲᠠ ᠲᠡᠭ᠌ᠰᠢ ᠪᠤᠰᠤ ᠪᠠᠢᠵᠤ᠂ ᠬᠡᠭᠡᠷ᠎ᠡ ᠭᠠᠳᠠᠨ᠎ᠠ ᠠᠵᠢᠯ ᠦᠶ᠋ᠯᠡᠳᠪᠦᠷᠢᠯᠡᠯ ᠵᠢᠡᠨ ᠰᠡᠷᠭᠦᠭᠡᠬᠦ᠌᠂ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠬᠢᠬᠦ᠌᠂ ᠲᠠᠷᠢᠶᠠᠯᠠᠩ ᠤ᠋ᠨ ᠠᠵᠢᠯ ᠳ᠋ᠤ ᠭᠠᠯ ᠬᠡᠷᠡᠭ᠌ᠯᠡᠬᠦ᠌᠂ ᠵᠢᠭᠤᠯᠴᠢᠯᠠᠨ ᠲᠣᠭᠣᠷᠢᠬᠤ᠂ ᠬᠠᠩᠰᠢ ᠶ᠋ᠢᠨ ᠡᠳᠦᠷ᠎ᠦᠨ ᠲᠠᠬᠢᠯᠭ᠎ᠠ ᠬᠢᠬᠦ᠌ ᠵᠡᠷᠭᠡ ᠠᠵᠢᠯᠯᠠᠭ᠎ᠠ ᠲᠥᠪᠯᠡᠷᠡᠵᠦ᠍᠂ ᠬᠡᠭᠡᠷ᠎ᠡ ᠭᠠᠳᠠᠨᠠᠬᠢ ᠭᠠᠯ ᠤ᠋ᠨ ᠡᠬᠢ ᠶ᠋ᠢ ᠬᠠᠮᠢᠶᠠᠷᠤᠨ ᠡᠵᠡᠮᠳᠡᠬᠦ᠌ ᠬᠦᠴᠢᠷᠳᠡᠯ ᠨᠡᠮᠡᠭ᠌ᠳᠡᠨ᠂ ᠣᠶ ᠱᠢᠭᠤᠶ ᠪᠠ ᠨᠤᠲᠤᠭ ᠪᠡᠯᠴᠢᠭᠡᠷ᠎ᠦᠨ ᠲᠦᠶ᠋ᠮᠡᠷ ᠰᠡᠷᠭᠡᠢᠯᠡᠨ ᠤᠨᠲᠠᠷᠠᠭᠠᠬᠤ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠤᠯᠪᠠ᠃ ᠦᠪᠦᠷ ᠮᠤᠩᠭᠤᠯ ᠤ᠋ᠨ ᠣᠢ ᠱᠢᠭᠤᠶ ᠪᠠ ᠨᠤᠲᠤᠭ ᠪᠡᠯᠴᠢᠭᠡᠷ᠎ᠦᠨ ᠲᠦᠢᠮᠡᠷ ᠰᠡᠷᠭᠡᠢᠯᠡᠨ ᠤᠨᠲᠠᠷᠠᠭᠠᠬᠤ ᠵᠢᠯᠣᠭᠣᠳᠭᠤ ᠭᠠᠵᠠᠷ ᠡᠴᠡ᠂ ᠡᠯ᠎ᠡ ᠭᠠᠵᠠᠷ ᠤ᠋ᠨ ᠬᠢᠨ 24 ᠴᠠᠭ ᠵᠢᠡᠷ ᠵᠢᠵᠢᠭᠦᠷᠯᠡᠬᠦ᠌᠂ 《ᠲᠦᠢᠮᠡᠷ ᠭᠠᠷᠪᠠᠯ ᠡᠷᠬᠡᠪᠰᠢ ᠮᠡᠳᠡᠭᠦᠯᠵᠦ᠍᠂ ᠮᠡᠳᠡᠭᠦᠯᠵᠤ ᠤᠨᠲᠠᠷᠠᠭᠠᠬᠤ ᠶ᠋ᠢ ᠵᠡᠷᠭᠡ᠎ᠪᠡᠷ ᠶᠠᠪᠤᠭ᠍ᠳᠠᠭᠤᠯᠬᠤ》 ᠪᠠ ᠭᠤᠤᠯᠳᠠᠯᠭ᠎ᠠ᠎ᠲᠠᠶ ᠴᠠᠭ ᠬᠤᠭᠤᠴᠠᠭᠠᠨ᠎ᠳ᠋ᠤ 《ᠡᠳᠦᠷ ᠪᠦᠷᠢ ᠮᠡᠳᠡᠭᠦᠯᠬᠦ᠌》 ᠳᠦᠷᠢᠮ ᠢ᠋ ᠴᠢᠩᠭ᠎ᠠ ᠬᠡᠷᠡᠭ᠌ᠵᠢᠭᠦᠯᠤᠨ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠵᠥᠪᠳᠡᠯᠴᠡᠨ ᠰᠤᠳᠤᠯᠤᠨ ᠮᠠᠭᠠᠳᠯᠠᠬᠤ᠂ ᠪᠡᠯᠡᠳᠭᠡᠯ ᠲᠥᠰᠦᠯ ᠳ᠋ᠤ ᠵᠠᠰᠠᠪᠤᠷᠢ ᠣᠷᠣᠭᠤᠯᠬᠤ ᠰᠣᠷᠢᠯᠲᠠ ᠪᠠ ᠬᠢᠯᠢ ᠶ᠋ᠢᠨ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠠᠵᠢᠯ ᠢ᠋ ᠦᠷᠭᠦᠯᠵᠢᠯᠡᠨ ᠰᠠᠢᠲᠤᠷ ᠠᠳᠭᠤᠵᠤ᠂ ᠲᠦᠢᠮᠡᠷ ᠤᠨᠲᠠᠷᠠᠭᠠᠬᠤ ᠬᠦᠴᠦᠨ ᠢ᠋ ᠨᠢᠭᠡᠳᠦᠯᠲᠡᠶ ᠲᠥᠯᠥᠪᠯᠡᠨ ᠪᠠᠢᠷᠢᠯᠠᠭᠤᠯᠵᠤ᠂ ᠮᠠᠱᠢᠨ ᠪᠠᠭᠠᠵᠢ ᠲᠣᠨᠣᠭ ᠲᠥᠬᠥᠭᠡᠷᠦᠮᠵᠢ ᠶ᠋ᠢ ᠤᠷᠢᠳᠴᠢᠯᠠᠨ ᠪᠠᠢᠴᠠᠭᠠᠨ ᠰᠡᠯᠪᠢᠨ ᠵᠠᠰᠠᠵᠤ᠂ ᠡᠯ᠎ᠡ ᠲᠥᠷᠥᠯ᠎ᠦᠨ ᠡᠳ᠋ ᠪᠣᠳᠠᠰ ᠢ᠋ ᠭᠦᠶ᠋ᠴᠡᠳ ᠨᠥᠭᠡᠴᠡᠯᠡᠨ᠂ ᠬᠥᠮᠦᠨ ᠬᠠᠷ᠎ᠠ ᠦᠬᠦᠵᠦ᠍ ᠱᠢᠷᠬᠠᠲᠤᠬᠤ ᠪᠠ ᠡᠭᠦᠰᠦᠮᠡᠯ ᠭᠠᠮᠱᠢᠭ ᠭᠠᠷᠬᠤ ᠶ᠋ᠢ ᠴᠢᠩᠭ᠎ᠠ ᠰᠡᠷᠭᠡᠢᠯᠡᠵᠦ᠍᠂ ᠣᠢ ᠱᠢᠭᠤᠶ ᠪᠠ ᠨᠤᠲᠤᠭ ᠪᠡᠯᠴᠢᠭᠡᠷ᠎ᠦᠨ ᠲᠦᠢᠮᠡᠷ ᠤ᠋ᠨ ᠭᠠᠮᠱᠢᠭ ᠤ᠋ᠨ ᠠᠶᠤᠯ ᠢ᠋ ᠪᠥᠬᠥ᠌ ᠬᠦᠴᠦᠨ ᠵᠢᠡᠷ ᠵᠢᠡᠨ ᠰᠡᠷᠭᠡᠢᠯᠨᠬᠦ ᠬᠡᠷᠡᠭᠲᠡᠢ ᠭᠡᠵᠤ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号