ᠬᠥᠬᠡᠬᠣᠲᠠ᠎ᠶ᠋ᠢᠨ ᠲᠥᠯᠥᠪᠦᠷᠢ ᠥᠬᠡᠶ᠎ᠪᠡᠷ ᠴᠢᠰᠤ᠎ᠬᠠᠨᠳᠢᠪᠯᠠᠬᠤ ᠠᠬᠠᠮᠠᠳ ᠴᠡᠷᠢᠭ ᠤ᠋ᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠨᠡᠢᠳᠡ 20 ᠭᠠᠷᠤᠢ ᠲᠦᠮᠡᠨ ᠮᠢᠯᠢᠯᠢᠲ᠋ᠷ ᠴᠢᠰᠤ ᠬᠠᠨᠳᠢᠪᠯᠠᠪᠡ
2026-03-19 17:44:59
ᠵᠣᠬᠢᠶᠠᠭ᠍ᠴᠢ᠄
​ ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

 ᠲᠦᠷᠦᠬᠦᠭᠡᠨ 《ᠯᠧᠢ ᠹᠧᠩ᠎ᠡᠴᠡ ᠳᠠᠭᠠᠨ ᠰᠤᠷᠤᠯᠴᠠᠵᠤ᠂ ᠰᠠᠢᠨ ᠳᠤᠷ᠎ᠠ᠎ᠶ᠋ᠢᠨ ᠦᠢᠯᠡᠴᠢᠯᠡᠭᠡ ᠦᠷᠨᠢᠬᠦᠯᠵᠦ᠂ 〈ᠠᠷᠪᠠᠨ ᠲᠠᠪᠤᠳᠤᠭᠠᠷ ᠲᠠᠪᠤᠨ ᠵᠢᠯ〉 ᠳ᠋ᠤ ᠬᠠᠮᠲᠤ᠎ᠪᠠᠷ ᠡᠷᠡᠯᠬᠡᠭ᠌ᠯᠡᠨ ᠤᠷᠤᠭ᠍ᠰᠢᠯᠠᠬᠤ》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠪᠯᠡᠷᠡᠭᠦᠯᠦᠨ ᠳᠡᠯᠭᠡᠨ ᠦᠵᠡᠭᠦᠯᠬᠦ᠌ ᠠᠵᠢᠯᠯᠠᠭ᠎ᠠ ᠬᠦᠬᠡᠬᠤᠳᠠ ᠵᠢᠨ ᠪᠤᠤ ᠳ᠋ᠢᠡᠭ ᠠᠭᠤᠳᠠᠮ ᠲᠠᠯᠠᠪᠠᠢ ᠳ᠋ᠤ ᠶᠠᠪᠤᠬᠳᠠᠪᠠ᠃ ᠬᠥᠬᠡᠬᠣᠲᠠ᠎ᠶ᠋ᠢᠨ ᠠᠬᠠᠮᠠᠳ ᠴᠡᠷᠢᠭ ᠤ᠋ᠨ ᠲᠥᠯᠥᠪᠦᠷᠢ ᠥᠬᠡᠶ᠎ᠪᠡᠷ ᠴᠢᠰᠤ᠎ᠬᠠᠨᠳᠢᠪᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠠᠷᠠᠮ ᠥᠬᠡᠶ ᠵᠣᠷᠢᠭᠤᠯᠬᠤ᠂ ᠨᠥᠬᠥᠷᠰᠡᠭ ᠪᠠᠢᠬᠤ᠂ ᠬᠠᠷᠢᠯᠴᠠᠨ ᠬᠠᠪᠰᠤᠷᠤᠯᠴᠠᠬᠤ᠂ ᠤᠷᠤᠭ᠍ᠰᠢᠯᠠᠨ ᠳᠠᠪᠱᠢᠬᠤ》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠷᠢᠭ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠍᠂ ᠬᠠᠢᠷ᠎ᠠ ᠬᠠᠯᠠᠮᠵᠢ᠎ᠶ᠋ᠢᠨ ᠬᠦᠴᠦᠨ ᠴᠢᠳᠠᠯ᠎ᠢ ᠳᠠᠮᠵᠢᠭᠤᠯᠪᠠ᠃

2023 ᠣᠨ᠎ᠳᠤ ᠬᠥᠬᠡᠬᠣᠲᠠ᠎ᠶ᠋ᠢᠨ ᠠᠬᠠᠮᠠᠳ ᠴᠡᠷᠢᠭ ᠤ᠋ᠨ ᠲᠥᠯᠥᠪᠦᠷᠢ ᠥᠬᠡᠶ᠎ᠪᠡᠷ ᠴᠢᠰᠤ ᠬᠠᠨᠳᠢᠪᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠣᠲᠣ ᠨᠢᠭᠡᠨᠲᠡ 105 ᠭᠡᠱᠢᠭᠦᠨ᠎ᠲᠡᠶ ᠪᠣᠯᠵᠤ᠂ ᠨᠡᠢᠲᠡ 20 ᠭᠠᠷᠤᠢ ᠲᠦᠮᠡᠨ ᠮᠢᠯᠢᠯᠢᠲ᠋ᠷ ᠴᠢᠰᠤ ᠬᠠᠨᠳᠢᠪᠯᠠᠵᠤ᠂ 8 ᠭᠡᠱᠢᠭᠦᠨ ᠲᠥᠯᠥᠪᠦᠷᠢ ᠦᠭᠡᠢ᠎ᠪᠡᠷ ᠴᠢᠰᠤ ᠬᠠᠨᠳᠢᠪᠯᠠᠭ᠍ᠰᠠᠨ ᠱᠠᠩᠨᠠᠯ᠎ᠤᠨ ᠮᠥᠩᠭᠥ᠌ ᠬᠦᠷᠲᠡᠵᠦ᠍᠂ 1 ᠭᠡᠱᠢᠭᠦᠨ ᠮᠥᠩᠭᠥᠨ ᠱᠠᠩᠨᠠᠯ ᠬᠦᠷᠲᠡᠵᠦ᠍᠂ 3 ᠭᠡᠱᠢᠭᠦᠨ ᠬᠦᠷᠡᠯ ᠱᠠᠩᠨᠠᠯ ᠬᠦᠷᠲᠡᠵᠦ᠍᠂ ᠬᠦᠬᠡᠬᠣᠲᠠ᠎ᠶ᠋ᠢᠨ ᠡᠮᠴᠢᠯᠡᠭᠡᠨ ᠤ᠋ ᠴᠢᠰᠤ ᠬᠡᠷᠡᠭ᠌ᠯᠡᠬᠦ᠌᠎ᠳᠦ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠬᠦᠴᠦᠨ ᠴᠢᠳᠠᠯ᠎ᠢᠶᠠᠨ ᠡᠷᠭᠦᠪᠡ᠃

ᠬᠤᠢᠰᠢᠳᠠ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠶᠠᠪᠤᠳᠠᠯ᠎ᠤᠨ ᠲᠣᠪᠴᠢᠶ᠎ᠠ ᠦᠷᠭᠦᠯᠵᠢᠯᠡᠨ ᠡᠯ᠎ᠠ ᠲᠦᠷᠦᠯ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠤᠨ ᠣᠯᠠᠨ ᠶᠠᠩᠵᠤ ᠬᠡᠯᠪᠡᠷᠢ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠵᠦ᠍᠂ ᠯᠧᠢ ᠹᠧᠩ᠎ᠦᠨ ᠵᠣᠷᠢᠭ ᠰᠠᠨᠠᠭ᠎ᠠ᠎ᠶ᠋ᠢ ᠡᠳᠦᠷ ᠲᠤᠲᠤᠮ᠎ᠤᠨ ᠠᠮᠢᠳᠤᠷᠠᠯ ᠳ᠋ᠤ ᠠᠭᠤᠰᠤᠯᠴᠠᠭᠤᠯᠵᠤ᠂ ᠪᠣᠯᠪᠠᠰᠤᠨ ᠡᠶ᠎ᠡ ᠵᠣᠬᠢᠴᠠᠩᠭᠤᠶ᠂ ᠪᠦᠯᠬᠦᠮᠳᠡᠨ ᠲᠡᠮᠡᠴᠡᠬᠦ᠌ ᠰᠠᠢᠨ ᠰᠠᠢᠬᠠᠨ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠬᠤ᠎ᠳᠤ ᠰᠠᠢᠨ ᠳᠤᠷ᠎ᠠ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号