ᠰᠢᠯᠢᠩᠬᠣᠲᠠ᠎ᠠᠴᠠ ᠬᠥᠬᠡᠬᠣᠲᠠ ᠬᠦᠷᠬᠦ ᠬᠥᠳᠡᠯᠭᠡᠭᠦ ᠬᠦᠴᠦᠨ᠎ᠤ ᠭᠠᠯᠲᠤ ᠲᠡᠷᠭᠡ ᠨᠡᠪᠲᠡᠷᠡᠬᠦ ᠪᠡᠷ ᠪᠤᠢ
2026-03-19 10:31:17
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠵᠢᠢ ᠲᠦᠩ ᠺᠣᠮᠫᠠᠨᠢ᠎ᠶᠢᠨ ᠵᠣᠬᠢᠶᠠᠨ ᠪᠠᠢᠭᠤᠯᠵᠤ ᠪᠦᠲᠦᠭᠡᠨ ᠪᠠᠢᠭᠤᠯᠤᠭᠰᠠᠨ ᠲᠠᠢ ᠽᠢ ᠴᠧᠩ ᠡᠴᠡ ᠰᠢᠯᠢᠩᠬᠣᠲᠠ ᠬᠦᠷᠬᠦ ᠲᠡᠮᠦᠷ ᠵᠠᠮ᠎ᠤᠨ ᠰᠠᠩ᠎ᠤᠨ ᠲᠡᠯᠡᠶ ᠵᠢᠨ ᠬᠣᠢᠲᠤ ᠥᠷᠲᠡᠭᠡ᠎ᠡᠴᠡ ᠰᠢᠯᠢᠩᠬᠣᠲᠠ ᠥᠷᠲᠡᠭᠡ ᠬᠦᠷᠬᠦ ᠵᠠᠮ ᠱᠤᠭᠤᠮ ᠰᠣᠯᠢᠬᠤ ᠠᠵᠢᠯ ᠵᠢᠩᠬᠢᠨᠢ᠎ᠪᠡᠷ ᠡᠬᠢᠯᠡᠵᠦ᠂ 《6·30 〈ᠨᠣᠭᠣᠭᠠᠨ ᠠᠪᠤᠷᠭᠤ〉 ᠬᠥᠳᠡᠯᠭᠡᠬᠦ ᠬᠦᠴᠦᠨ᠎ᠤ ᠭᠠᠯᠲᠤ ᠲᠡᠷᠭᠡ ᠬᠥᠬᠡᠬᠣᠲᠠ᠎ᠳᠤ ᠣᠷᠣᠬᠤ》 ᠬᠠᠷᠠᠯᠲᠠ ᠲᠡᠢᠰᠢ ᠪᠥᠬᠥ ᠬᠦᠴᠦᠨ᠎ᠢᠶᠡᠷ᠎ᠢᠶᠡᠨ ᠴᠢᠷᠮᠠᠢᠵᠤ ᠪᠤᠢ᠃ ᠵᠢᠱ᠌ᠢᠯᠲᠡ᠎ᠪᠡᠷ 6 ᠰᠠᠷ᠎ᠠ᠎ᠶᠢᠨ ᠰᠡᠭᠦᠯᠴᠢ ᠪᠡᠷ ᠰᠢᠯᠢᠩᠬᠣᠲᠠ᠎ᠠᠴᠠ ᠬᠥᠬᠡᠬᠣᠲᠠ ᠬᠦᠷᠬᠦ ᠬᠥᠳᠡᠯᠭᠡᠬᠦ ᠬᠦᠴᠦᠨ᠎ᠤ ᠴᠤᠪᠤᠭ᠎ᠠ ᠲᠡᠷᠭᠡ ᠵᠢᠩᠬᠢᠨᠢ᠎ᠪᠡᠷ ᠬᠥᠳᠡᠯᠵᠤ᠂ ᠵᠠᠮ ᠳᠠᠭᠠᠤ᠎ᠶᠢᠨ ᠣᠯᠠᠨ ᠭᠠᠵᠠᠷ᠎ᠲᠤ ᠴᠦ᠍ ᠠᠩᠬ᠎ᠠ ᠤᠳᠠᠭ᠎ᠠ ᠬᠥᠳᠡᠯᠭᠡᠬᠦ ᠬᠦᠴᠦᠨ᠎ᠤ ᠭᠠᠯᠲᠤ ᠲᠡᠷᠭᠡ ᠨᠡᠪᠲᠡᠷᠡᠬᠦ ᠪᠤᠯᠤᠨ᠎ᠠ᠃


QQ截图20260209113408.png


ᠲᠠᠢ ᠽᠢ ᠴᠧᠩ ᠡᠴᠡ ᠰᠢᠯᠢᠩᠬᠣᠲᠠ ᠬᠦᠷᠬᠦ ᠲᠡᠮᠦᠷ ᠵᠠᠮ ᠨᠢ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠭᠣᠣᠯᠳᠠᠯᠭ᠎ᠠ᠎ᠲᠠᠢ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠬᠡᠰᠡᠭ᠎ᠢ 2023 ᠣᠨ᠎ᠤ 12 ᠰᠠᠷ᠎ᠠ᠎ᠠᠴᠠ ᠡᠬᠢᠯᠡᠨ ᠠᠵᠢᠯ ᠡᠬᠢᠯᠡᠭᠦᠯᠵᠤ᠂ ᠵᠢᠱ᠌ᠢᠯᠲᠡ᠎ᠪᠡᠷ ᠡᠨᠡ ᠵᠢᠯ᠎ᠤᠨ 6 ᠰᠠᠷ᠎ᠠ᠎ᠶᠢᠨ ᠳᠤᠮᠳᠠᠴᠢ ᠪᠠᠷ ᠰᠡᠬᠦᠯ ᠬᠤᠷᠢᠶᠠᠵᠤ᠂ ᠲᠠᠷᠠᠭᠠᠴᠢ ᠎ᠵᠢᠨ ᠬᠣᠯᠪᠤᠭᠠᠯᠠᠨ ᠲᠣᠬᠢᠷᠠᠭᠤᠯᠵᠤ ᠬᠣᠯᠪᠤᠭᠠᠯᠠᠨ ᠲᠤᠷᠰᠢᠬᠤ᠎ᠳᠤ ᠭᠦᠢᠴᠡᠳ ᠴᠠᠭ ᠦᠯᠡᠳᠡᠭᠡᠵᠦ᠂ 6 ᠰᠠᠷ᠎ᠠ᠎ᠶᠢᠨ ᠰᠡᠭᠦᠯᠴᠢ ᠪᠡᠷ ᠰᠢᠯᠢ᠎ᠶᠢᠨ ᠭᠣᠣᠯ ᠠᠢᠮᠠᠭ᠎ᠤᠨ 《〈ᠨᠣᠭᠣᠭᠠᠨ ᠠᠪᠤᠷᠭᠤ〉 ᠬᠥᠳᠡᠯᠭᠡᠬᠦ ᠬᠦᠴᠦᠨ᠎ᠤ ᠭᠠᠯᠲᠤ ᠲᠡᠷᠭᠡ ᠬᠥᠬᠡᠬᠣᠲᠠ᠎ᠳᠤ ᠣᠷᠣᠬᠤ》 ᠬᠠᠷᠠᠯᠲᠠ᠎ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ᠎ᠶᠢ ᠦᠨᠡᠨ ᠬᠦ᠌ ᠪᠠᠲᠤᠯᠠᠨ᠎ᠠ᠃


QQ截图20260312093543.png


ᠰᠢᠯᠢᠩᠬᠣᠲᠠ᠎ᠠᠴᠠ ᠬᠥᠬᠡᠬᠣᠲᠠ ᠬᠦᠷᠬᠦ ᠬᠥᠳᠡᠯᠭᠡᠬᠦ ᠬᠦᠴᠦᠨ᠎ᠤ ᠭᠠᠯᠲᠤ ᠲᠡᠷᠭᠡ ᠲᠡᠷᠭᠡ ᠬᠥᠳᠡᠯᠦᠭᠰᠡᠨ᠎ᠦ ᠳᠠᠷᠠᠭ᠎ᠠ᠂ ᠬᠣᠶᠠᠷ ᠭᠠᠵᠠᠷ᠎ᠤᠨ ᠬᠤᠭᠤᠷᠤᠨᠳᠤᠬᠢ ᠠᠶᠠᠯᠠᠯ᠎ᠤᠨ ᠴᠠᠭ ᠨᠢ ᠣᠳᠣᠬᠠᠨ᠎ᠤ 8 ᠴᠠᠭ᠎ᠠᠴᠠ ᠳᠡᠭᠡᠭᠰᠢ ᠪᠠᠢᠭᠰᠠᠨ᠎ᠠᠴᠠ᠎ᠪᠠᠨ 5 ᠴᠠᠭ ᠣᠷᠴᠢᠮ ᠪᠣᠯᠣᠨ ᠪᠠᠭᠠᠰᠤᠨ᠎ᠠ᠃ ᠲᠤᠰ ᠭᠠᠯᠲᠤ ᠲᠡᠷᠭᠡ ᠨᠢ ᠲᠠᠢ ᠽᠢ ᠴᠧᠩ ᠡᠴᠡ ᠰᠢᠯᠢᠩᠬᠣᠲᠠ ᠬᠦᠷᠬᠦ ᠲᠡᠮᠦᠷ ᠵᠠᠮ᠎ᠳᠤ ᠲᠦᠰᠢᠭᠯᠡᠨ᠂ ᠵᠢᠨᠢᠩ᠎ᠡᠴᠡ ᠲᠦᠩᠯᠢᠶᠣᠣ ᠬᠦᠷᠬᠦ ᠲᠡᠮᠦᠷ ᠵᠠᠮ᠎ᠢᠶᠠᠷ ᠳᠠᠮᠵᠢᠭᠤᠯᠤᠨ ᠬᠥᠬᠡᠬᠣᠲᠠ᠎ᠶᠢᠨ ᠬᠦᠢᠰᠦ ᠲᠠᠢ ᠵᠣᠯᠭᠠᠭᠤᠯᠵᠤ᠂ ᠰᠢᠯᠢ᠎ᠶᠢᠨ ᠭᠣᠣᠯ ᠠᠢᠮᠠᠭ᠂ ᠤᠯᠠᠭᠠᠨᠴᠠᠪ ᠬᠤᠳᠠ᠂ ᠬᠥᠬᠡᠬᠣᠲᠠ ᠭᠤᠷᠪᠠᠨ ᠶᠡᠬᠡ ᠣᠷᠣᠨ ᠪᠦᠰᠡ᠎ᠶᠢ ᠬᠣᠯᠪᠣᠵᠤ᠂ ᠰᠢᠯᠢ᠎ᠶᠢᠨ ᠭᠣᠣᠯ ᠠᠢᠮᠠᠭ ᠪᠣᠯᠣᠨ ᠣᠷᠣᠨ᠎ᠤ ᠲᠥᠪ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠬᠠᠮᠵᠢᠯᠴᠠᠨ ᠬᠥᠭᠵᠢᠬᠦ᠎ᠶᠢ ᠠᠬᠢᠭᠤᠯᠬᠤ᠂ ᠵᠠᠮ ᠳᠠᠭᠠᠤ᠎ᠶᠢᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠵᠤ ᠰᠠᠭᠤᠬᠤ᠎ᠳᠤ ᠲᠦᠬᠦᠮ ᠦᠵᠡᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号