《ᠨᠣᠭᠣᠭᠠᠨ ᠰᠡᠯᠡᠮ᠎ᠡ 2026》 ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠠᠵᠢᠯᠯᠠᠭ᠎ᠠ᠎ᠶᠢ ᠡᠬᠢᠯᠡᠭᠦᠯᠪᠡ
2026-03-19 10:59:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 17᠎ᠤ ᠡᠳᠦᠷ᠂ ᠥᠪᠥᠷ ᠮᠣᠩᠭᠣᠯ ᠣᠶ ᠰᠢᠭᠤᠢ ᠡᠪᠡᠰᠦ ᠪᠡᠯᠴᠢᠭᠡᠷ᠎ᠦᠨ ᠦᠷ᠎ᠡ ᠴᠢᠬᠢ᠎ᠶᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ 《ᠨᠣᠭᠣᠭᠠᠨ ᠰᠡᠯᠡᠮ᠎ᠡ 2026》 ᠠᠵᠢᠯᠯᠠᠭ᠎ᠠ᠎ᠶᠢ ᠡᠬᠢᠯᠡᠭᠦᠯᠵᠦ᠂ ᠴᠢᠩᠭ᠎ᠠ ᠬᠢᠨᠠᠨ ᠬᠠᠮᠢᠶᠠᠷᠤᠯᠳᠠ᠂ ᠨᠠᠷᠢᠯᠢᠭ᠋ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠪᠡᠷ ᠳᠠᠮᠵᠢᠨ ᠦᠷ᠎ᠡ ᠴᠢᠬᠢ᠎ᠶᠢᠨ ᠶᠠᠰᠤ ᠴᠢᠨᠠᠷ᠎ᠤᠨ ᠰᠡᠷᠭᠡᠢᠯᠡᠯᠲᠡ᠎ᠶᠢᠨ ᠱᠤᠭᠤᠮ᠎ᠢ ᠪᠠᠲᠤ ᠪᠡᠬᠢ ᠪᠠᠢᠭᠤᠯᠵᠤ᠂ ᠪᠥᠬᠥ ᠣᠷᠣᠨ᠎ᠤ 4000 ᠲᠦᠮᠡᠨ ᠮᠦ᠍ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠳᠦ ᠴᠢᠨᠠᠷ ᠰᠠᠢᠲᠠᠢ ᠦᠷ᠎ᠡ ᠴᠢᠬᠢ᠎ᠶᠢᠨ ᠪᠠᠲᠤᠯᠠᠭ᠎ᠠ ᠬᠠᠩᠭᠠᠵᠤ ᠪᠠᠢᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠦᠷ᠎ᠡ ᠴᠢᠬᠢ ᠵᠢᠨ ᠶᠡᠷᠦᠩᠬᠡᠢ ᠥᠷᠲᠡᠭᠡᠨ᠎ᠦ ᠳᠠᠷᠤᠭ᠎ᠠ ᠶᠠᠨ ᠵᠢᠶᠧ ᠲᠠᠨᠢᠯᠴᠠᠭᠤᠯᠬᠤ᠎ᠳᠠᠭᠠᠨ᠂ ᠲᠤᠰ ᠤᠳᠠᠭᠠᠨ᠎ᠤ ᠠᠵᠢᠯᠯᠠᠭ᠎ᠠ ᠵᠢ 11 ᠰᠠᠷ᠎ᠠ᠎ᠶᠢᠨ ᠰᠡᠭᠦᠯᠴᠢ ᠪᠣᠯᠲᠠᠯ᠎ᠠ ᠦᠷᠭᠦᠯᠵᠢᠯᠡᠬᠦᠯᠦᠨ᠎ᠡ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠵᠢ ᠰᠤᠭᠤᠴᠢᠨ ᠪᠠᠢᠴᠠᠭᠠᠬᠤ ᠪᠠ ᠠᠢᠮᠠᠭ ᠬᠣᠲᠠ᠂ ᠬᠣᠰᠢᠭᠤ ᠰᠢᠶᠠᠨ ᠲᠣᠭᠣᠷᠢᠭ᠋ ᠡᠴᠡ ᠪᠦᠬᠦ ᠲᠠᠯ᠎ᠠ᠎ᠪᠠᠷ ᠰᠤᠭᠤᠴᠢᠨ ᠪᠠᠢᠴᠠᠭᠠᠬᠤ᠎ᠶᠢ ᠤᠶᠠᠯᠳᠤᠭᠤᠯᠬᠤ ᠠᠷᠭ᠎ᠠ ᠎ᠪᠠᠷ ᠥᠷᠨᠢᠭᠦᠯᠵᠦ᠂ ᠦᠷ᠎ᠡ ᠴᠢᠬᠢ ᠵᠢᠨ ᠵᠠᠬ᠎ᠠ ᠳᠡᠯᠭᠡᠭᠦᠷ᠎ᠲᠦ ᠣᠷᠣᠰᠢᠵᠤ ᠪᠠᠢᠭ᠎ᠠ ᠲᠦᠭᠰᠢᠭᠦᠷᠢ᠎ᠶᠢᠨ ᠭᠡᠮ ᠰᠤᠭᠤᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠡᠵᠡᠩᠨᠡᠯᠳᠡ ᠵᠢᠨ ᠵᠥᠪᠰᠢᠶᠡᠷᠡᠯ᠎ᠦᠨ ᠦᠨᠡᠮᠯᠡᠯ ᠦᠭᠡᠢ᠂ ᠤᠷᠭᠤᠮᠠᠯ᠎ᠤᠨ ᠬᠢᠵᠢᠭ ᠪᠠᠢᠴᠠᠭᠠᠬᠤ ᠦᠨᠡᠮᠯᠡᠯ ᠦᠭᠡᠢ᠂ ᠱᠣᠰᠢᠭ᠎ᠠ ᠲᠡᠮᠳᠡᠭ ᠦᠭᠡᠢ ᠦᠢᠯᠡᠳᠪᠦᠷᠢᠯᠡᠯ ᠡᠵᠡᠩᠨᠡᠯᠲᠡ᠎ᠶᠢᠨ ᠦᠶ᠋ᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠠᠵᠢᠯ ᠲᠥᠷᠥᠯ᠎ᠦᠨ ᠭᠠᠭᠴᠠᠭᠠᠷ ᠡᠵᠡᠮᠰᠢᠯ᠂ ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠬᠤ᠂ ᠮᠠᠭᠤ ᠪᠠᠷ ᠰᠠᠢᠨ᠎ᠢ ᠣᠷᠣᠯᠠᠭᠤᠯᠬᠤ ᠵᠡᠷᠭᠡ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠰᠠᠮᠠᠭᠤᠷᠠᠭᠤᠯᠬᠤ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠲᠥᠪ ᠭᠣᠥᠯᠴᠢ ᠡᠮᠬᠢ ᠳᠢᠭ᠌ᠯᠢᠮ᠎ᠲᠠᠢ ᠦᠷ᠎ᠡ ᠴᠢᠬᠢ ᠵᠢᠨ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠎ᠢ ᠪᠣᠶ ᠪᠣᠯᠭᠠᠨ᠎ᠠ ᠬᠡᠪᠡ᠃

ᠤᠢᠯᠠᠭᠠᠭᠰᠠᠨ ᠵᠢᠡᠷ᠂ ᠲᠤᠰ ᠤᠳᠠᠭ᠎ᠠ᠎ᠶᠢᠨ ᠠᠵᠢᠯᠯᠠᠭ᠎ᠠ᠎ᠳᠤ ᠡᠪᠡᠰᠦᠨ ᠦᠷ᠎ᠡ᠎ᠶᠢᠨ 《ᠬᠣᠣᠰ ᠮᠡᠳᠡᠭᠦᠯᠦᠯᠲᠡ》 ᠵᠢᠨ ᠳᠦᠷᠢᠮ᠂ ᠴᠢᠬᠢ ᠮᠣᠳᠣ᠌᠎ᠶᠢ ᠬᠡᠷᠡᠭᠯᠡᠬᠦ ᠡᠴᠡ ᠡᠮᠦᠨᠡᠬᠢ 《ᠵᠠᠪᠠᠯ ᠪᠠᠢᠴᠠᠭᠠᠬᠤ》 ᠳᠦᠷᠢᠮ ᠎ᠢ ᠬᠡᠷᠡᠭᠵᠢᠭᠦᠯᠵᠦ᠂ 《ᠪᠠᠷᠢᠮᠵᠢᠶ᠎ᠠ᠎ᠳᠤ ᠬᠦᠷᠬᠦ ᠦᠭᠡᠢ ᠦᠷ᠎ᠡ᠎ᠶᠢ ᠲᠦᠷᠦᠯ ᠵᠦᠢᠯ᠎ᠳᠦ ᠣᠷᠣᠭᠤᠯᠬᠤ ᠦᠭᠡᠢ᠂ ᠬᠢᠷᠢ ᠲᠡᠩᠴᠡᠬᠦ ᠦᠭᠡᠢ ᠪᠣᠯ ᠴᠢᠬᠢ ᠮᠣᠳᠣ᠌᠎ᠶᠢ ᠲᠤᠬᠠᠢ᠎ᠶᠢᠨ ᠲᠠᠯᠠᠪᠠᠢ᠎ᠳᠤ ᠣᠷᠣᠭᠤᠯᠬᠤ ᠦᠭᠡᠢ》 ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠳᠤ 《ᠰᠠᠨᠠᠭ᠎ᠠ ᠠᠮᠤᠷ ᠲᠠᠷᠢᠬᠤ》᠂ 《ᠬᠢᠷᠢ ᠲᠡᠩᠴᠡᠭᠰᠡᠨ ᠴᠢᠬᠢ》 ᠬᠡᠷᠡᠭᠯᠡᠬᠦ᠎ᠶᠢ ᠪᠠᠲᠤᠯᠠᠨ᠎ᠠ᠃

ᠣᠢᠯᠠᠭᠠᠭᠰᠠᠨ᠎ᠢᠶᠠᠷ᠂ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠬᠡᠷᠡᠭᠵᠢᠭᠦᠯᠦᠭᠰᠡᠨ᠎ᠡᠴᠡ ᠨᠠᠭᠠᠰᠢ᠂ ᠥᠪᠥᠷ ᠮᠣᠩᠭᠣᠯ ᠦᠷ᠎ᠡ ᠴᠢᠬᠢ᠎ᠶᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢ ᠭᠣᠣᠯᠳᠠᠯᠭ᠎ᠠ᠎ᠶᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠪᠣᠭᠣᠮᠲᠠ᠎ᠶᠢ ᠤᠷᠤᠭ᠍ᠰᠢ ᠰᠢᠯᠵᠢᠭᠦᠯᠬᠦ᠂ ᠡᠬᠢ ᠡᠭᠦᠰᠦᠯ᠎ᠡᠴᠡ ᠨᠢ ᠵᠠᠰᠠᠬᠤ᠎ᠶᠢ ᠪᠠᠷᠢᠮᠲᠠᠯᠠᠨ᠂ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠶᠠᠰᠤ ᠴᠢᠨᠠᠷ᠎ᠤᠨ ᠡᠬᠢ ᠡᠭᠦᠰᠦᠯ᠎ᠦᠨ ᠪᠣᠭᠣᠮᠲᠠ᠎ᠶᠢ ᠡᠷᠡᠰ ᠪᠠᠲᠤ ᠰᠠᠬᠢᠭ᠍ᠰᠠᠨ ᠪᠠᠢᠨ᠎ᠠ᠃

ᠢᠷᠡᠯᠳᠡ᠄ ᠰᠢᠨᠬᠤᠸᠠ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号