ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠢᠯᠵᠠᠷᠠᠯ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠢᠷᠡᠭᠦᠯᠬᠦ ᠳᠠᠢᠴᠢᠯᠠᠯᠲᠠ ᠪᠠᠢᠷᠢᠯᠠᠭᠤᠯᠤᠯᠲᠠ᠎ᠶᠢᠨ ᠬᠤᠷᠠᠯ ᠬᠤᠷᠠᠯᠳᠤᠪᠠ
2026-03-19 11:45:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 16᠎ᠤ ᠡᠳᠦᠷ᠂ ᠰᠤᠷᠭᠠᠨ ᠬᠥᠮᠦᠵᠢᠯ᠎ᠦᠨ ᠶᠠᠮᠤᠨ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠢᠯᠵᠠᠷᠠᠯ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠢᠷᠡᠭᠦᠯᠬᠦ ᠳᠠᠢᠴᠢᠯᠠᠯᠲᠠ ᠪᠠᠢᠷᠢᠯᠠᠭᠤᠯᠤᠯᠲᠠ ᠎ᠶᠢᠨ ᠬᠤᠷᠠᠯ ᠬᠤᠷᠠᠯᠳᠤᠭᠤᠯᠪᠠ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠨᠡ ᠤᠳᠠᠭ᠎ᠠ᠎ᠶᠢᠨ ᠴᠡᠭᠴᠡᠯᠡᠨ ᠵᠠᠰᠠᠯᠲᠠ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠪᠦᠬᠦ ᠲᠠᠯ᠎ᠠ᠎ᠪᠠᠷ᠂ ᠭᠦᠨᠵᠡᠭᠡᠢ ᠪᠦᠭᠡᠳ ᠣᠨᠣᠪᠴᠢᠲᠠᠢ ᠣᠢᠯᠠᠭᠠᠬᠤ ᠬᠡᠷᠡᠭᠲᠡᠢ᠃ 《ᠪᠦᠬᠦ ᠲᠠᠯ᠎ᠠ᠎ᠪᠠᠷ ᠴᠢᠩᠭ᠎ᠠ ᠪᠠᠢᠬᠤ᠂ ᠦᠩᠭᠡᠨ ᠲᠠᠯ᠎ᠠ ᠦᠨᠳᠦᠰᠦ᠎ᠶᠢ ᠨᠢ ᠵᠡᠷᠭᠡᠪᠡᠷ ᠵᠠᠰᠠᠬᠤ᠂ ᠰᠢᠰᠲᠧᠮ ᠲᠠᠢ ᠠᠬᠢᠭᠤᠯᠬᠤ᠂ ᠭᠣᠣᠯᠳᠠᠯᠭ᠎ᠠ᠎ᠶᠢ ᠳᠣᠪᠣᠶ᠋ᠢᠯᠭᠠᠬᠤ᠂ ᠬᠠᠷᠢᠭᠤᠴᠠᠯᠭ᠎ᠠ ᠎ᠶᠢ ᠨᠡᠪᠲᠡᠷᠡᠭᠦᠯᠬᠦ᠂ ᠬᠠᠮᠵᠢᠯᠴᠠᠭᠰᠠᠨ ᠥᠨᠳᠥᠷ ᠪᠦᠲᠦᠮᠵᠢᠲᠠᠢ᠂ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠬᠤ᠂ ᠲᠣᠭᠲᠠᠭᠤᠨ ᠪᠠᠢᠬᠤ᠎ᠶᠢ ᠪᠠᠲᠤᠯᠠᠬᠤ》 ᠵᠠᠷᠴᠢᠮ ᠵᠢᠨᠷ᠂ ᠨᠢᠳᠤᠨᠤᠨ᠎ᠤ ᠶᠡᠬᠡ ᠳᠡᠭᠡᠳᠦ ᠰᠤᠷᠭᠠᠭᠤᠯᠢ᠎ᠶᠢᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠰᠢᠰᠲᠧᠮ᠎ᠲᠠᠢ ᠴᠡᠭᠴᠡᠯᠡᠨ ᠵᠠᠰᠠᠭᠰᠠᠨ ᠪᠠ ᠰᠠᠭᠤᠷᠢ ᠰᠤᠷᠭᠠᠨ ᠬᠥᠮᠦᠵᠢᠯ᠎ᠦᠨ ᠬᠦᠷᠢᠶᠡᠨ᠎ᠳᠡᠬᠢ 《ᠭᠤᠷᠪᠠᠨ ᠵᠦᠢᠯ᠎ᠢ ᠴᠡᠭᠴᠡᠯᠡᠨ ᠵᠠᠰᠠᠬᠰᠠᠨ》᠎ᠤ ᠰᠠᠭᠤᠷᠢᠨ ᠳᠡᠭᠡᠷ᠎ᠡ᠂ ᠡᠷᠬᠡ ᠲᠡᠭᠰᠢ ᠪᠤᠰᠤ ᠪᠠᠢᠬᠤ᠂ ᠨᠡᠶ᠋ᠢᠲᠡ᠎ᠶᠢᠨ ᠠᠰᠢᠭ᠋ ᠲᠤᠰᠠ᠎ᠶᠢ ᠬᠣᠬᠢᠷᠠᠭᠤᠯᠤᠬᠰᠠᠨ᠂ ᠬᠠᠤᠯᠢ ᠰᠠᠬᠢᠯᠭ᠎ᠠ᠎ᠶᠢ ᠵᠥᠷᠢᠴᠡᠭᠰᠡᠨ᠂ ᠤᠪᠤᠷ ᠰᠤᠷᠲᠠᠯ᠎ᠤᠨ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠤᠯᠠᠮ ᠨᠢᠭᠡ ᠠᠯᠬᠤᠮ ᠲᠥᠪᠯᠡᠷᠡᠭᠦᠵᠤ᠂ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠠᠵᠢᠯ᠎ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶᠢᠨ ᠠᠮᠢ ᠠᠬᠤᠢ ᠪᠠ ᠬᠥᠮᠥᠨ᠎ᠢ ᠬᠥᠮᠥᠵᠢᠭᠦᠯᠬᠦ ᠣᠷᠴᠢᠨ ᠲᠣᠭᠣᠷᠢᠨ᠎ᠢ ᠪᠣᠶ ᠪᠣᠯᠭᠠᠵᠤ᠂ ᠴᠢᠨᠠᠷ ᠰᠠᠢᠲᠠᠢ ᠰᠤᠷᠭᠠᠨ ᠬᠥᠮᠦᠵᠢᠯ᠎ᠦᠨ ᠰᠢᠰᠲᠧᠮ᠎ᠢ ᠲᠦᠷᠭᠡᠪᠴᠢᠯᠡᠨ ᠪᠠᠶ᠋ᠢᠭᠤᠯᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠡᠯ᠎ᠡ ᠭᠠᠵᠠᠷ᠎ᠤᠨ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠬᠢᠨ ᠤᠯᠤᠰ ᠲᠦᠷᠦ᠎ᠶᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠂ ᠵᠣᠬᠢᠶᠠᠨ ᠪᠠᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠪᠠᠨ ᠴᠢᠩᠭᠠᠳᠬᠠᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠵᠤ᠂ ᠯᠠᠪᠳᠠᠭᠤᠨ ᠪᠣᠯᠭᠣᠮᠵᠢᠲᠠᠢ᠎ᠪᠠᠷ ᠠᠬᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠰᠤᠷᠭᠠᠨ ᠬᠥᠮᠦᠵᠢᠯ᠎ᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ ᠵᠢᠨ ᠬᠢᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠪᠦᠬᠦ ᠲᠠᠯ᠎ᠠ ᠎ᠪᠠᠷ ᠴᠢᠩᠭ᠎ᠠ ᠰᠢᠢᠳᠬᠡᠬᠦ᠎ᠶᠢ ᠪᠠᠷᠢᠮᠲᠠᠯᠠᠵᠤ᠂ ᠵᠣᠷᠢᠭ᠍ᠲᠠᠢ᠎ᠪᠠᠷ ᠬᠠᠲᠠᠭᠤ᠎ᠲᠠᠢ ᠨᠢ ᠬᠠᠯᠳᠠᠵᠤ᠂ ᠴᠡᠭᠴᠡᠯᠡᠨ ᠵᠠᠰᠠᠬᠤ ᠠᠵᠢᠯ᠎ᠢ ᠡᠮᠬᠢ ᠵᠢᠷᠤᠮ᠎ᠲᠠᠢ ᠠᠬᠢᠭᠤᠯᠬᠤ᠎ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠰᠤᠷᠭᠠᠨ ᠬᠥᠮᠦᠵᠢᠯ᠎ᠤᠨ ᠪᠢᠴᠢᠯ ᠨᠡᠢᠲᠡᠯᠡᠯ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号