《ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠪᠡᠯᠡᠳᠬᠡᠯ ᠠᠯᠪᠠᠨ᠎ᠤ ᠬᠥᠮᠥᠰ᠎ᠦᠨ ᠦᠨᠡᠮᠯᠡᠯ》᠎ᠢ ᠡᠬᠢᠯᠡᠵᠦ ᠬᠡᠷᠡᠭᠯᠡᠪᠡ
2026-03-19 14:52:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠦᠬᠦ ᠴᠡᠷᠢᠭ᠎ᠦᠨ ᠨᠢᠭᠡᠳᠦᠯᠲᠡᠢ ᠲᠣᠭᠲᠠᠭᠠᠨ ᠲᠠᠷᠬᠠᠭᠠᠭᠰᠠᠨ 《ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠪᠡᠯᠡᠳᠬᠡᠯ ᠠᠯᠪᠠᠨ᠎ᠤ ᠬᠥᠮᠥᠰ᠎ᠦᠨ ᠦᠨᠡᠮᠯᠡᠯ》 (ᠳᠣᠷᠣᠭ᠍ᠰᠢ 《ᠪᠡᠯᠡᠳᠬᠡᠯ ᠠᠯᠪᠠᠨ᠎ᠤ ᠬᠥᠮᠥᠰ᠎ᠦᠨ ᠦᠨᠡᠮᠯᠡᠯ》 ᠭᠡᠵᠦ ᠲᠣᠪᠴᠢᠯᠠᠨ᠎ᠠ)᠎ᠢ ᠣᠢᠷ᠎ᠠ᠎ᠳᠤ ᠵᠢᠩᠬᠢᠨᠢ᠎ᠪᠡᠷ ᠡᠬᠢᠯᠡᠵᠦ ᠬᠡᠷᠡᠭᠯᠡᠪᠡ᠃


QQ截图20260209113408.png


《ᠪᠡᠯᠡᠳᠬᠡᠯ ᠠᠯᠪᠠᠨ᠎ᠤ ᠬᠥᠮᠥᠰ᠎ᠦᠨ ᠦᠨᠡᠮᠯᠡᠯ》 ᠨᠢ ᠨᠡᠯᠢᠶᠡᠳ ᠥᠨᠳᠥᠷ ᠬᠡᠮᠵᠢᠶ᠎ᠠ ᠵᠢᠨ ᠬᠠᠭᠤᠷᠮᠠᠭ᠎ᠢ ᠰᠡᠷᠭᠡᠢᠯᠡᠬᠦ ᠴᠢᠨᠠᠷ ᠪᠠ ᠨᠡᠢᠳᠡᠮ ᠢᠯᠭᠠᠬᠳᠠᠬᠤ ᠴᠢᠨᠠᠷ ᠲᠠᠢ᠂ ᠪᠡᠯᠡᠳᠬᠡᠯ ᠠᠯᠪᠠᠨ᠎ᠤ ᠬᠥᠮᠥᠰ᠎ᠦᠨ ᠬᠤᠪᠢ ᠪᠡᠶ᠎ᠡ ᠵᠢᠨ ᠬᠢᠷᠢ ᠭᠡᠮ᠎ᠢ ᠭᠡᠷᠡᠴᠢᠯᠡᠬᠦ ᠬᠦᠴᠦᠨ ᠪᠦᠬᠦᠢ ᠭᠡᠷᠡᠴᠢ ᠦᠨᠡᠮᠯᠡᠯ ᠮᠥᠨ᠂ ᠭᠡᠷᠡᠴᠢ ᠦᠨᠡᠮᠯᠡᠯ᠎ᠦᠨ ᠨᠣᠮᠧᠷ ᠨᠢ ᠰᠢᠰᠲᠧᠮ᠎ᠡᠴᠡ ᠪᠤᠢ ᠪᠣᠯᠤᠭᠰᠠᠨ ᠴᠤᠷ᠎ᠤᠨ ᠭᠠᠭᠴᠠ ᠪᠡᠶ᠎ᠡ᠎ᠶᠢᠨ ᠦᠨᠡᠮᠯᠡᠯ᠎ᠦᠨ ᠨᠣᠮᠧᠷ ᠪᠤᠯᠤᠨ᠎ᠠ᠃ 《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠡᠯᠡᠳᠬᠡᠯ ᠠᠯᠪᠠᠨ᠎ᠤ ᠬᠥᠮᠥᠰ᠎ᠦᠨ ᠬᠠᠤᠯᠢ》᠎ᠶᠢ ᠨᠡᠢᠲᠡᠯᠡᠵᠦ ᠬᠡᠷᠡᠭᠵᠢᠭᠦᠯᠦᠭᠰᠡᠨ᠎ᠦ ᠲᠡᠷᠡᠭ᠎ᠠ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠲᠦ ᠬᠠᠤᠯᠢ ᠶᠣᠰᠣᠭᠠᠷ ᠪᠡᠯᠡᠳᠬᠡᠯ ᠠᠯᠪᠠ ᠬᠠᠭᠠᠬᠤ ᠪᠡᠯᠡᠳᠬᠡᠯ ᠠᠯᠪᠠᠨ᠎ᠤ ᠣᠹᠢᠼᠧᠷ᠂ ᠪᠡᠯᠡᠳᠬᠡᠯ ᠠᠯᠪᠠᠨ᠎ᠤ ᠪᠠᠢᠯᠳᠤᠭ᠍ᠴᠢ ᠪᠠ ᠪᠡᠯᠡᠳᠬᠡᠯ ᠠᠯᠪᠠᠨ᠎ᠤ ᠴᠡᠷᠢᠭ᠎ᠲᠦ ᠣᠯᠭᠣᠨ᠎ᠠ᠃ 《ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠪᠡᠯᠡᠳᠬᠡᠯ ᠠᠯᠪᠠᠨ᠎ᠤ ᠣᠹᠢᠼᠧᠷ᠎ᠦᠨ ᠦᠨᠡᠮᠯᠡᠯ》᠎ᠢ ᠳᠠᠷᠤᠢᠬᠠᠨ ᠬᠦᠴᠦᠨ ᠦᠭᠡᠢ ᠪᠣᠯᠭᠠᠨ᠎ᠠ᠃


QQ截图20260317152916.png


ᠣᠢᠯᠠᠭᠠᠭᠰᠠᠨ᠎ᠢᠶᠠᠷ᠂ 《ᠪᠡᠯᠡᠳᠬᠡᠯ ᠠᠯᠪᠠᠨ᠎ᠤ ᠬᠥᠮᠥᠰ᠎ᠦᠨ ᠦᠨᠡᠮᠯᠡᠯ》᠎ᠳᠤ ᠬᠠᠭᠤᠷᠮᠠᠭ᠎ᠢ ᠰᠡᠷᠭᠡᠢᠯᠡᠬᠦ ᠣᠯᠠᠨ ᠵᠦᠢᠯ᠎ᠦᠨ ᠮᠡᠷᠭᠡᠵᠢᠯ᠎ᠢ ᠬᠡᠷᠡᠭᠯᠡᠵᠦ᠂ ᠳᠣᠲᠣᠷ ᠲᠠᠯ᠎ᠠ ᠨᠢ ᠭᠠᠭᠴᠠ ᠨᠢᠭᠤᠷ᠎ᠢᠶᠠᠷ ᠨᠤᠭᠤᠯᠬᠤ ᠮᠠᠶᠢᠭ᠋᠎ᠤᠨ ᠪᠠᠢᠵᠤ᠂ ᠦᠨᠡᠮᠯᠡᠯ᠎ᠦᠨ ᠠᠭᠤᠯᠭ᠎ᠠ᠎ᠳᠤ ᠭᠣᠣᠯᠳᠠᠭᠤ ᠣᠪᠣᠭ ᠨᠡᠷ᠎ᠡ᠂ ᠲᠥᠷᠥᠭᠰᠡᠨ ᠣᠨ ᠰᠠᠷ᠎ᠠ ᠵᠡᠷᠭᠡ ᠮᠡᠳᠡᠭᠡ ᠵᠠᠩᠭᠢ ᠪᠠᠭᠲᠠᠨ᠎ᠠ᠃ ᠪᠡᠯᠡᠳᠬᠡᠯ ᠠᠯᠪᠠᠨ᠎ᠤ ᠬᠥᠮᠥᠰ ᠡᠷᠬᠡᠪᠰᠢ ᠥᠪᠡᠷ᠎ᠦᠨ ᠪᠣᠳᠠᠲᠠᠢ ᠪᠡᠶ᠎ᠡ ᠬᠡᠮ ᠲᠠᠢ᠎ᠪᠡᠨ ᠨᠡᠢᠴᠡᠭᠰᠡᠨ 《ᠪᠡᠯᠡᠳᠬᠡᠯ ᠠᠯᠪᠠᠨ᠎ᠤ ᠬᠥᠮᠥᠰ᠎ᠦᠨ ᠦᠨᠡᠮᠯᠡᠯ》᠎ᠢ ᠠᠪᠴᠤ ᠬᠡᠷᠡᠭᠯᠡᠬᠦ ᠬᠡᠷᠡᠭᠲᠡᠢ᠂ ᠴᠡᠷᠢᠭ ᠠᠩᠬᠢ ᠲᠦᠷᠦᠯ ᠢᠯᠭᠠᠯ᠂ ᠪᠡᠯᠡᠳᠬᠡᠯ ᠠᠯᠪᠠᠨ᠎ᠤ ᠴᠡᠷᠢᠭ᠎ᠦᠨ ᠴᠣᠯᠠ᠎ᠶᠢᠨ ᠬᠤᠪᠢᠷᠠᠯᠲᠠ ᠵᠢᠴᠢ ᠦᠨᠡᠮᠯᠡᠯ᠎ᠦᠨ ᠬᠦᠴᠦᠨ᠎ᠲᠠᠢ ᠬᠤᠭᠤᠴᠠᠭ᠎ᠠ ᠳᠦᠭᠦᠷᠦᠭᠰᠡᠨ ᠵᠡᠷᠭᠡ ᠪᠠᠢᠳᠠᠯ ᠭᠠᠷᠪᠠᠯ᠂ ᠦᠨᠡᠮᠯᠡᠯ ᠣᠯᠭᠣᠭᠰᠠᠨ ᠪᠠᠢᠭᠤᠯᠭ᠎ᠠ᠎ᠠᠴᠠ ᠴᠠᠭ ᠲᠤᠬᠠᠢ ᠳ᠋ᠤᠨᠢ ᠬᠢᠨᠠᠨ ᠬᠠᠷᠭᠤᠭᠤᠯᠵᠤ᠂ ᠦᠨᠡᠮᠯᠡᠯ᠎ᠢ ᠨᠢ ᠰᠣᠯᠢᠵᠤ ᠥᠭᠬᠦ ᠬᠡᠷᠡᠭᠲᠡᠢ᠃

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号